ᠰᠦᠢ ᠸᠧᠢ ᠵᠢᠶᠦ᠋ᠨ ᠰᠢᠩ ᠡᡁᠧ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠡᠷᠡᠭᠦᠯ ᠲᠣᠭᠲᠠᠭᠤᠨ ᠤᠢ ᠰᠢᠭᠤᠢ ᠡᠪᠡᠰᠦᠨ ᠤ ᠠᠮᠢ ᠠᠬᠤᠢ ᠶᠢᠨ ᠰᠢᠰᠲᠧᠮ ᠢ ᠪᠠᠶᠢᠭᠤᠯᠵᠤ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2022/4/6
     4 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ᠂ ᠠᠶᠤᠯᠭᠦᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠲᠠ ᠶᠢᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠣᠶ ᠰᠢᠭᠤᠶ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃ ᠲᠡᠷᠡ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠷᠡᠭᠦᠯ ᠲᠣᠭᠲᠠᠭᠤᠨ ᠤᠢ ᠰᠢᠭᠤᠢ ᠡᠪᠡᠰᠦᠨ ᠤ ᠠᠮᠢ ᠠᠬᠤᠢ ᠶᠢᠨ ᠰᠢᠰᠲᠧᠮ ᠢ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠃ ᠰᠦᠢ ᠸᠧᠢ ᠵᠢᠶᠦ᠋ᠨ ᠨᠡᠷ ᠰᠢᠩ ᠡᡁᠧ ᠰᠢᠶᠠᠨ ᠤ ᠠᠤᠭ᠎ᠠ ᠶᠡᠭᠡ ᠢᠯᠴᠢ ᠶᠢᠨ ᠴᠠᠬᠢᠯᠭᠠᠨ ᠤ ᠦᠢᠯᠡᠳᠪᠦᠷᠢ ᠳᠤ ᠬᠦᠷᠴᠦ᠂ ᠲᠤᠬᠠᠢ ᠶᠢᠨ ᠭᠠᠵᠠᠷ ᠲᠤᠨᠢ ᠢᠯᠴᠢ ᠬᠠᠩᠭᠠᠬᠤ ᠮᠠᠰᠢᠨ ᠴᠣᠭᠴᠠᠯᠠᠪᠤᠷᠢ᠂ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠤᠨ ᠠᠵᠢᠯᠯᠠᠭ᠎ᠠ ᠶᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭ᠎ᠠ ᠠᠳᠬᠤᠵᠤ ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯ ᠤᠨ ᠪᠠᠶᠢᠷᠢ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠦᠯ ᠢ ᠬᠡᠷᠡᠮ ᠳᠤ ᠭᠠᠷᠭᠠᠵᠤ᠂ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠲᠤᠤᠷᠴᠢᠯᠠᠭᠰᠠᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠶᠤᠨᠴᠢᠯᠠᠭᠰᠠᠨ ᠬᠠᠮᠢᠶᠠᠷᠤᠯᠲᠠ ᠡᠵᠡᠮᠳᠡᠯ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠵᠢᠭᠰᠠᠭᠠᠨ ᠪᠠᠶᠢᠴᠠᠭᠠᠬᠤ ᠬᠠᠮᠢᠶᠠᠷᠤᠯᠲᠠ ᠶᠢᠨ ᠡᠬᠡ ᠲᠠᠩᠰᠠ ᠶᠢ ᠪᠦᠷᠢᠨᠰᠢᠬᠦᠯᠵᠦ᠂ ᠵᠢᠷᠤᠮᠵᠢᠯ ᠲᠠᠢ ᠠᠵᠢᠯᠯᠠᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠳ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ ᠠᠯᠬᠤᠴᠠ ᠪᠠᠨ ᠲᠦᠷᠭᠡᠳᠬᠡᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠬᠤᠷᠣᠭᠳᠠᠯ ᠢ ᠪᠠᠭᠠᠰᠬᠠᠬᠤ᠂ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃    ᠣᠳᠣᠬᠠᠨ ᠳᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠦᠶ᠎ᠡ᠃ ᠰᠦᠢ ᠸᠧᠢ ᠵᠢᠶᠦ᠋ᠨ ᠰᠤᠮᠤᠨ ᠤ ᠠᠭᠤᠯᠠ ᠰᠢᠭᠤᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠲᠤᠨᠢ ᠭᠠᠯ ᠰᠡᠷᠭᠡᠶᠢᠯᠡᠬᠦ ᠬᠦᠴᠦᠨ ᠪᠣᠯᠤᠨ ᠲᠤᠨᠤᠭ ᠲᠥᠬᠦᠭᠡᠷᠦᠮᠵᠢ ᠶᠢᠨ ᠪᠠᠲᠤᠯᠠᠪᠤᠷᠢ ᠶᠢᠨ ᠪᠠᠶᠢᠳᠠᠯ ᠢ ᠣᠶᠢᠯᠠᠭᠠᠵᠤ᠂ ᠲᠤᠬᠠᠢ ᠶᠢᠨ ᠭᠠᠵᠠᠷ ᠲᠤᠨᠢ ᠭᠠᠯ ᠤᠨ ᠪᠠᠶᠢᠳᠠᠯ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠠᠶᠢᠴᠠᠭᠠᠪᠠ᠃ ᠲᠡᠷᠡ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠦᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ᠃ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠴᠢᠩᠭᠠᠳᠬᠠᠵᠤ᠂ ᠭᠠᠯ ᠤᠨ ᠠᠶᠤᠯ ᠤᠨ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠵᠣᠷᠢᠭᠤᠳᠠ ᠶᠢᠨ ᠬᠦᠴᠦᠨ ᠵᠦᠢᠯ ᠠᠴᠠ ᠪᠣᠯᠵᠣ ᠭᠠᠯ ᠤᠨ ᠭᠠᠮᠰᠢᠭ ᠤᠨ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠶ᠃ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠪᠠ ᠠᠪᠤᠷᠠᠨ ᠲᠤᠰᠠᠯᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃    ᠰᠤᠮᠤᠨ ᠤ ᠠᠭᠤᠯᠠ ᠰᠢᠭᠤᠢ ᠶᠢᠨ ᠲᠠᠯᠠᠪᠠᠢ ᠳᠤ᠂ ᠰᠦᠢ ᠸᠧᠢ ᠵᠢᠶᠦ᠋ᠨ ᠮᠣᠳᠣᠨ ᠬᠥᠭᠦᠷᠭᠡ ᠶᠢᠨ ᠵᠠᠮ ᠢᠶᠠᠷ ᠳᠡᠭᠲᠡᠷ ᠢ ᠲᠠᠭᠠᠨ ᠭᠠᠷᠴᠤ᠂ ᠨᠢᠭᠡ ᠵᠠᠮ ᠢᠶᠠᠷ ᠶᠠᠪᠤᠵᠤ᠂ ᠰᠤᠮᠤᠨ ᠤ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠳᠠ ᠶᠢᠨ ᠲᠡᠰ ᠤᠨ ᠤᠢ ᠰᠢᠭᠤᠢ ᠶᠢᠨ ᠳᠠᠷᠤᠭ᠎ᠠ ᠶᠢᠨ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠡᠢ᠃ ᠲᠡᠷᠡ᠂ ᠰᠤᠮᠤ ᠠᠭᠤᠯᠠ ᠪᠣᠯ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠳᠡᠶᠢᠯᠦᠩᠭᠦᠢ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠢ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠢ ᠰᠢᠭᠤᠶ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠰᠢᠰᠲ᠋ᠧᠮ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠬᠠᠷᠠᠯᠲᠠ ᠶᠢᠨ ᠰᠢᠰᠲ᠋ᠧᠮ᠂ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠢ ᠰᠢᠭᠤᠶ ᠶᠢᠨ ᠳᠠᠷᠤᠭ᠎ᠠ ᠶᠢᠨ ᠳᠦᠷᠢᠮ ᠢ ︽ᠪᠦᠬᠦ ᠲᠠᠯ᠎ᠠ ᠪᠠᠷ ᠪᠠᠶᠢᠭᠤᠯᠬᠤ︾ ᠠᠴᠠ ︽ᠪᠦᠬᠦ ᠲᠠᠯ᠎ᠠ ᠪᠠᠷ ᠦᠷ᠎ᠡ ᠪᠦᠲᠦᠮᠵᠢ ᠤᠯᠬᠤ︾ ᠪᠣᠯᠭᠠᠨ ᠠᠬᠢᠭᠤᠯᠬᠤ ᠬᠡᠷᠡᠭᠲᠡᠶ᠃                 ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                 ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                 ᠤᠷᠴᠢᠭᠤᠯᠤᠭᠴᠢ᠄ ᠨᠠᠷᠠᠰᠤ                 ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3