ᠸᠠᠩ ᠬᠤᠢ ᠢᠦᠶ ᠴᠧᠩ ᠭᠤᠸᠠᠨ ᠪᠠᠯᠭᠠᠰᠤ᠂ ᠳ᠋ᠠ ᠲᠦᠩ ᠶᠣᠣ ᠰᠢᠶᠠᠩ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠶ ᠰᠢᠭᠤᠶ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠨᠢᠭᠡᠳᠦᠭᠡᠷ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/4/6
     2022 ᠣᠨ ᠤ 4 ᠰᠠᠷ᠎ᠠ ᠶᠢᠨ 6 ᠤ ᠡᠳᠦᠷ ᠰᠢᠩ ᠡᡁᠧ ᠶᠢᠨ ᠴᠢᠬᠤᠯᠠ ᠮᠡᠳᠡᠭᠡ ᠸᠠᠩ ᠬᠤᠢ ᠢᠦᠢ ᠴᠧᠩ ᠭᠤᠸᠠᠨ ᠪᠠᠯᠭᠠᠰᠤ᠂ ᠳ᠋ᠠ ᠲᠦᠩ ᠶᠣᠣ ᠰᠢᠶᠠᠩ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃
     ᠴᠧᠩ ᠭᠤᠸᠠᠨ ᠪᠠᠯᠭᠠᠰᠤᠨ ᠤ ᠶᠠᠩ ᠭᠤᠸᠠᠩ ᠨᠢᠭᠡᠳᠦᠭᠡᠷ ᠬᠤᠭᠤᠴᠠᠭᠠᠨ ᠤ ᠲᠣᠭᠤᠷᠢᠭ ᠲᠤ᠂ ᠸᠠᠩ ᠬᠤᠢ ᠢᠦᠢ ᠰᠠᠭᠤᠭᠠᠯᠢ ᠠᠷᠠᠳ ᠤᠨ ᠲᠣᠭᠤᠷᠢᠭ ᠤᠨ ᠮᠡᠳᠡᠭᠡ ᠵᠠᠩᠭᠢ ᠶᠢ ᠣᠶᠢᠯᠠᠭᠠᠬᠤ᠂ ᠤᠬᠠᠭᠤᠯᠵᠤ ᠢᠳᠬᠠᠬᠤ᠂ ᠺᠣᠳ᠋ ᠰᠢᠷᠪᠢᠵᠦ ᠳᠠᠩᠰᠠᠯᠠᠬᠤ᠂ ᠬᠥᠮᠦᠰ ᠢ ᠬᠠᠮᠢᠶᠠᠷᠤᠨ ᠡᠵᠡᠮᠳᠡᠬᠦ᠂ ᠵᠢᠵᠢᠭᠦᠷᠯᠡᠵᠦ ᠵᠢᠵᠢᠭᠦᠷᠯᠡᠨ ᠰᠠᠬᠢᠬᠤ ᠵᠡᠷᠭᠡ ᠬᠠᠮᠢᠶ᠎ᠠ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠤᠬᠠᠢ ᠶᠢᠨ ᠲᠠᠯᠠᠪᠠᠢ ᠳᠤ ᠡᠷᠡᠭᠦᠯ ᠮᠡᠨᠳᠦ ᠶᠢᠨ ᠺᠣᠳ᠋ ᠪᠣᠯᠤᠨ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠵᠢᠭᠠᠨ ᠵᠢᠯᠣᠭᠤᠳᠴᠤ᠂ ᠲᠡᠷᠡ ᠴᠢᠬᠤᠯᠠᠴᠢᠯᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠨᠡᠶᠢᠭᠡᠮ ᠲᠣᠭᠤᠷᠢᠭ ᠤᠨ ᠺᠠᠳ᠋ᠷ ᠪᠣᠯᠤᠨ ᠪᠠᠭ᠎ᠠ ᠲᠣᠭᠤᠷᠢᠭ ᠤᠨ ᠵᠢᠵᠢᠭᠦᠷᠯᠡᠨ ᠰᠠᠬᠢᠬᠤ ᠬᠥᠮᠦᠰ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠬᠦᠰᠡᠬᠦ ᠰᠡᠳᠬᠢᠴᠡ᠂ ᠳᠠᠶᠢᠨ ᠠᠴᠠ ᠵᠢᠭᠰᠢᠬᠦ ᠰᠡᠳᠬᠢᠴᠡ ᠪᠠᠨ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠴᠠ ᠰᠡᠷᠭᠡᠭ ᠴᠢᠨᠠᠷ᠂ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠣᠷᠣᠬᠤ ᠪᠣᠭᠤᠮᠲᠠ ᠶᠢ ᠰᠠᠶᠢᠲᠤᠷ ᠰᠠᠬᠢᠵᠤ᠂ ᠵᠢᠭᠰᠠᠭᠠᠨ ᠪᠠᠶᠢᠴᠠᠭᠠᠬᠤ ᠪᠣᠭᠤᠮᠲᠠ ᠶᠢ ᠪᠣᠳᠠᠲᠠᠢ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠪᠥᠭᠡᠳ ᠨᠠᠷᠢᠯᠢᠭ ᠪᠥᠭᠡᠳ ᠪᠣᠳᠠᠲᠠᠢ ᠬᠢᠬᠦ ᠬᠡᠷᠡᠭᠲᠡᠢ︔ ᠣᠷᠣᠵᠤ ᠭᠠᠷᠬᠤ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠤᠬᠠᠮᠰᠠᠷ ᠠᠴᠠ ᠪᠠᠨ ᠠᠮᠠᠪᠴᠢ ᠵᠡᠭᠦᠬᠦ ᠶᠢ ᠬᠥᠲᠥᠯᠦᠨ ᠵᠢᠯᠣᠭᠤᠳᠴᠤ᠂ ᠲᠥᠪᠯᠡᠷᠡᠬᠦ ᠪᠠ ᠰᠢᠯᠵᠢᠬᠦ ᠶᠢ ᠪᠠᠭᠠᠰᠬᠠᠬᠤ ᠬᠡᠷᠡᠭᠲᠡᠶ︔ ᠬᠠᠮᠢᠶᠠᠷᠤᠨ ᠡᠵᠡᠮᠳᠡᠬᠦ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠠᠶᠢᠨ ᠲᠤᠷᠰᠢᠯᠭ᠎ᠠ ᠪᠠ ᠠᠷᠭ᠎ᠠ ᠪᠠᠷ ᠲᠤᠯᠢ ᠪᠣᠯᠭᠠᠵᠤ᠂ ᠪᠠᠶᠢᠴᠠᠭᠠᠨ ᠰᠢᠯᠭᠠᠬᠤ ᠶᠠᠪᠤᠴᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ︾ ᠳᠡᠶᠢᠯᠬᠦ ᠮᠥᠷᠲᠡᠭᠡᠨ ᠰᠠᠭᠤᠭᠠᠯᠢ ᠠᠷᠠᠳ ᠤᠨ ᠬᠡᠪ ᠤᠨ ᠪᠠᠶᠢᠳᠠᠯ ᠢᠶᠠᠷ ᠨᠡᠪᠲᠡᠷᠡᠬᠦ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ︔ ᠦᠨᠳᠦᠰᠦᠨ ᠱᠠᠲᠤᠨ ᠤ ᠺᠠᠳ᠋ᠷ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠢ ᠬᠠᠯᠠᠮᠵᠢᠯᠠᠨ ᠬᠠᠶᠢᠷᠠᠯᠠᠵᠤ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠷ ᠮᠥᠷᠯᠡᠵᠦ᠂ ᠡᠯ᠎ᠡ ᠵᠦᠢᠯ ᠤᠨ ᠪᠠᠲᠤᠯᠠᠪᠤᠷᠢ ᠶᠢᠨ ᠠᠵᠢᠯ ᠢ ᠰᠠᠶᠢᠲᠤᠷ ᠬᠢᠵᠦ᠂ ᠥᠪᠡᠷ ᠢ ᠪᠠᠨ ᠬᠠᠮᠠᠭᠠᠯᠠᠬᠤ ᠶᠢ ᠴᠢᠩᠭᠠᠳᠬᠠᠵᠤ᠂ ᠤᠯᠠᠨ ᠢ ᠪᠡᠶ᠎ᠡ ᠮᠠᠬᠠᠪᠣᠳ ᠡᠷᠡᠭᠦᠯ ᠴᠢᠭᠢᠷᠠᠭ᠂ ᠴᠤᠭ ᠵᠢᠪᠬᠤᠭ᠎ᠠ ᠲᠠᠢ ᠠᠵᠢᠯ ᠤᠨ ᠪᠠᠶᠢᠳᠠᠯ ᠢᠶᠠᠷ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠣᠯᠭᠠᠬᠤ ᠬᠡᠷᠡᠭᠲᠡᠢ᠃
     ᠳ᠋ᠠ ᠲᠦᠩ ᠶᠣᠣ ᠰᠢᠶᠠᠩ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠣᠭᠤᠮᠲᠠ ᠳᠤ᠂ ᠸᠠᠩ ᠬᠤᠢ ᠢᠦᠢ ᠬᠠᠩᠰᠢ ᠶᠢᠨ ᠡᠳᠦᠷ ᠤᠨ ᠳᠠᠬᠢᠯᠭ᠎ᠠ ᠱᠦᠭᠦᠷᠳᠡᠯᠲᠡ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠲᠡᠷᠭᠡ ᠬᠥᠰᠬᠡ ᠣᠯᠠᠰᠢᠷᠠᠵᠤ ᠪᠠᠶᠢᠭ᠎ᠠ ᠪᠣᠯᠬᠤᠷ ᠳᠠᠩᠰᠠᠯᠠᠬᠤ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠨᠣᠮᠧᠷ ᠢ ᠰᠢᠯᠭᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠰᠢᠭᠤᠶᠢᠲᠤ ᠣᠷᠣᠨ ᠳᠤ ᠭᠠᠯ ᠢ ᠠᠪᠴᠢᠷᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠪᠣᠳᠠᠲᠠᠢ ᠴᠢᠩᠭ᠎ᠠ ᠠᠳᠬᠤᠬᠤ ᠬᠡᠷᠡᠭᠲᠡᠢ︔ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠬᠠᠤᠯᠢ ᠶᠣᠰᠣᠭᠠᠷ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠠᠶᠢᠩᠭᠤ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠠᠩᠰᠢ ᠵᠡᠷᠭᠡ ᠵᠠᠩᠭᠢᠯᠠᠭ᠎ᠠ ᠶᠢᠨ ᠴᠠᠭ ᠲᠤ ᠲᠣᠭᠤᠷᠢᠨ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠤᠢ ᠰᠢᠭᠤᠢ ᠶᠢᠨ ᠲᠦᠢᠮᠡᠷ ᠤᠨ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ︔ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠰᠡᠷᠭᠡᠶᠢᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠪᠠ ᠪᠣᠯᠪᠠᠰᠤᠨ ᠢᠶᠠᠷ ᠳᠠᠬᠢᠯᠭ᠎ᠠ ᠬᠢᠵᠦ᠂ ᠬᠠᠩᠰᠢ ᠶᠢᠨ ᠳᠠᠬᠢᠯᠭ᠎ᠠ ᠶᠢᠨ ᠠᠮᠤᠷ ᠲᠦᠪᠰᠢᠨ ᠪᠣᠯᠪᠠᠰᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃
     G7 ᠲᠦᠷᠭᠡᠨ ᠳᠠᠪᠬᠢᠬᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠤᠨ ᠪᠣᠭᠤᠮᠲᠠ ᠳᠤ᠂ ᠸᠠᠩ ᠬᠤᠢ ᠢᠦᠶ ᠪᠣᠭᠤᠮᠲᠠ ᠶᠢᠨ ᠠᠵᠢᠯᠲᠠᠨ ᠤ ᠲᠣᠬᠢᠷᠠᠭᠤᠯᠤᠯᠲᠠ᠂ ᠮᠡᠳᠡᠭᠡ ᠵᠠᠩᠭᠢ ᠶᠢᠨ ᠪᠠᠶᠢᠴᠠᠭᠠᠯᠲᠠ᠂ ᠲᠡᠷᠭᠡ ᠬᠥᠰᠬᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠠᠮᠠᠭᠠᠯᠠᠯᠲᠠ᠂ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ᠂ ᠪᠠᠴᠢᠮ ᠪᠠᠶᠢᠳᠠᠯ ᠢ ᠰᠢᠢᠳᠪᠦᠷᠢᠯᠡᠬᠦ ᠵᠢᠷᠤᠮ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠰᠠᠶᠢᠬᠠᠨ ︽ᠬᠠᠩᠰᠢ︾ ᠶᠢᠨ ᠠᠮᠠᠷᠠᠯᠲᠠ ᠶᠢᠨ ᠬᠤᠭᠤᠴᠠᠭᠠᠨ ᠳᠤ ᠪᠠᠶᠢᠨ᠎ᠠ᠂ ᠨᠤᠲᠤᠭ ᠲᠠᠭᠠᠨ ᠬᠠᠷᠢᠭᠰᠠᠳ ᠤᠨ ᠰᠢᠯᠵᠢᠯᠲᠡ ᠶᠢᠨ ᠴᠢᠨᠠᠷ ᠶᠡᠭᠡ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠪᠣᠭᠤᠮᠲᠠ ᠶᠢ ᠴᠢᠩᠭ᠎ᠠ ᠠᠳᠬᠤᠵᠤ᠂ ᠬᠥᠮᠦᠨ ᠲᠡᠷᠭᠡ ᠪᠣᠳᠠᠰ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢᠨ ᠬᠥᠮᠦᠰ ᠤᠨ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠬᠥᠮᠦᠰ ᠤᠨ ᠮᠡᠳᠡᠭᠡ ᠵᠠᠩᠭᠢ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ ᠰᠡᠷᠭᠡᠶᠢᠯᠡᠨ ᠦᠬᠦᠮᠡᠯ ᠢᠶᠠᠷ ᠰᠠᠬᠢᠬᠤ ᠶᠢ ᠪᠠᠲᠤᠯᠠᠵᠤ᠂ ᠨᠢᠭᠡ ᠲᠡᠷᠭᠡ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ︽ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾ ᠴᠢᠬᠤᠯᠠ ᠪᠣᠭᠤᠮᠲᠠ ᠶᠢ ᠡᠷᠡᠰ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ︔ ᠪᠣᠳᠠᠲᠠᠶ ᠪᠠᠶᠢᠳᠠᠯ ᠢᠶᠠᠨ ᠦᠨᠳᠦᠰᠦᠯᠡᠨ ᠠᠵᠢᠯ ᠤᠨ ᠵᠠᠭᠪᠤᠷ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠵᠦ ᠪᠠᠶᠢᠴᠠᠭᠠᠬᠤ ᠠᠴᠠ ᠪᠣᠯᠵᠣ ᠵᠠᠮ ᠬᠠᠷᠢᠯᠴᠠᠭᠠᠨ ᠤ ᠲᠦᠭᠵᠢᠷᠡᠯ ᠡᠭᠦᠰᠬᠦ ᠠᠴᠠ ᠰᠡᠷᠭᠡᠶᠢᠯᠡᠵᠦ᠂ ᠰᠢᠩ ᠾᠧ ᠳᠤ ᠤᠷᠤᠬᠤ ᠲᠡᠷᠭᠡ ᠬᠥᠰᠬᠡ ᠶᠢᠨ ᠵᠠᠮ ᠨᠡᠪᠲᠡᠷᠡᠯᠭᠡ ᠶᠢᠨ ᠳᠠᠷᠤᠯᠲᠠ ᠶᠢ ᠦᠨᠡᠨ ᠬᠦ ᠬᠥᠩᠭᠡᠷᠡᠭᠦᠯᠬᠦ ᠬᠡᠷᠡᠭᠲᠡᠶ︔ ᠠᠵᠢᠯ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠪᠣᠭᠤᠮᠲᠠ ᠴᠡᠭ ᠤᠨ ᠵᠢᠵᠢᠭᠦᠷᠯᠡᠬᠦ ᠪᠡᠯᠡᠳᠬᠡᠯ ᠠᠵᠢᠯ ᠢ ᠵᠣᠬᠢᠰᠲᠠᠢ ᠲᠤᠬᠢᠷᠠᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠪᠠ ᠠᠮᠢᠳᠤᠷᠠᠯ ᠤᠨ ᠡᠳ᠋ ᠪᠣᠳᠠᠰ ᠢ ᠰᠠᠶᠢᠲᠤᠷ ᠪᠠᠲᠤᠯᠠᠵᠤ᠂ ᠡᠮᠦᠨ᠎ᠡ ᠹᠷᠣᠨᠲ ᠤᠨ ᠬᠥᠮᠦᠰ ᠤᠨ ᠲᠤᠰ ᠪᠡᠶ᠎ᠡ ᠶᠢᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠪᠣᠭᠤᠮᠲᠠ ᠴᠡᠭ ᠤᠨ ᠠᠵᠢᠯᠯᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠰᠢᠶᠤᠤ ᠵᠢᠶᠦ᠋ᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠦᠨ ᠬᠠᠶ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                    ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                    ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                    ᠤᠷᠴᠢᠭᠤᠯᠤᠭᠴᠢ᠄ ᠨᠠᠷᠠᠰᠤ                    ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3