ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠬᠠᠩᠰᠢ ᠶᠢᠨ ᠡᠳᠦᠷ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠠᠷ ᠤᠯᠠᠨ ᠲᠠᠯ᠎ᠠ ᠠᠴᠠ ᠬᠦᠴᠦᠯᠡᠨ ᠴᠢᠷᠮᠠᠶᠢᠪᠠ
ᠨᠡᠶᠢᠲᠡᠯᠡᠭᠰᠡᠨ ᠴᠠᠭ᠄
2022/4/6
     ᠬᠠᠩᠰᠢ ᠶᠢᠨ ᠡᠳᠦᠷ ᠪᠣᠯᠬᠤ ᠭᠡᠵᠦ ᠪᠠᠶᠢᠭ᠎ᠠ ᠨᠢ ᠶᠠᠭ ᠰᠠᠶᠢᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠭ᠎ᠠ ᠪᠣᠯᠬᠤᠷ ᠬᠠᠩᠰᠢ ᠶᠢᠨ ᠬᠤᠭᠤᠴᠠᠭᠠᠨ ᠳᠠᠬᠢ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠬᠠᠩᠰᠢ ᠶᠢᠨ ᠬᠤᠭᠤᠴᠠᠭᠠᠨ ᠳᠠᠬᠢ ᠭᠠᠯ ᠤᠨ ᠭᠠᠮᠰᠢᠭ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠵᠤᠶᠢᠯ ᠤᠨ ᠬᠡᠯᠪᠡᠷᠢ ᠪᠠᠷ ᠬᠠᠩᠰᠢ ᠶᠢᠨ ᠡᠳᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠯᠠᠭᠤᠨ ᠥᠷᠨᠢᠯᠲᠡ ᠭᠠᠷᠭᠠᠵᠠᠶ᠃      ᠭᠠᠯ ᠤᠨᠲᠠᠷᠠᠭᠠᠬᠤ ᠤᠬᠠᠭᠤᠯᠭ᠎ᠠ ᠶᠢ ᠡᠯ᠎ᠡ ᠰᠢᠶᠠᠩ ᠪᠠᠯᠭᠠᠰᠤᠨ ᠳᠤ ᠤᠷᠤᠬᠤ      ᠬᠠᠩᠰᠢ ᠠᠴᠠ ᠡᠮᠦᠨᠡᠬᠡᠨ᠂ ᠶᠡᠭᠡ ᠠᠩᠬᠢ ᠶᠢᠨ ᠬᠢᠨ ᠬᠥᠳᠡᠭᠡ ᠲᠣᠰᠬᠤᠨ᠂ ᠤᠢ ᠰᠢᠭᠤᠢ ᠶᠢᠨ ᠲᠠᠯᠠᠪᠠᠢ᠂ ᠤᠢ ᠰᠢᠭᠤᠢ ᠶᠢᠨ ᠭᠠᠯ ᠤᠨᠲᠠᠷᠠᠭᠠᠬᠤ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠥᠷᠨᠢᠭᠦᠯᠵᠡᠢ᠃ ᠶᠡᠭᠡ ᠠᠩᠬᠢ ᠶᠢᠨ ᠤᠬᠠᠭᠤᠯᠤᠭᠴᠢ ᠠᠴᠠ ᠤᠯᠠᠨ ᠲᠦᠮᠡᠨ ᠳᠤ ᠬᠠᠩᠰᠢ ᠶᠢᠨ ᠡᠳᠦᠷ ᠤᠨ ᠭᠠᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠥᠭᠡᠳ ᠮᠠᠲ᠋ᠧᠷᠢᠶᠠᠯ ᠲᠠᠢ ᠤᠶᠠᠯᠳᠤᠭᠤᠯᠤᠨ ᠤᠯᠠᠨ ᠲᠦᠮᠡᠨ ᠳᠤ ᠬᠠᠩᠰᠢ ᠶᠢᠨ ᠡᠳᠦᠷ ᠤᠨ ᠭᠠᠯ ᠢ ᠰᠡᠷᠭᠡᠶᠢᠯᠡᠬᠦ ᠳᠤ ᠠᠩᠬᠠᠷᠬᠤ ᠵᠦᠢᠯᠡᠰ ᠵᠢᠴᠢ ᠠᠩᠬᠠᠨ ᠤ ᠦᠶ᠎ᠡ ᠶᠢᠨ ᠭᠠᠯ ᠢ ᠤᠨᠲᠠᠷᠠᠭᠠᠬᠤ᠂ ᠭᠠᠯ ᠢ ᠰᠡᠷᠭᠡᠶᠢᠯᠡᠬᠦ ᠮᠡᠳᠡᠭᠡ᠂ ᠭᠠᠯ ᠤᠨᠲᠠᠷᠠᠭᠠᠭᠤᠷ ᠤᠨ ᠬᠡᠷᠡᠭᠯᠡᠯᠲᠡ ᠵᠡᠷᠭᠡ ᠭᠠᠯ ᠢ ᠰᠡᠷᠭᠡᠶᠢᠯᠡᠬᠦ ᠠᠶᠤᠯᠭᠦᠶ ᠶᠢᠨ ᠮᠡᠳᠡᠯᠭᠡ ᠶᠢ ᠬᠡᠷᠬᠢᠨ ᠵᠥᠪ ᠣᠨᠣᠪᠴᠢᠲᠠᠶ ᠮᠡᠳᠡᠭᠦᠯᠬᠦ ᠲᠤᠬᠠᠶ ᠲᠠᠶᠢᠯᠪᠤᠷᠢᠯᠠᠵᠠᠶ᠃ ᠥᠷᠭᠡᠨ ᠤᠯᠠᠨ ᠲᠦᠮᠡᠨ ᠤ ᠪᠣᠯᠪᠠᠰᠤᠨ ᠢᠶᠠᠷ ᠳᠠᠬᠢᠯᠭ᠎ᠠ ᠬᠢᠬᠦ ᠠᠷᠭ᠎ᠠ ᠮᠠᠶᠠᠭ ᠶᠢ ᠬᠡᠷᠡᠭᠯᠡᠬᠦ ᠶᠢ ᠰᠠᠨᠠᠭᠠᠴᠢᠯᠠᠵᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠯᠠ ᠠᠰᠠᠭᠠᠬᠤ ᠵᠡᠷᠭᠡ ᠥᠢᠯᠡ ᠠᠵᠢᠯᠯᠠᠭ᠎ᠠ ᠠᠴᠠ ᠪᠤᠯᠵᠤ ᠭᠠᠯ ‍ᠤᠨ‌ᠠᠶᠤᠯ ᠤᠨ ᠡ᠊ᠨᠳᠡᠯ ᠭᠠᠷᠬᠤ ᠠᠴᠠ ᠰᠡᠷᠭᠡᠶᠢᠯᠡᠵᠦ᠂ ᠳᠡᠷᠭᠡᠳᠡᠬᠢ ᠭᠠᠯ ᠤᠨ ᠠᠶᠤᠯ ᠤᠨ ᠲᠠᠯᠳᠠ ᠭᠡᠮ ᠶᠢ ᠢᠳᠡᠪᠬᠢᠲᠡᠶ ᠪᠠᠷ ᠡᠷᠢᠵᠦ᠂ ᠠᠮᠤᠷ ᠲᠦᠪᠰᠢᠨ᠂ ᠪᠣᠯᠪᠠᠰᠤᠨ ᠢᠶᠠᠷ ᠳᠠᠬᠢᠯᠭ᠎ᠠ ᠬᠢᠬᠦ ᠨᠡᠶᠢᠭᠡᠮ ᠤᠨ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃
   ︽ᠲᠤᠮᠤ  ᠪᠦᠷᠢᠶ᠎ᠡ︾ ᠨᠢ ᠭᠠᠯ ᠢ ᠰᠡᠷᠭᠡᠶᠢᠯᠡᠬᠦ ᠳᠤ ᠬᠦᠴᠦᠨ ᠨᠡᠮᠡᠷᠢᠯᠡᠵᠦ ︽ᠬᠥᠮᠦᠰ ᠤᠨ ᠰᠡᠳᠬᠢᠯ ᠳᠤ ᠭᠦᠨ ᠬᠠᠳᠠᠩᠰᠢᠵᠠᠢ︾      ︽ᠪᠥᠬᠦ ᠰᠠᠭᠤᠭᠠᠯᠢ ᠠᠷᠠᠳ ᠠᠩᠬᠠᠷᠤᠯ ᠳᠠᠭᠠᠨ ᠠᠪᠤᠭᠠᠷᠠᠶ᠂ ᠤᠳᠠᠯ ᠥᠬᠡᠶ ᠬᠠᠩᠰᠢ ᠶᠢᠨ ᠡᠳᠦᠷ ᠪᠣᠯᠬᠤ ᠭᠡᠵᠦ ᠪᠠᠶᠢᠨ᠎ᠠ᠂ ᠣᠶᠢᠷ᠎ᠠ ᠶᠢᠨ ᠬᠤᠭᠤᠴᠠᠭᠠᠨ ᠳᠤ ᠠᠭᠤᠷ ᠠᠮᠢᠰᠬᠤᠯ ᠭᠠᠩ ᠬᠠᠭᠤᠷᠠᠶ᠂ ᠰᠠᠯᠬᠢᠨ ᠤ ᠬᠦᠴᠦ ᠨᠡᠯᠢᠶᠡᠳ ᠶᠡᠭᠡ ᠪᠠᠶᠢᠨ᠎ᠠ᠂ ᠣᠯᠠᠨ ᠢᠶᠠᠷ ᠢᠶᠠᠨ ᠰᠦᠯᠵᠢᠶᠡᠨ ᠤ ᠲᠠᠬᠢᠯᠭ᠎ᠠ ᠶᠢᠨ ᠲᠤᠬᠠᠶ ᠵᠠᠰᠠᠭ ᠤᠨ ᠣᠷᠳᠣᠨ ᠤ ᠰᠠᠨᠠᠭᠠᠴᠢᠯᠠᠭ᠎ᠠ ᠶᠢ ᠢᠳᠡᠪᠬᠢᠲᠡᠶ ᠳᠠᠭᠠᠵᠤ᠂ ᠠᠮᠤᠷ ᠲᠦᠪᠰᠢᠨ ᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠠᠮᠠᠬᠢᠨ ᠶᠣᠵᠣᠭᠤᠷ ᠬᠠᠶᠠᠵᠤ ᠪᠣᠯᠬᠤ ᠥᠬᠡᠶ᠂ ᠭᠠᠯ ᠤᠨᠲᠠᠷᠠᠭᠠᠬᠤ ᠠᠮᠤᠷ ᠲᠦᠪᠰᠢᠨ ᠢ ᠴᠠᠭ ᠢᠮᠠᠭᠲᠠ ᠠᠩᠬᠠᠷᠬᠤ ᠬᠡᠷᠡᠭᠲᠡᠶ᠃ ᠶᠡᠭᠡ ᠠᠩᠬᠢ ᠶᠢᠨ ᠬᠢᠨ ᠬᠠᠷᠢᠶ᠎ᠠ ᠲᠣᠭᠤᠷᠢᠭ ᠤᠨ ᠲᠣᠰᠬᠤᠨ ᠪᠠᠯᠭᠠᠰᠤ ᠶᠢᠨ ︽ᠲᠤᠮᠤ ᠪᠦᠷᠢᠶ᠎ᠡ︾ ᠳᠤ ᠲᠦᠰᠢᠭᠯᠡᠵᠦ᠂ ︽ᠤᠯᠠᠨ ᠲᠦᠮᠡᠨ ᠲᠠᠢ ᠤᠢᠢᠷᠠᠳᠤᠭᠰᠠᠨ︾ ︽ᠲᠤᠮᠤ ᠪᠦᠷᠢᠶ᠎ᠡ︾ ᠶᠢᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠶᠢ ︽ᠬᠥᠮᠦᠰ ᠤᠨ ᠰᠡᠳᠬᠢᠯ ᠳᠤ ᠬᠠᠳᠠᠩᠰᠢᠭᠤᠯᠪᠠ ︾᠃
   ᠲᠦᠮᠡᠨ ᠡᠷᠦᠬᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠰᠡᠳᠬᠢᠯ ᠳᠤ ᠰᠠᠭᠤᠭᠳᠠᠭᠰᠠᠨ ᠢ ᠬᠠᠯᠠᠭᠤᠨ ᠢᠶᠠᠷ ᠰᠠᠨᠠᠭᠤᠯᠵᠤ ᠪᠠᠶᠢᠨ᠎ᠠ      ︽ᠬᠠᠩᠰᠢ ᠶᠢᠨ ᠬᠤᠭᠤᠴᠠᠭᠠᠨ ᠳᠤ ᠪᠣᠯᠪᠠᠰᠤᠨ ᠢᠶᠠᠷ ᠲᠠᠬᠢᠯᠭ᠎ᠠ ᠬᠢᠵᠦ᠂ ᠭᠠᠯ ᠢ ᠰᠡᠷᠭᠡᠶᠢᠯᠡᠬᠦ ᠶᠢ ᠠᠩᠬᠠᠷᠴᠤ᠂ ᠭᠠᠳᠠᠭᠰᠢ ᠭᠠᠷᠬᠤ ᠳᠠᠭᠠᠨ ᠴᠠᠬᠢᠯᠭᠠᠨ ᠡᠭᠦᠰᠭᠡᠭᠴᠢ᠂ ᠬᠡᠢ ᠶᠢᠨ ᠰᠤᠷᠪᠤᠯᠵᠢ ᠶᠢ ᠬᠠᠭᠠᠵᠤ᠂ ᠭᠡᠷ ᠳᠣᠲᠣᠷᠠᠬᠢ ᠨᠠᠷᠠᠪᠴᠢ᠂ ᠲᠣᠭᠤᠭᠠᠨ ᠭᠡᠷ ᠤᠨ ᠰᠢᠲᠠᠮᠠᠬᠠᠶ ᠪᠣᠳᠠᠰ ᠢ ᠴᠡᠪᠡᠷᠯᠡᠵᠦ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠪᠠᠲᠤᠯᠠᠵᠤ᠂ ᠠᠶᠤᠯ ᠦᠭᠡᠢ ᠭᠠᠷᠬᠤ ᠡᠭᠦᠳᠡ ᠶᠢ ᠰᠠᠭᠠᠳ ᠦᠭᠡᠢ ᠨᠡᠪᠲᠡᠷᠡᠭᠦᠯᠵᠦ᠂ ᠠᠮᠤᠷ ᠲᠦᠪᠰᠢᠨ ᠪᠥᠭᠡᠳ ᠬᠠᠩᠰᠢ ᠲᠠᠢ ᠪᠠᠶᠢᠯᠭᠠᠬᠤ ᠳᠤ ᠲᠠ ᠪᠢᠳᠡ ᠬᠤᠶᠠᠭᠤᠯᠠ ᠬᠠᠮᠲᠤ ᠪᠠᠷ ᠣᠷᠣᠯᠴᠠᠬᠤ ᠬᠡᠷᠡᠭᠲᠡᠶ᠃  ︾ ᠬᠠᠩᠰᠢ ᠶᠢᠨ ᠡᠳᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠬᠠᠶ ᠬᠠᠯᠠᠭᠤᠨ ᠳᠣᠲᠣᠨᠣ ᠰᠠᠨᠠᠭᠤᠯᠤᠮᠵᠢ ᠶᠢᠨ ᠮᠡᠳᠡᠭᠡ ᠵᠠᠩᠭᠢ ᠶᠢ ᠥᠷᠭᠡᠨ ᠤᠯᠠᠨ ᠰᠠᠭᠤᠭᠠᠯᠢ ᠠᠷᠠᠳ ᠤᠨ ᠭᠠᠷ ᠤᠲᠠᠰᠤᠨ ᠳᠡᠭᠡᠷ᠎ᠡ ᠵᠠᠯᠭᠠᠭ᠎ᠠ ᠪᠠᠷ ᠬᠦᠷᠭᠡᠵᠦ᠂ ᠬᠠᠩᠰᠢ ᠶᠢᠨ ᠡᠳᠦᠷ ᠤᠨ ᠬᠤᠭᠤᠴᠠᠭᠠᠨ ᠳᠤ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠬᠤ ᠶᠢ ᠥᠷᠭᠡᠨ ᠤᠯᠠᠨ ᠲᠦᠮᠡᠨ ᠳᠤ ᠰᠠᠨᠠᠭᠤᠯᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠳᠤ ᠨᠡᠶᠢᠭᠡᠮ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
   ᠡᠭᠦᠨ ᠤ ᠵᠡᠷᠭᠡ ᠳᠤ᠂ ᠬᠠᠩᠰᠢ ᠶᠢᠨ ᠡᠳᠦᠷ ᠤᠨ ᠭᠠᠯ ᠰᠡᠷᠭᠡᠶᠢᠯᠡᠬᠦ ᠣᠨᠴᠠᠯᠢᠭ ᠢ ᠦᠨᠳᠦᠰᠦᠯᠡᠨ᠂ ᠶᠡᠭᠡ ᠠᠩᠭᠢ ᠶᠢᠨ ᠬᠢᠨ ᠸᠢᠴᠠᠲ ᠤᠨ ᠠᠵᠢᠯ ᠤᠨ ᠪᠦᠯᠦᠭ᠂ ᠭᠤᠤᠯᠳᠠᠯᠭ᠎ᠠ ᠲᠠᠢ ᠨᠢᠭᠡᠴᠡ LED ᠳᠡᠯᠭᠡᠴᠡ ᠵᠡᠷᠭᠡ ᠬᠡᠯᠪᠡᠷᠢ ᠶᠢ ᠢᠳᠡᠪᠬᠢᠲᠡᠶ ᠠᠰᠢᠭᠯᠠᠨ᠂ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢ ᠥᠷᠭᠡᠨ ᠢᠶᠠᠷ ᠨᠡᠶᠢᠲᠡᠯᠡᠵᠦ᠂ ᠪᠣᠯᠪᠠᠰᠤᠨ ᠢᠶᠠᠷ ᠳᠠᠬᠢᠯᠭ᠎ᠠ ᠬᠢᠬᠦ ᠶᠢ ᠰᠠᠨᠠᠭᠠᠴᠢᠯᠠᠨ᠂ ᠠᠭᠤᠯᠠᠨ ᠣᠶ ᠪᠠ ᠪᠤᠵᠠᠷ ᠡᠪᠡᠰᠦ ᠨᠢᠭᠲᠠᠷᠠᠭᠰᠠᠨ ᠭᠠᠵᠠᠷ ᠲᠤ ᠭᠠᠯ ᠬᠡᠷᠡᠭᠯᠡᠬᠦ ᠶᠢ ᠴᠠᠭᠠᠵᠠᠯᠠᠵᠤ᠂ ᠥᠷᠭᠡᠨ ᠣᠯᠠᠨ ᠲᠦᠮᠡᠨ ᠳᠤ ᠭᠠᠯ ᠤᠨ ᠭᠠᠮᠰᠢᠭ ᠤᠨ ᠠᠶᠤᠯᠲᠤ ᠴᠢᠨᠠᠷ ᠢ ᠭᠦᠨᠵᠡᠭᠡᠶ ᠲᠠᠨᠢᠭᠤᠯᠵᠤ᠂ ᠬᠠᠩᠰᠢ ᠠᠴᠠ ᠡᠮᠦᠨᠡᠬᠢ ᠭᠠᠯ ᠤᠨᠲᠠᠷᠠᠭᠠᠬᠤ ᠤᠬᠠᠭᠤᠯᠭ᠎ᠠ ᠶᠢᠨ ᠬᠠᠯᠠᠭᠤᠨ ᠥᠷᠨᠢᠯᠲᠡ ᠶᠢ ᠭᠠᠷᠭᠠᠭᠰᠠᠨ ᠪᠠᠶᠢᠨ᠎ᠠ᠃       ᠢᠷᠡᠯᠲᠡ᠄ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ       ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ       ᠤᠷᠴᠢᠭᠤᠯᠤᠭᠴᠢ᠄ ᠨᠠᠷᠠᠰᠤ       ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3