ᠪᠣᠬᠢᠷᠲᠤᠯ ᠦᠭᠡᠢ ᠪᠣᠯᠪᠠᠰᠤᠨ ᠤ ᠲᠠᠬᠢᠯᠭ᠎ᠠ ᠶᠢ ᠰᠠᠨᠠᠭᠠᠴᠢᠯᠠᠵᠤ ᠨᠡᠶᠢᠭᠡᠮ ᠤᠨ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠶᠢᠵᠢᠭᠤᠯᠤᠨ᠎ᠠ
ᠨᠡᠶᠢᠲᠡᠯᠡᠭᠰᠡᠨ ᠴᠠᠭ᠄
2022/4/6
     ᠬᠠᠩᠰᠢ ᠶᠢᠨ ᠦᠶ᠎ᠡ ᠳᠤ᠂ ᠴᠡᠴᠡᠭ ᠬᠦᠷᠭᠡᠬᠦ᠂ ᠮᠣᠳᠣ ᠳᠠᠷᠢᠬᠤ᠂ ᠣᠩᠭᠤᠨ ᠤ ᠬᠥᠰᠢᠶ᠎ᠡ ᠶᠢ ᠴᠡᠪᠡᠷᠯᠡᠬᠦ ᠵᠡᠷᠭᠡ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠬᠦ ᠨᠢ ᠣᠶᠢᠷ᠎ᠠ ᠶᠢᠨ ᠵᠢᠯ ᠤᠳ ᠤᠨ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢᠨ ᠰᠢᠨ᠎ᠡ ᠬᠡᠪ ᠰᠤᠷᠲᠠᠯ ᠪᠣᠯᠤᠭᠰᠠᠨ ᠪᠠᠶᠢᠨ᠎ᠠ᠃ ᠰᠢᠩ ᠡᡁᠧ ᠰᠢᠶᠠᠨ ᠤ ᠥᠷᠭᠡᠨ ᠤᠯᠠᠨ ᠬᠤᠳᠠ ᠶᠢᠨ ᠠᠷᠠᠳ ᠤᠬᠠᠮᠰᠠᠷ ᠠᠴᠠ ᠪᠠᠨ ᠵᠠᠩ ᠳᠠᠳᠬᠠᠯ ᠢᠶᠠᠨ ᠥᠭᠡᠷᠡᠴᠢᠯᠡᠵᠦ᠂ ᠣᠷᠣᠰᠢᠭᠤᠯᠭ᠎ᠠ ᠪᠣᠯᠤᠨ ᠳᠠᠬᠢᠯᠭ᠎ᠠ ᠶᠢᠨ ᠪᠤᠯᠬᠢ ᠳᠠᠳᠬᠠᠯ ᠢᠶᠠᠨ ᠲᠠᠶᠠᠭᠳᠠᠵᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠳᠠᠬᠢᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠳᠠ ᠶᠢᠨ ᠪᠣᠯᠪᠠᠰᠤᠨ ᠪᠣᠯᠤᠨ ᠬᠤᠳᠠ ᠶᠢᠨ ᠣᠷᠴᠢᠨ ᠲᠣᠭᠤᠷᠢᠨ ᠳᠤ ᠬᠤᠪᠢ ᠨᠡᠮᠡᠷᠢ ᠦᠵᠡᠭᠦᠯᠪᠡ᠃
     ᠣᠶᠢᠷ᠎ᠠ ᠳᠤ᠂ ᠰᠤᠷᠪᠤᠯᠵᠢᠯᠠᠭᠴᠢ ᠰᠢᠩ ᠾᠧ ᠰᠢᠶᠠᠨ ᠤ ᠬᠤᠲᠠ ᠶᠢᠨ ᠲᠣᠭᠤᠷᠢᠭ ᠤᠨ ᠣᠯᠠᠨ ᠰᠣᠷᠭᠤᠭ ᠴᠡᠴᠡᠭ ᠤᠨ ᠳᠡᠯᠭᠡᠭᠦᠷ ᠲᠤ ᠬᠦᠷᠴᠦ ᠰᠤᠷᠪᠤᠯᠵᠢᠯᠠᠭᠰᠠᠨ ᠢᠶᠠᠷ᠂ ᠴᠡᠴᠡᠭ ᠤᠨ ᠳᠡᠯᠭᠡᠭᠦᠷ ᠤᠨ ᠡᠵᠡᠩᠨᠡᠭᠴᠢ ᠠᠯᠢ ᠡᠷᠲᠡ ᠠᠴᠠ ᠬᠠᠩᠰᠢ ᠶᠢᠨ ᠡᠳᠦᠷ ᠤᠨ ᠪᠣᠷᠣᠯᠠᠭᠤᠯᠭ᠎ᠠ ᠶᠢᠨ ᠣᠷᠭᠢᠯ ᠦᠶ᠎ᠡ ᠶᠢ ᠤᠭᠲᠤᠬᠤ ᠶᠢᠨ ᠲᠥᠯᠥᠭᠡ ᠭᠦᠢᠴᠡᠳ ᠪᠡᠯᠡᠳᠬᠡᠯ ᠬᠢᠵᠦ᠂ ᠴᠡᠴᠡᠭ ᠤᠨ ᠳᠡᠯᠭᠡᠭᠦᠷ ᠤᠨ ᠢᠯᠡ ᠪᠠᠶᠢᠷᠢᠨ ᠳᠤ ᠡᠯ᠎ᠡ ᠵᠤᠶᠢᠯ ᠤᠨ ᠴᠡᠴᠡᠭ ᠤᠨ ᠪᠠᠭᠴᠠ ᠪᠠᠷ ᠳᠦᠭᠦᠷᠦᠭᠰᠡᠨ ᠢ ᠣᠯᠵᠤ ᠬᠠᠷᠠᠪᠠ᠃ ᠠᠵᠢᠯᠲᠠᠳ ᠪᠠᠰᠠ ︽ᠱᠠᠯᠠᠪᠳᠠᠨ ᠠᠵᠢᠯᠯᠠᠵᠤ︾ ᠰᠣᠷᠭᠤᠭ ᠴᠡᠴᠡᠭ ᠢ ᠪᠠᠭᠯᠠᠬᠤ ᠪᠤᠶᠤ ᠬᠠᠶᠢᠴᠢᠯᠠᠨ ᠰᠠᠭᠰᠤᠯᠠᠵᠤ᠂ ᠵᠣᠴᠢᠳ ᠤᠨ ᠰᠣᠩᠭᠤᠬᠤ ᠳᠤ ᠲᠥᠬᠦᠮ ᠪᠣᠯᠭᠠᠪᠠ᠃ ᠰᠢᠩ ᠾᠧ ᠰᠢᠶᠠᠨ ᠤ ᠰᠣᠷᠭᠤᠭ ᠴᠡᠴᠡᠭ ᠤᠨ ᠳᠡᠯᠭᠡᠭᠦᠷ ᠤᠨ ᠡᠵᠡᠨ ᠬᠡᠯᠡᠬᠦ ᠳᠡᠭᠡᠨ᠂ ᠣᠶᠢᠷ᠎ᠠ ᠶᠢᠨ ᠬᠤᠶᠠᠷ ᠵᠢᠯ ᠳᠤ ᠬᠥᠮᠦᠰ ᠤᠨ ᠪᠣᠯᠪᠠᠰᠤᠨ ᠳᠠᠬᠢᠯᠭ᠎ᠠ ᠶᠢᠨ ᠦᠵᠡᠯ ᠰᠠᠨᠠᠭ᠎ᠠ ᠣᠶᠢᠯᠠᠭᠠᠭᠳᠠᠬᠤᠨ ᠴᠢᠩᠭᠠᠷᠠᠬᠤ ᠶᠢ ᠳᠠᠭᠠᠯᠳᠤᠨ᠂ ᠮᠠᠰᠢ ᠣᠯᠠᠨ ᠵᠣᠴᠢᠳ ᠰᠣᠷᠭᠤᠭ ᠴᠡᠴᠡᠭ ᠬᠤᠳᠠᠯᠳᠤᠨ ᠠᠪᠴᠤ ᠬᠠᠭᠤᠴᠢᠨ ᠬᠥᠮᠦᠰ ᠢᠶᠠᠨ ᠲᠠᠬᠢᠳᠠᠭ ᠪᠣᠯᠵᠠᠶ᠂ ᠨᠢᠳᠤᠨᠤᠨ ᠵᠢᠯ ᠰᠣᠷᠭᠤᠭ ᠴᠡᠴᠡᠭ ᠮᠠᠰᠢ ᠰᠠᠶᠢᠨ ᠬᠤᠳᠠᠯᠳᠤᠵᠤ᠂ ᠰᠦᠯᠵᠢᠶᠡᠨ ᠳᠡᠭᠡᠷ᠎ᠡ ᠤᠲᠠᠰᠤ ᠪᠠᠷ ᠵᠠᠬᠢᠶᠠᠯᠠᠭᠰᠠᠨ ᠨᠢ ᠠᠷᠪᠢᠨ᠂ ᠡᠨᠡ ᠵᠢᠯ ᠪᠠᠰᠠ ᠮᠠᠰᠢ ᠣᠯᠠᠨ ᠪᠡᠯᠡᠳᠬᠡᠯ ᠲᠠᠢ ᠪᠣᠯᠵᠣ᠂ ᠥᠷᠭᠡᠨ ᠣᠯᠠᠨ ᠬᠤᠲᠠ ᠶᠢᠨ ᠠᠷᠠᠳ ᠢᠷᠡᠵᠦ ᠬᠤᠳᠠᠯᠳᠤᠨ ᠠᠪᠬᠤ ᠳᠤ ᠵᠣᠷᠢᠭᠤᠯᠤᠭᠰᠠᠨ ᠪᠠᠶᠢᠨ᠎ᠠ ᠭᠡᠵᠡᠶ᠃      ᠣᠶᠢᠷ᠎ᠠ ᠶᠢᠨ ᠡᠳᠦᠷ ᠤᠳ ᠲᠤ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠬᠢᠯᠭ᠎ᠠ ᠶᠢᠨ ᠡᠳ᠋ ᠡᠵᠡᠩᠨᠡᠬᠦ ᠡᠷᠦᠬᠡ ᠳᠤ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠤᠬᠠᠭᠤᠯᠭ᠎ᠠ ᠬᠢᠵᠦ᠂ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠠᠴᠢᠯᠠᠭ᠎ᠠ ᠭᠠᠷᠭᠠᠨ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠪᠣᠯᠭᠠᠵᠤ᠂ ᠹᠸᠤᠳᠠᠯ ᠤᠨ ᠮᠤᠬᠤᠷ ᠰᠦᠰᠦᠭ ᠤᠨ ᠲᠠᠬᠢᠯᠭ᠎ᠠ ᠶᠢᠨ ᠡᠳ᠋ ᠢ ᠪᠣᠷᠣᠯᠠᠭᠤᠯᠬᠤ ᠥᠬᠡᠶ ᠪᠠᠶᠢᠯᠭᠠᠵᠤ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠶᠢ ᠬᠥᠲᠥᠯᠦᠨ ᠵᠢᠯᠣᠭᠤᠳᠤᠨ᠎ᠠ᠃ ᠡᠭᠦᠨ ᠤ ᠵᠡᠷᠭᠡ ᠳᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠳᠠᠬᠢᠯᠭ᠎ᠠ ᠶᠢᠨ ᠡᠳ᠋ ᠬᠡᠷᠡᠭᠰᠡᠯ ᠢ ᠰᠢᠲᠠᠭᠠᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠵᠤ᠂ ᠰᠠᠨᠠᠭᠠᠴᠢᠯᠠᠭ᠎ᠠ ᠠᠴᠠ ᠪᠠᠨ ᠰᠣᠷᠭᠤᠭ ᠴᠡᠴᠡᠭ ᠬᠦᠷᠭᠡᠬᠦ᠂ ᠰᠦᠯᠵᠢᠶ᠎ᠡ ᠬᠦᠷᠭᠡᠬᠦ ᠵᠡᠷᠭᠡ ᠬᠡᠯᠪᠡᠷᠢ ᠪᠠᠷ ᠠᠬᠠᠮᠠᠳ ᠦᠶ᠎ᠡ ᠶᠢᠨ ᠬᠥᠮᠦᠰ ᠢᠶᠠᠨ ᠳᠠᠭᠢᠵᠤ᠂ ︽ᠠᠷᠢᠭᠤᠨ ᠴᠢᠬᠡᠴᠢ︾ ᠪᠣᠯᠪᠠᠰᠤᠨ ᠳᠠᠬᠢᠯᠭ᠎ᠠ ᠶᠢᠨ ᠰᠤᠷᠲᠠᠯ ᠢ ᠰᠠᠨᠠᠭᠠᠴᠢᠯᠠᠨ᠂ ᠪᠣᠯᠪᠠᠰᠤᠨ ᠳᠠᠬᠢᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠬᠤ ᠬᠡᠷᠡᠭᠲᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3