ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ ᠭᠠᠵᠠᠷ ᠰᠢᠷᠣᠢ ᠶᠢᠨ ᠡᠷᠬᠡ ᠶᠢ ᠨᠤᠲᠠᠯᠠᠨ ᠬᠢᠨᠠᠨ ᠪᠠᠶᠢᠴᠠᠭᠠᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2022/4/6
     ᠪᠥᠬᠦ ᠠᠷᠠᠳ ᠤᠨ ᠬᠥᠷᠥᠰᠥ ᠰᠢᠷᠣᠶ ᠶᠢ ᠬᠠᠮᠠᠭᠠᠯᠠᠬᠤ ᠤᠬᠠᠮᠰᠠᠷ ᠪᠠ ᠲᠠᠷᠢᠶᠠᠨ ᠭᠠᠵᠠᠷ ᠢ ᠬᠠᠤᠯᠢ ᠶᠣᠰᠣᠭᠠᠷ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠠᠶᠢᠬᠤᠰᠤ ᠶᠢᠨ ᠬᠠᠤᠯᠢ ᠴᠠᠭᠠᠵᠠ ᠶᠢᠨ ᠭᠠᠵᠠᠷ 30 ᠡᠳᠦᠷ᠂ 31 ᠤ ᠡᠳᠦᠷ ᠤᠨ ᠬᠤᠶᠠᠷ ᠡᠳᠦᠷ ᠤᠨ ᠴᠠᠭ ᠢ ᠠᠰᠢᠭᠯᠠᠨ ᠭᠠᠵᠠᠷ ᠰᠢᠷᠣᠶ ᠶᠢᠨ ᠡᠷᠬᠡ ᠶᠢ ᠨᠤᠲᠠᠯᠠᠨ ᠪᠠᠶᠢᠴᠠᠭᠠᠬᠤ ᠠᠵᠢᠯ ᠢ ᠥᠷᠨᠢᠭᠦᠯᠪᠡ᠃      ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠪᠠ ᠡᠷᠬᠡ ᠶᠢ ᠨᠤᠲᠠᠯᠠᠨ ᠲᠣᠭᠲᠠᠭᠠᠭᠰᠠᠨ ᠡᠭᠡ ᠲᠠᠩᠰᠠ ᠶᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠬᠠᠷᠢᠶ᠎ᠠ ᠣᠷᠣᠨ ᠤ 25 ᠭᠠᠴᠠᠭᠠᠨ ᠤ ᠠᠷᠠᠳ ᠤᠨ ᠵᠥᠪᠯᠡᠯ ᠳᠤ ᠬᠢᠨᠠᠨ ᠪᠠᠶᠢᠴᠠᠭᠠᠯᠲᠠ ᠪᠠ ᠬᠠᠷᠢᠴᠠᠭᠤᠯᠤᠯ ᠬᠢᠵᠦ᠂ ᠣᠨᠴᠠ ᠵᠠᠷᠢᠮ ᠡᠭᠡ ᠲᠠᠩᠰᠠ ᠨᠢ ᠪᠣᠳᠠᠲᠠᠢ ᠨᠤᠲᠠᠯᠠᠨ ᠲᠣᠭᠲᠠᠭᠠᠭᠰᠠᠨ ᠡᠷᠬᠡ ᠶᠢᠨ ᠮᠤ ᠶᠢᠨ ᠲᠤᠭ᠎ᠠ ᠲᠠᠢ ᠨᠡᠶᠢᠴᠡᠬᠦ ᠦᠭᠡᠢ ᠪᠠᠶᠢᠳᠠᠯ ᠳᠤ ᠴᠢᠭᠯᠡᠭᠦᠯᠦᠨ ᠬᠤᠯᠪᠣᠭᠳᠠᠯ ᠪᠦᠬᠦᠢ ᠬᠥᠮᠦᠰ ᠢ ᠴᠠᠭ ᠲᠤᠬᠠᠢ ᠳᠤᠨᠢ ᠳᠠᠭᠤᠳᠠᠵᠤ ᠲᠤᠬᠠᠢ ᠶᠢᠨ ᠭᠠᠵᠠᠷ ᠲᠤᠨᠢ ᠬᠠᠷᠭᠤᠭᠤᠯᠤᠨ ᠬᠠᠷᠭᠤᠭᠤᠯᠬᠤ ᠶᠢᠨ ᠬᠠᠮᠲᠤ ᠨᠠᠷᠢᠨ ᠲᠣᠳᠣᠷᠬᠠᠢ ᠲᠠᠩᠰᠠᠯᠠᠯᠳᠠ ᠬᠢᠯᠭᠡᠪᠡ᠃      ᠲᠣᠰ ᠤᠳᠠᠭᠠᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠬᠢᠨᠠᠨ ᠪᠠᠶᠢᠴᠠᠭᠠᠬᠤ ᠪᠠᠷ ᠳᠠᠮᠵᠢᠭᠤᠯᠤᠨ᠂ ᠬᠢᠨᠠᠨ ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠢᠢᠳᠪᠦᠷᠢᠯᠢᠪᠡ᠃ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠶ ᠶᠢᠨ ᠲᠠᠯᠠᠪᠤᠷ ᠤᠨ ᠬᠠᠷᠢᠭᠤᠯᠲᠠ ᠥᠭᠴᠦ᠂ ᠠᠵᠢᠯᠲᠠᠳ ᠪᠠᠰᠠ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠶᠢᠨ ︽ᠨᠠᠢᠮᠠᠨ ᠵᠦᠢᠯ ᠢ ᠥᠯᠥ ᠵᠥᠪᠰᠢᠶᠡᠷᠡᠬᠦ︾ ᠠᠰᠠᠭᠤᠳᠠᠯ ᠳᠤ ᠴᠢᠭᠯᠡᠭᠦᠯᠦᠨ ᠭᠤᠤᠯᠳᠠᠯᠭ᠎ᠠ ᠲᠠᠢ ᠤᠬᠠᠭᠤᠯᠤᠨ ᠲᠠᠶᠢᠯᠪᠤᠷᠢᠯᠠᠪᠠ᠃                           ᠵᠣᠬᠢᠶᠠᠭᠴᠢ᠄ ᠬᠠᠤᠯᠢ ᠴᠠᠭᠠᠵᠠ ᠶᠢᠨ ᠲᠣᠪᠴᠢᠶ᠎ᠠ ᠶᠢᠨ ᠸᠠᠩ ᠴᠢᠶᠠᠩ                           ᠤᠷᠴᠢᠭᠤᠯᠤᠭᠴᠢ᠄ ᠨᠠᠷᠠᠰᠤ                           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3