ᠴᠧᠩ ᠭᠤᠸᠠᠨ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/6
     ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠢ ᠥᠷᠨᠢᠭᠦᠯᠬᠦ ᠶᠢ ᠦᠨᠡᠨᠬᠦ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠴᠧᠩ ᠭᠤᠸᠠᠨ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠢ ᠤᠷᠢᠵᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠵᠢᠴᠢ ᠡᠯ᠎ᠡ ᠲᠣᠰᠬᠤᠨ᠂  ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡᠨ ᠤ ᠬᠠᠮᠢᠶᠠᠷᠤᠭᠴᠢ ᠳᠤ ᠪᠣᠯᠪᠠᠰᠤᠷᠠᠯ ᠬᠦᠷᠲᠡᠭᠡᠵᠡᠢ᠃
     ᠪᠣᠯᠪᠠᠰᠤᠷᠠᠭᠤᠯᠤᠯ ᠤᠨ ᠬᠤᠷᠠᠯ ᠠᠴᠠ ᠡᠮᠦᠨ᠎ᠡ ᠱᠠᠭᠠᠷᠳᠠᠭᠰᠠᠨ ᠨᠢ᠂ ᠪᠣᠯᠪᠠᠰᠤᠷᠠᠭᠤᠯᠤᠯ ᠳᠤ ᠣᠷᠣᠯᠴᠠᠭᠰᠠᠨ ᠬᠠᠮᠢᠶᠠᠷᠤᠯᠲᠠ ᠶᠢᠨ ᠠᠵᠢᠯᠲᠠᠳ ᠲᠣᠰ ᠤᠳᠠᠭᠠᠨ ᠤ ᠪᠣᠯᠪᠠᠰᠤᠷᠠᠭᠤᠯᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ︾ ᠶᠢᠨ APP ᠶᠢᠨ ᠬᠡᠷᠡᠭᠯᠡᠯᠲᠡ ᠶᠢ ᠨᠠᠷᠢᠨ ᠬᠢᠨᠠᠮᠠᠭᠠᠶ ᠣᠶᠢᠯᠠᠭᠠᠬᠤ ᠬᠡᠷᠡᠭᠲᠡᠶ᠃ ᠪᠣᠯᠪᠠᠰᠤᠷᠠᠭᠤᠯᠤᠯ ᠢᠶᠠᠷ ᠳᠡᠮᠵᠢᠨ᠂ ᠳᠡᠷᠭᠡᠳᠡᠬᠢ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ APP ᠳᠡᠭᠡᠷ᠎ᠡ ᠪᠣᠯᠪᠠᠰᠤᠷᠠᠩᠭᠤᠶ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠦᠯᠵᠢᠶᠡᠨ ᠳᠡᠭᠡᠷᠡᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠬᠤ᠂ ᠨᠠᠷᠢᠯᠢᠭ ᠣᠨᠣᠴᠠᠲᠠᠶ ᠪᠣᠯᠭᠠᠬᠤ᠂ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠪᠥᠬᠦ ᠲᠠᠯ᠎ᠠ ᠪᠠᠷ ᠥᠨᠳᠥᠷ ᠪᠦᠲᠦᠮᠵᠢᠲᠡᠶ ᠥᠷᠨᠢᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃      ᠪᠣᠯᠪᠠᠰᠤᠷᠠᠭᠤᠯᠤᠯ ᠤᠨ ᠭᠤᠤᠯᠳᠠᠯᠭ᠎ᠠ ᠨᠢ ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ APP ᠶᠢ ᠳᠠᠩᠰᠠᠯᠠᠬᠤ᠂ ᠭᠠᠷ ᠤᠨ ᠥᠰᠥᠭ ᠵᠢᠷᠤᠬᠤ᠂ ᠠᠵᠢᠯᠯᠠᠬᠤ ᠶᠠᠪᠤᠴᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ︽ᠵᠠᠬᠢᠶᠠᠯᠠᠭ᠎ᠠ ᠶᠢᠨ ᠬᠠᠭᠤᠳᠠᠰᠤ᠂ ᠲᠣᠮᠢᠯᠠᠯᠲᠠ ᠶᠢᠨ ᠬᠠᠭᠤᠳᠠᠰᠤ᠂ ᠭᠥᠯᠢᠶᠡᠨ ᠠᠪᠬᠤ ᠬᠠᠭᠤᠳᠠᠰᠤ᠂ ᠦᠨᠡᠯᠡᠯᠲᠡ ᠶᠢᠨ ᠬᠠᠭᠤᠳᠠᠰᠤ︾ ᠶᠢᠨ ᠪᠥᠬᠦ ᠶᠠᠪᠤᠴᠠ ᠶᠢ ᠳᠡᠯᠭᠡᠨ ᠦᠵᠡᠭᠦᠯᠦᠭᠰᠡᠨ ᠪᠥᠭᠡᠳ ᠡᠯ᠎ᠡ ᠬᠠᠮᠢᠶᠠᠷᠤᠭᠴᠢ ᠶᠢᠨ ᠳᠤᠷᠠᠳᠤᠭᠰᠠᠨ ᠠᠰᠠᠭᠤᠯᠲᠠ ᠳᠤ ᠬᠦᠯᠢᠴᠡᠩᠭᠦᠶ ᠪᠠᠷ ᠬᠠᠷᠢᠭᠤᠯᠲᠠ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠡᠯ᠎ᠡ ᠦᠢᠯᠡᠳᠦᠯᠭᠡ ᠶᠢᠨ ᠦᠷᠳᠡᠭᠡ ᠶᠢᠨ ᠬᠠᠮᠢᠶᠠᠷᠤᠯᠲᠠ ᠶᠢᠨ ᠠᠵᠢᠯᠲᠠᠳ ᠪᠠᠰᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠲᠤᠬᠠᠢ ᠶᠢᠨ ᠲᠠᠯᠠᠪᠠᠢ ᠶᠢᠨ ᠲᠤᠷᠰᠢᠯᠭ᠎ᠠ ᠰᠣᠯᠢᠯᠴᠠᠵᠤ ᠶᠠᠷᠢᠶ᠎ᠠ ᠲᠠᠯᠪᠢᠵᠠᠢ᠃      ᠪᠣᠯᠪᠠᠰᠤᠷᠠᠭᠤᠯᠤᠯ ᠢᠶᠠᠷ ᠳᠡᠮᠵᠢᠨ᠂ ᠣᠯᠠᠨ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠠᠨ ᠤ ᠰᠡᠳᠬᠢᠮᠵᠢ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠬᠠᠷᠠᠭ᠎ᠠ ᠪᠠᠨ ᠥᠷᠭᠡᠳᠬᠡᠵᠦ᠂ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃                     ᠵᠤᠬᠢᠶᠠᠭᠴᠢ᠄ ᠴᠧᠩ ᠭᠤᠸᠠᠨ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3