ᠮᠠᠨ ᠤ ᠰᠢᠶᠠᠨ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/7
     4 ᠰᠠᠷ᠎ᠠ ᠶᠢᠨ 6 ᠤ ᠡᠳᠦᠷ᠂ ᠮᠠᠨ ᠤ ᠰᠢᠶᠠᠨ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠷᠠᠯ ᠠᠴᠠ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠷᠠᠯᠳᠤᠭᠤᠯᠤᠭᠰᠠᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ 2021 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠡᠷᠭᠢᠴᠡᠭᠦᠯᠦᠨ ᠳ᠋ᠦᠩᠨᠡᠬᠦ ᠶᠢᠨ ᠬᠠᠮᠲᠤ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠶᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠶ᠂ ᠡᠯ᠎ᠡ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠪᠦᠬᠦ ᠤᠯᠤᠰ ᠤᠨ ᠠᠶᠤᠯ ᠦᠭᠡᠶ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠯ᠎ᠡ ᠲᠥᠷᠥᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠦᠨᠡᠨᠬᠦ ᠴᠢᠩᠭᠠᠳᠬᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠪᠦᠬᠦ ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠲᠣᠳᠣᠷᠬᠠᠶᠢᠯᠠᠵᠤ᠂ ᠬᠥᠮᠦᠨ ᠳᠤ ᠪᠣᠳᠠᠲᠠᠢ ᠪᠠᠷ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃      ᠬᠤᠷᠠᠯ ᠠᠴᠠ ᠬᠤᠷᠠᠯ ᠠᠴᠠ ᠴᠢᠬᠤᠯᠠᠴᠢᠯᠠᠭᠰᠠᠨ ᠨᠢ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠦᠨᠳᠦ ᠶᠡᠭᠡ ᠣᠨᠴᠠ ᠶᠡᠭᠡ ᠠᠳᠡᠯ ᠢ ᠬᠤᠷᠢᠭᠯᠠᠬᠤ ᠶᠢ ᠢᠮᠠᠭᠲᠠ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠬᠡᠷᠡᠭᠲᠡᠢ︔ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠯᠠᠩᠭᠤᠶ᠎ᠠ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠠᠪᠤᠷᠠᠨ ᠲᠤᠰᠠᠯᠠᠬᠤ ᠡᠳ᠋ ᠪᠣᠳᠠᠰ ᠪᠠ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠠᠪᠤᠷᠠᠯᠳᠠ ᠬᠢᠵᠦ᠂ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ᠂ ᠰᠢᠲᠠᠮᠠᠬᠠᠶ ᠬᠡᠶ ᠶᠢᠨ ᠬᠤᠭᠤᠯᠠᠶ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ᠂ ᠲᠡᠮᠦᠷᠯᠢᠭ ᠪᠣᠯᠪᠠᠰᠤᠷᠠᠭᠤᠯᠬᠤ᠂ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠲᠡᠭᠡᠭᠡᠪᠦᠷᠢ᠂ ᠲᠡᠮᠦᠷ ᠵᠠᠮ ᠤᠨ ᠲᠡᠭᠡᠭᠡᠪᠦᠷᠢ᠂ ᠵᠢᠭᠤᠯᠴᠢᠯᠠᠯ ᠤᠨ ᠠᠮᠤᠷ ᠲᠦᠪᠰᠢᠨ᠂ ᠣᠨᠴᠠ ᠲᠥᠷᠥᠯ ᠤᠨ ᠲᠥᠬᠦᠭᠡᠷᠦᠮᠵᠢ᠂ ᠰᠢᠤᠳᠠᠨ ᠤ ᠲᠦᠷᠭᠡᠨ ᠬᠦᠷᠭᠡᠯᠲᠡ᠂ ᠠᠶᠤᠯᠲᠠᠶ ᠬᠠᠶᠠᠭᠳᠠᠮᠠᠯ ᠪᠣᠳᠠᠰ᠂ ᠪᠠᠷᠢᠯᠭ᠎ᠠ ᠶᠢᠨ ᠠᠵᠢᠯ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠬᠡᠰᠡᠭ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠶ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠨᠡᠶᠢᠳᠡᠮ ᠬᠠᠮᠤᠷᠬᠤ ᠶᠢ ᠦᠨᠡᠨᠬᠦ ᠪᠠᠲᠤᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠪᠡᠶᠡᠯᠡᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠳᠤᠮᠳᠠᠬᠢ ᠠᠭᠤᠵᠢᠭᠤ ᠵᠥᠭᠡᠯᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠬᠤᠷᠢᠭᠯᠠᠵᠤ᠂ ᠴᠠᠭ ᠤᠯᠠᠷᠢᠯ ᠤᠨ ᠣᠨᠴᠠᠯᠢᠭ ᠢ ᠴᠢᠩᠭ᠎ᠠ ᠠᠩᠬᠠᠷᠴᠤ᠂ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠴᠠᠭ ᠠᠭᠤᠷ ᠤᠨ ᠭᠠᠮᠰᠢᠭ ᠢ ᠠᠷᠭᠠᠴᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ ᠬᠠᠲᠠᠭᠤ ᠠᠷᠭ᠎ᠠ  ᠬᠡᠮᠵᠢᠶ᠎ᠡ︾ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠭᠦᠨᠵᠡᠭᠡᠢ ᠰᠤᠷᠤᠯᠴᠠᠨ ᠰᠠᠶᠢᠲᠤᠷ ᠣᠶᠢᠯᠠᠭᠠᠵᠤ᠂ ᠵᠣᠷᠢᠭ ᠰᠠᠨᠠᠭ᠎ᠠ ᠶᠢ ᠦᠨᠡᠨᠬᠦ ᠨᠡᠪᠳᠡᠷᠡᠳᠡᠯ᠎ᠠ ᠣᠶᠢᠯᠠᠭᠠᠵᠤ᠂ ᠣᠨᠣᠪᠴᠢᠲᠠᠢ ᠤᠢᠢᠯᠠᠭᠠᠨ ᠣᠨᠣᠪᠴᠢᠲᠠᠢ ᠬᠡᠷᠡᠭᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠣᠮᠤᠭ ᠵᠣᠷᠢᠭ ᠲᠡᠭᠦᠯᠳᠡᠷ ᠪᠠᠶᠢᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠴᠢᠩᠭ᠎ᠠ ᠪᠣᠳᠠᠲᠠᠶᠢᠵᠢᠭᠤᠯᠵᠤ᠂ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠬᠤ ᠬᠡᠷᠡᠭᠲᠡᠶ      ᠬᠤᠷᠠᠯ ᠠᠴᠠ ᠱᠠᠭᠠᠷᠳᠠᠭᠰᠠᠨ ᠨᠢ᠂ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠴᠢᠩᠭ᠎ᠠ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠰᠢᠪᠠᠳᠠᠨ ᠪᠠᠶᠢᠴᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ︾ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠨᠢᠭᠡᠳᠦᠭᠡᠷ ᠹᠷᠣᠨᠲ ᠲᠤ ᠪᠠᠭᠤᠯᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠬᠢᠵᠦ᠂ ᠡᠯ᠎ᠡ ᠬᠢᠨᠠᠯᠲᠠ ᠬᠠᠮᠢᠶᠠᠷᠤᠯᠲᠠ ᠶᠢᠨ ᠠᠵᠢᠯ ᠲᠥᠷᠥᠯ ᠤᠨ ᠨᠢᠭᠡᠳᠦᠭᠡᠷ ᠬᠠᠷᠢᠭᠤᠴᠠᠯᠭᠠᠲᠠᠨ  ᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠮᠡᠳᠡᠭᠦᠯᠵᠦ ᠥᠪᠡᠷ ᠲᠡᠭᠡᠨ ᠥᠭᠡᠷᠡᠴᠢᠯᠡᠬᠦ ᠶᠢ ᠰᠢᠮᠳᠠᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠴᠠᠭ ᠲᠤᠬᠠᠶ  ᠲᠤᠨᠢ ᠮᠡᠳᠡᠭᠦᠯᠬᠦ ᠬᠡᠷᠡᠭᠲᠡᠶ᠃ ᠠᠰᠠᠭᠤᠳᠠᠯ ᠣᠷᠣᠰᠢᠵᠤ ᠪᠠᠶᠢᠭ᠎ᠠ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠠᠵᠤ ᠠᠬᠤᠶᠢᠯᠠᠯ ᠢ ᠰᠢᠪᠠᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠵᠤ᠂ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠨ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠡ ᠲᠤᠰ ᠲᠤᠰ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠨᠡᠶᠢᠲᠡᠯᠢᠭ ᠵᠢᠱᠢᠶ᠎ᠡ ᠪᠠᠷ ᠶᠠᠷᠢᠶ᠎ᠠ ᠲᠠᠯᠪᠢᠭᠰᠠᠨ ᠪᠥᠭᠡᠳ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ᠃    ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠬᠤᠯᠪᠣᠭᠳᠠᠯ ᠪᠦᠬᠦᠢ ᠭᠤᠣᠯᠳᠠᠯᠭ᠎ᠠ ᠲᠠᠢ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3