2022 ᠣᠨ ᠢ ᠰᠠᠶᠢᠲᠤᠷ ᠬᠢᠬᠦ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ | ᠥᠨᠳᠥᠷ ᠳᠤᠮᠳᠠᠳᠤ ᠶᠢᠨ ᠰᠢᠯᠭᠠᠯᠲᠠ ᠶᠢᠨ ᠰᠡᠳᠦᠪ ᠭᠠᠷᠭᠠᠬᠤ ᠠᠵᠢᠯ ᠤᠨ ᠮᠡᠳᠡᠭᠳᠡᠯ | ᠰᠤᠷᠭᠠᠨ ᠬᠥᠮᠦᠵᠢᠯ ᠤᠨ ᠰᠠᠭᠤᠷᠢ ᠲᠢᠩᠬᠢᠮ ᠤᠨ ᠵᠠᠬᠢᠳᠠᠯ ﹇2022﹈ 6 ᠳ᠋ᠤᠭᠠᠷ ᠲᠣᠭᠠᠲᠤ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠤᠷᠭᠠᠨ ᠬᠥᠮᠦᠵᠢᠯ ᠤᠨ | ᠲᠢᠩᠬᠢᠮ ︵ᠰᠤᠷᠭᠠᠨ ᠬᠥᠮᠦᠵᠢᠯ ᠤᠨ ᠵᠥᠪᠯᠡᠯ︶᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ᠄ | ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ︽ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ | ᠴᠢᠩᠭᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠰᠠᠨᠠᠯ︾ ᠤᠨ ᠪᠠᠶᠢᠷᠢᠯᠠᠭᠤᠯᠤᠯᠲᠠ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠭᠠᠷᠭᠠᠬᠤ | ᠠᠵᠢᠯ ᠢ ᠲᠠᠰᠤᠷᠠᠯᠲᠠᠡᠭᠦᠨ ᠤ ᠵᠡᠷᠭᠡ ᠳᠤ᠂ ᠡᠯ᠎ᠡ ᠭᠠᠵᠠᠷ ᠤᠨ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠰᠡᠳᠦᠪ ᠢ ᠮᠥᠷᠳᠡᠨ ᠦᠨᠡᠯᠡᠨ ᠵᠢᠱᠢᠭᠰᠡᠨ ᠪᠠᠶᠢᠳᠠᠯ ᠠᠴᠠ ᠦᠵᠡᠪᠡᠯ᠂ ᠵᠠᠷᠢᠮ ᠭᠠᠵᠠᠷ ᠣᠷᠣᠨ ᠳᠤ | ᠪᠠᠰᠠ ᠪᠠᠷᠢᠮᠵᠢᠶ᠎ᠠ ᠠᠴᠠ ᠬᠡᠲᠦᠷᠡᠭᠦᠯᠦᠨ ᠰᠡᠳᠦᠪ ᠭᠠᠷᠭᠠᠬᠤ᠂ ᠰᠢᠯᠭᠠᠯᠲᠠ ᠶᠢᠨ ᠬᠠᠭᠤᠳᠠᠰᠤ ᠶᠢᠨ ᠬᠦᠴᠢᠷ ᠤᠨ | ᠬᠡᠮᠵᠢᠶ᠎ᠡ ᠵᠦᠶ ᠵᠣᠬᠢᠰ ᠦᠭᠡᠶ ᠪᠠᠶᠢᠬᠤ᠂ ᠴᠡᠭᠡᠵᠢᠯᠡᠬᠦ ᠴᠢᠨᠠᠷᠲᠠᠶ ᠰᠢᠯᠭᠠᠯᠲᠠ ᠶᠢᠨ ᠰᠡᠳᠦᠪ ᠤᠨ ᠬᠠᠷᠢᠴᠠᠯ ᠪᠠᠭ᠋ᠠᠨ | ᠥᠨᠳᠥᠷ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ 2022 ᠣᠨ ᠳᠤ ︽ᠬᠤᠶᠠᠷ ᠢ ᠪᠠᠭᠠᠰᠬᠠᠬᠤ︾ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠠᠩᠬᠠᠳᠤᠭᠠᠷ ᠤᠳᠠᠭᠠᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢ ᠤᠭᠲᠤᠨ ᠠᠪᠴᠢᠷᠠᠵᠤ᠂ 2022 ᠣᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ ᠰᠠᠶᠢᠲᠤᠷ ᠬᠢᠬᠦ ᠨᠢ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠥᠲᠥᠯᠦᠨ | ᠵᠢᠯᠣᠭᠤᠳᠬᠤ᠂ ᠳᠠᠷᠤᠭᠠᠰᠤ ᠶᠢ ᠬᠥᠩᠭᠡᠯᠡᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ᠂ ︽ᠬᠤᠶᠠᠷ ᠢ | ᠪᠠᠭᠠᠰᠬᠠᠬᠤ︾ ᠦᠷ᠎ᠡ ᠪᠦᠲᠦᠭᠡᠯ ᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 2022 ᠣᠨ ᠤ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠮᠤᠵᠢ ᠶᠢᠨ ᠱᠠᠲᠤᠨ ᠤ ᠨᠢᠭᠡᠳᠦᠯᠲᠡᠶ ᠰᠡᠳᠦᠪ ᠭᠠᠷᠭᠠᠬᠤ ᠶᠢ ᠢᠳᠡᠪᠬᠢᠲᠡᠶ ᠪᠠᠷ ᠲᠦᠯᠬᠢᠨ | ᠠᠬᠢᠭᠤᠯᠤᠨ᠎ᠠ᠃ ᠮᠤᠵᠢ ᠶᠢᠨ ᠱᠠᠲᠤᠨ ᠳᠤ ᠨᠢᠭᠡᠳᠦᠯᠲᠡᠶ ᠰᠡᠳᠦᠪ ᠭᠠᠷᠭᠠᠬᠤ ᠶᠢ ᠬᠠᠷᠠᠬᠠᠨ ᠬᠡᠷᠡᠭᠵᠢᠭᠦᠯᠦᠭᠡᠳᠦᠶ ᠮᠤᠵᠢ | ᠣᠷᠣᠨ᠂ ᠢᠯᠠᠩᠭᠤᠶ᠎ᠠ ᠬᠠᠷᠢᠶ᠎ᠠ ᠣᠷᠣᠨ ᠤ ᠳᠣᠲᠣᠷ᠎ᠠ ᠭᠠᠵᠠᠷ ᠤᠨ ᠬᠤᠲᠠ ᠶᠢᠨ ᠰᠡᠳᠦᠪ ᠭᠠᠷᠭᠠᠬᠤ ᠨᠢᠭᠡᠴᠡ ᠳᠤ | ᠰᠡᠳᠦᠪ ᠭᠠᠷᠭᠠᠬᠤ ᠬᠠᠮᠢᠶᠠᠷᠤᠯᠲᠠ ᠲᠡᠭᠦᠯᠳᠡᠷ ᠪᠤᠰᠤ᠂ ᠨᠥᠬᠦᠴᠡᠯ ᠤᠨ ᠪᠠᠲᠤᠯᠠᠭ᠎ᠠ ᠬᠦᠷᠦᠯᠴᠡᠬᠦ ᠥᠬᠡᠶ᠂ ᠰᠡᠳᠦᠪ | ᠭᠠᠷᠭᠠᠬᠤ ᠬᠥᠮᠦᠨ ᠤ ᠲᠤᠭ᠎ᠠ ᠨᠢ ᠬᠦᠷᠦᠯᠴᠡᠬᠦ ᠥᠬᠡᠶ᠂ ᠰᠡᠳᠦᠪ ᠭᠠᠷᠭᠠᠬᠤ ᠶᠠᠰᠤ ᠴᠢᠨᠠᠷ ᠨᠢ ᠥᠨᠳᠥᠷ ᠪᠢᠰᠢ ᠵᠡᠷᠭᠡ | ᠠᠰᠠᠭᠤᠳᠠᠯ ᠣᠷᠣᠰᠢᠵᠤ ᠪᠠᠶᠢᠭ᠎ᠠ ᠮᠤᠵᠢ ᠣᠷᠣᠨ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ 2022 | ᠣᠨ ᠳᠤ ᠮᠤᠵᠢ ᠶᠢᠨ ᠱᠠᠲᠤᠨ ᠳᠤ ᠨᠢᠭᠡᠳᠦᠯᠲᠡᠶ ᠰᠡᠳᠦᠪ ᠭᠠᠷᠭᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠰᠡᠳᠦᠪ | ᠭᠠᠷᠭᠠᠬᠤ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠦᠨᠡᠬᠡᠷ ᠨᠥᠬᠦᠴᠡᠯ ᠪᠦᠷᠢᠯᠳᠦᠭᠦᠯᠦᠭᠰᠡᠨ ᠥᠬᠡᠶ | ᠮᠤᠵᠢ ᠣᠷᠣᠨ ᠨᠢ ᠮᠤᠵᠢ ᠶᠢᠨ ᠱᠠᠲᠤᠨ ᠤ ᠨᠢᠭᠡᠳᠦᠯᠲᠡᠶ ᠰᠡᠳᠦᠪ ᠭᠠᠷᠭᠠᠬᠤ ᠶᠢ ᠲᠦᠷᠭᠡᠪᠴᠢᠯᠡᠨ ᠠᠬᠢᠭᠤᠯᠬᠤ | ᠠᠵᠢᠯ ᠤᠨ ᠲᠥᠰᠦᠯ ᠢ ᠰᠤᠳᠤᠯᠤᠨ ᠳᠤᠷᠠᠳᠴᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ | ᠲᠣᠳᠣᠷᠬᠠᠶ ᠪᠣᠯᠭᠠᠵᠤ᠂ 2024 ᠣᠨ ᠪᠣᠯᠬᠤ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ | ᠡᠯᠰᠡᠬᠦ ᠰᠢᠯᠭᠠᠯᠲᠠ ᠶᠢᠨ ᠮᠤᠵᠢ ᠶᠢᠨ ᠱᠠᠲᠤᠨ ᠤ ᠨᠢᠭᠡᠳᠦᠯᠲᠡᠶ ᠰᠡᠳᠦᠪ ᠭᠠᠷᠭᠠᠬᠤ ᠶᠢ ᠪᠡᠶᠡᠯᠡᠭᠦᠯᠬᠦ ᠬᠡᠷᠡᠭᠲᠡᠶ᠃ | ᠬᠤᠶᠠᠷ᠂ ᠰᠢᠯᠭᠠᠯᠲᠠ ᠶᠢᠨ ᠰᠡᠳᠦᠪ ᠤᠨ ᠤᠯᠤᠰ ᠲᠦᠷᠦ ᠶᠢᠨ ᠴᠢᠨᠠᠷᠲᠠᠢ ᠬᠢᠨᠠᠨ ᠪᠠᠶᠢᠴᠠᠭᠠᠯᠲᠠ ᠶᠢ | ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ | ᠰᠡᠳᠦᠪ ᠭᠠᠷᠭᠠᠬᠤ ᠠᠵᠢᠯ ᠤᠨ ᠳᠤᠮᠳᠠ ᠪᠠᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠰᠤᠷᠭᠠᠭᠤᠯᠢ ᠶᠢ ᠬᠥᠲᠥᠯᠥᠨ ᠵᠢᠯᠣᠭᠤᠳᠴᠤ ᠪᠠᠶᠢᠭᠠᠳ ᠬᠡᠪ ᠴᠢᠨᠠᠷ ᠤᠨ ᠰᠤᠷᠭᠠᠨ ᠬᠥᠮᠦᠵᠢᠯ ᠢ | ᠪᠥᠬᠦ ᠲᠠᠯ᠎ᠠ ᠪᠠᠷ ᠬᠥᠭᠵᠢᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ | ᠦᠵᠡᠯᠲᠡ᠂ ᠠᠮᠢᠳᠤᠷᠠᠬᠤᠶ ᠶᠢᠨ ᠦᠵᠡᠯᠲᠡ ᠪᠠ ᠥᠷᠲᠡᠭ ᠤᠨ ᠦᠵᠡᠯᠲᠡ ᠲᠠᠢ ᠪᠣᠯᠭᠠᠬᠤ ᠬᠡᠷᠡᠭᠲᠡᠶ᠃ | ᠰᠢᠯᠭᠠᠯᠲᠠ ᠶᠢᠨ ᠰᠡᠳᠦᠪ ᠤᠨ ᠤᠯᠤᠰ ᠲᠥᠷᠥ ᠶᠢᠨ ᠴᠢᠨᠠᠷᠲᠠᠶ ᠬᠢᠨᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠡᠯ᠎ᠡ | ᠰᠢᠨᠵᠢᠯᠡᠭᠡᠨ ᠤ ᠰᠠᠯᠠᠭ᠎ᠠ ᠢᠯᠠᠩᠭᠤᠶ᠎ᠠ ᠬᠡᠯᠡ ᠪᠢᠴᠢᠭ᠂ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ᠂ ᠲᠡᠦᠬᠡ᠂ | ᠭᠠᠵᠠᠷ ᠵᠦᠶ ᠵᠡᠷᠭᠡ ᠰᠢᠨᠵᠢᠯᠡᠭᠡᠨ ᠤ ᠰᠠᠯᠠᠭ᠎ᠠ ᠶᠢᠨ ᠰᠢᠯᠭᠠᠯᠲᠠ ᠶᠢᠨ ᠰᠡᠳᠦᠪ ᠤᠨ ᠤᠯᠤᠰ ᠲᠥᠷᠥ ᠶᠢᠨ ᠴᠢᠨᠠᠷᠲᠠᠶ | ᠬᠢᠨᠠᠨ ᠪᠠᠶᠢᠴᠠᠭᠠᠯᠲᠠ ᠶᠢ ᠦᠨᠡᠨᠬᠦ ᠴᠢᠩᠭᠠᠳᠬᠠᠵᠤ᠂ ᠰᠢᠯᠭᠠᠯᠲᠠ ᠶᠢᠨ ᠰᠡᠳᠦᠪ ᠤᠨ ᠮᠠᠲ᠋ᠧᠷᠢᠶᠠᠯ ᠰᠣᠩᠭᠤᠬᠤ | ᠥᠷᠲᠡᠭ ᠤᠨ ᠤᠳᠤᠷᠢᠳᠤᠮᠵᠢ ᠪᠠ ᠮᠠᠲ᠋ᠧᠷᠢᠶᠠᠯ ᠤᠨ ᠬᠡᠷᠡᠭᠯᠡᠯᠲᠡ ᠶᠢᠨ ᠴᠢᠩᠭ᠎ᠠ ᠨᠢᠮᠪᠠᠶ ᠴᠢᠨᠠᠷ ᠢ ᠭᠤᠤᠯᠳᠠᠯᠭ᠎ᠠ ᠲᠠᠢ | ᠬᠢᠨᠠᠨ ᠪᠠᠶᠢᠴᠠᠭᠠᠵᠤ᠂ ᠤᠯᠤᠰ ᠤᠨ ᠲᠤᠭ ᠤᠯᠤᠰ ᠤᠨ ᠰᠦᠯᠳᠡ ᠶᠢᠨ ᠵᠢᠷᠤᠭ ᠤᠨ ᠬᠡᠷᠡᠭᠯᠡᠯᠲᠡ ᠨᠢ ᠵᠢᠷᠤᠮᠵᠢᠯ ᠥᠬᠡᠶ | ᠂ ᠤᠯᠤᠰ ᠤᠨ ᠭᠠᠵᠠᠷ ᠤᠨ ᠵᠢᠷᠤᠭ ᠤᠨ ᠬᠡᠪᠯᠡᠯ ᠤᠨ ᠬᠡᠯᠪᠡᠷᠢ ᠨᠢ ᠪᠦᠷᠢᠨ ᠪᠤᠰᠤ᠂ ᠦᠨᠳᠦᠰᠦᠲᠡᠨ ᠤ ᠵᠠᠩ ᠳᠠᠳᠬᠠᠯ | ᠪᠠ ᠱᠠᠰᠢᠨ ᠰᠢᠲᠦᠯᠭᠡ ᠶᠢ ᠥᠯᠥ ᠬᠦᠨᠳᠦᠳᠬᠡᠬᠦ ᠵᠡᠷᠭᠡ ᠠᠰᠠᠭᠤᠳᠠᠯ ᠭᠠᠷᠬᠤ ᠶᠢ ᠲᠠᠰᠤ ᠬᠤᠷᠢᠭᠯᠠᠵᠤ᠂ | ᠰᠢᠯᠭᠠᠯᠲᠠ ᠶᠢᠨ ᠰᠡᠳᠦᠪ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠦᠨᠡᠨ ᠬᠦ ᠪᠠᠲᠤᠯᠠᠨ᠎ᠠ᠃ | ᠭᠤᠷᠪᠠ᠂ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠪᠠᠷᠢᠮᠲᠠᠯᠠᠨ ᠰᠡᠳᠦᠪ ᠭᠠᠷᠭᠠᠬᠤ ᠬᠡᠷᠡᠭᠲᠡᠶ᠃ ᠡᠯ᠎ᠡ | ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠨ ᠰᠡᠳᠦᠪ | ᠭᠠᠷᠭᠠᠬᠤ ᠲᠣᠭᠲᠠᠭᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠥᠲᠥᠯᠪᠦᠷᠢ ᠪᠤᠶᠤ ᠰᠢᠯᠭᠠᠯᠲᠠ ᠶᠢᠨ | ᠲᠣᠳᠣᠷᠬᠠᠶᠢᠯᠠᠯᠲᠠ ᠶᠢ ᠡᠷᠡᠰ ᠬᠦᠴᠦᠨ ᠥᠬᠡᠶ ᠪᠣᠯᠭᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠰᠡᠳᠦᠪ ᠭᠠᠷᠭᠠᠬᠤ ᠪᠠ | ᠰᠢᠯᠭᠠᠯᠲᠠ ᠶᠢᠨ ᠠᠭᠤᠯᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠥᠬᠡᠶ᠂ ᠬᠠᠰᠤᠵᠤ ᠪᠣᠯᠬᠤ | ᠥᠬᠡᠶ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ᠂ ᠬᠢᠴᠢᠶᠡᠯ ᠲᠥᠷᠥᠯ ᠤᠨ | ᠤᠷᠤᠯᠳᠤᠭᠠᠨ ᠤ ᠰᠡᠳᠦᠪ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠭᠤᠯᠭ᠎ᠠ ᠶᠢ ᠰᠢᠯᠭᠠᠯᠲᠠ ᠶᠢᠨ | ᠠᠭᠤᠯᠭ᠎ᠠ ᠪᠣᠯᠭᠠᠬᠤ ᠶᠢ ᠴᠢᠩᠭ᠎ᠠ ᠴᠠᠭᠠᠵᠠᠯᠠᠵᠤ᠂ ᠪᠠᠷᠢᠮᠵᠢᠶ᠎ᠠ ᠶᠣᠰᠣᠭᠠᠷ ᠰᠡᠳᠦᠪ ᠭᠠᠷᠭᠠᠬᠤ᠂ ᠵᠢᠭᠠᠬᠤ ᠪᠠ | ᠰᠢᠯᠭᠠᠬᠤ ᠶᠢ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ ᠰᠢᠯᠭᠠᠯᠲᠠ ᠶᠢᠨ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠳᠤ | ᠬᠦᠴᠢᠷᠳᠡᠬᠦᠡᠯᠡ ᠭᠠᠵᠠᠷ ᠤᠨ ᠬᠢᠨ ︽ᠬᠤᠶᠠᠷ ᠰᠢᠯᠭᠠᠯᠲᠠ ᠶᠢ ᠨᠢᠭᠡᠳᠬᠡᠬᠦ︾ ︽ᠰᠤᠷᠭᠠᠭᠤᠯᠢ ᠲᠡᠭᠦᠰᠬᠦ ᠪᠠ | ᠰᠤᠷᠭᠠᠭᠤᠯᠢ ᠳᠡᠪᠰᠢᠬᠦ ᠶᠢ ᠬᠠᠮᠲᠤ ᠳᠤᠨᠢ ᠬᠠᠷᠠᠭᠠᠯᠵᠠᠬᠤ︾ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠡᠯ᠎ᠡ | ᠬᠤᠯᠪᠣᠭᠳᠠᠯ ᠪᠥᠬᠦᠶ ᠰᠢᠨᠵᠢᠯᠡᠭᠡᠨ ᠤ ᠰᠠᠯᠠᠭ᠎ᠠ ᠶᠢᠨ ᠰᠢᠯᠭᠠᠯᠲᠠ ᠶᠢᠨ ᠬᠠᠭᠤᠳᠠᠰᠤ ᠶᠢᠨ ᠰᠢᠯᠭᠠᠯᠲᠠ ᠶᠢᠨ ᠴᠠᠭ ᠤᠨ | ᠣᠷᠳᠣ᠂ ᠪᠠᠭᠲᠠᠭᠠᠮᠵᠢ᠂ ᠬᠦᠴᠢᠷ ᠤᠨ ᠬᠡᠮᠵᠢᠶ᠎ᠡ ᠵᠡᠷᠭᠡ ᠳᠤ ᠤᠯᠠᠮ ᠨᠢᠭᠡ ᠠᠯᠬᠤᠮ ᠵᠢᠷᠤᠮᠵᠢᠭᠰᠠᠨ ᠱᠠᠭᠠᠷᠳᠠᠯᠭ᠎ᠠ | ᠳᠤᠷᠠᠳᠴᠤ᠂ ᠰᠢᠯᠭᠠᠯᠲᠠ ᠶᠢᠨ ᠬᠠᠭᠤᠳᠠᠰᠤ ᠶᠢᠨ ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠶ | ᠵᠣᠬᠢᠰᠲᠠᠶ ᠲᠣᠬᠢᠷᠠᠭᠤᠯᠵᠤ᠂ ᠰᠢᠯᠭᠠᠯᠲᠠ ᠶᠢᠨ ᠬᠠᠭᠤᠳᠠᠰᠤ ᠬᠡᠲᠦ ᠬᠦᠴᠢᠷᠲᠡᠶ ᠪᠣᠯ ᠰᠣᠷᠣᠭᠴᠢ ᠶᠢᠨ ᠰᠤᠷᠤᠯᠭ᠎ᠠ ᠶᠢᠨ | ᠳᠠᠷᠤᠭᠠᠰᠤ ᠶᠢ ᠨᠡᠮᠡᠭᠳᠡᠭᠦᠯᠬᠦ ᠠᠴᠠ ᠰᠡᠷᠭᠡᠶᠢᠯᠡᠬᠦ ᠬᠡᠷᠡᠭᠲᠡᠶ ᠮᠥᠷᠲᠡᠭᠡᠨ ᠪᠠᠰᠠ ᠰᠢᠯᠭᠠᠯᠲᠠ ᠶᠢᠨ ᠬᠠᠭᠤᠳᠠᠰᠤ ᠬᠡᠲᠦ | ᠬᠢᠯᠪᠠᠷ ᠪᠣᠯ ᠢᠯᠭᠠᠪᠤᠷᠢ ᠶᠢᠨ ᠬᠡᠮᠵᠢᠶ᠎ᠡ ᠶᠢ ᠢᠯᠡᠷᠡᠭᠦᠯᠬᠦ ᠳᠤ ᠪᠡᠷᠬᠡ ᠪᠣᠯᠬᠤ ᠠᠴᠠ ᠵᠠᠶᠢᠯᠠᠰᠬᠢᠬᠦ ᠬᠡᠷᠡᠭᠲᠡᠶ᠃ ᠠᠳᠠᠯᠢ | ᠪᠤᠰᠤ ᠰᠢᠨᠵᠢᠯᠡᠭᠡᠨ ᠤ ᠰᠠᠯᠠᠭ᠎ᠠ ᠶᠢᠨ ᠣᠨᠴᠠᠯᠢᠭ ᠢ ᠦᠨᠳᠦᠰᠦᠯᠡᠨ᠂ ᠰᠢᠯᠭᠠᠯᠲᠠ ᠶᠢᠨ ᠬᠠᠭᠤᠳᠠᠰᠤ ᠶᠢᠨ | ᠰᠢᠯᠭᠠᠯᠲᠠ ᠶᠢᠨ ᠰᠡᠳᠦᠪ ᠤᠨ ᠪᠦᠲᠦᠴᠡ ᠶᠢ ᠵᠣᠬᠢᠰᠲᠠᠶ ᠳᠣᠭᠢᠷᠠᠭᠤᠯᠵᠤ᠂ ᠴᠡᠭᠡᠵᠢᠯᠡᠬᠦᠶ ᠶᠢᠨ ᠴᠢᠨᠠᠷᠲᠠᠶ | ᠰᠢᠯᠭᠠᠯᠲᠠ ᠶᠢᠨ ᠰᠡᠳᠦᠪ ᠢ ᠪᠠᠭᠠᠰᠬᠠᠨ᠂ ᠰᠦᠪᠡᠭᠴᠢᠯᠡᠯᠳᠦ ᠴᠢᠨᠠᠷᠲᠠᠶ᠂ ᠨᠡᠭᠡᠭᠡᠯᠲᠡᠲᠦ ᠴᠢᠨᠠᠷᠲᠠᠶ᠂ ᠶᠡᠷᠦᠩᠬᠡᠶᠢᠯᠡᠭᠰᠡᠨ | ᠴᠢᠨᠠᠷᠲᠠᠶ ᠰᠢᠯᠭᠠᠯᠲᠠ ᠶᠢᠨ ᠰᠡᠳᠦᠪ ᠢ ᠨᠡᠮᠡᠭᠳᠡᠭᠦᠯᠵᠦ᠂ ᠬᠡᠯᠪᠠᠶᠢᠭᠦᠦ ᠰᠡᠳᠦᠪ ᠬᠠᠴᠢᠨ ᠰᠡᠳᠦᠪ ᠢ ᠡᠷᠡᠰ ᠰᠡᠷᠭᠡᠶᠢᠯᠡᠨ | ᠬᠤᠷᠢᠭᠯᠠᠵᠤ᠂ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠲᠦᠮᠵᠢᠲᠡᠶ ᠰᠢᠯᠭᠠᠨ ᠪᠠᠶᠢᠴᠠᠭᠠᠬᠤ ᠶᠢ | ᠠᠬᠢᠭᠤᠯᠬᠤ ᠬᠡᠷᠡᠭᠲᠡᠶ᠃ | ᠲᠠᠪᠤ᠂ ᠰᠡᠳᠦᠪ ᠭᠠᠷᠭᠠᠭᠰᠠᠳ ᠢ ᠨᠠᠷᠢᠨ ᠬᠢᠨᠠᠮᠠᠭᠠᠶ ᠰᠢᠯᠢᠨ ᠰᠣᠩᠭᠤᠬᠤ ᠬᠡᠷᠡᠭᠲᠡᠶ᠃ ᠡᠯ᠎ᠡ ᠭᠠᠵᠠᠷ ᠤᠨ ᠬᠢᠨ | ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠭ᠎ᠠ ᠬᠡᠮᠵᠢᠶ᠎ᠡ ᠨᠢ ᠭᠦᠢᠴᠡᠳ᠂ ᠪᠦᠲᠦᠴᠡ ᠨᠢ ᠵᠦᠶ ᠵᠣᠬᠢᠰᠲᠠᠶ | ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠱᠠᠭᠠᠷᠳᠠᠯᠭ᠎ᠠ ᠶᠣᠰᠣᠭᠠᠷ᠂ ᠡᠯ᠎ᠡ ᠰᠢᠨᠵᠢᠯᠡᠭᠡᠨ ᠤ ᠰᠠᠯᠠᠭ᠎ᠠ ᠶᠢᠨ | ᠰᠡᠳᠦᠪ ᠭᠠᠷᠭᠠᠬᠤ ᠠᠵᠢᠯᠲᠠᠨ ᠢ ᠬᠢᠨᠠᠮᠠᠭᠠᠶ ᠰᠢᠯᠢᠨ ᠰᠣᠩᠭᠤᠵᠤ᠂ ᠤᠯᠤᠰ ᠤᠨ ᠲᠣᠭᠲᠠᠭᠠᠭᠰᠠᠨ ︽ᠰᠢᠨᠵᠢᠯᠡᠭᠡᠨ ᠤ | ᠰᠠᠯᠠᠭ᠎ᠠ ᠶᠢᠨ ᠰᠡᠳᠦᠪ ᠭᠠᠷᠭᠠᠬᠤ ᠳᠤᠭᠤᠶᠢᠯᠠᠩ ᠨᠢᠭᠡᠪᠦᠷᠢ ᠳᠤ ᠵᠠᠷᠴᠢᠮ ᠳᠡᠭᠡᠷ᠎ᠡ ᠪᠠᠨ 5 ᠬᠥᠮᠦᠨ ︵ᠨᠠᠭᠠᠳᠤ | ᠵᠠᠬ᠎ᠠ ᠳᠠᠭᠠᠨ 2 ᠰᠢᠯᠭᠠᠯᠲᠠ ᠶᠢᠨ ᠰᠡᠳᠦᠪ ᠬᠢᠨᠠᠬᠤ ᠠᠵᠢᠯᠲᠠᠨ ᠪᠠᠭᠲᠠᠨ᠎ᠠ︶︾ ᠠᠴᠠ ᠳᠤᠲᠠᠭᠤ ᠥᠬᠡᠶ ᠪᠠᠶᠢᠬᠤ | ᠦᠨᠳᠦᠰᠦᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠰᠡᠳᠦᠪ ᠭᠠᠷᠭᠠᠭᠴᠢ ᠨᠢ ᠰᠢᠯᠢᠳᠡᠭ | ᠬᠢᠴᠢᠶᠡᠯ ᠲᠥᠷᠥᠯ ᠤᠨ ᠵᠢᠭᠠᠨ ᠰᠤᠳᠤᠯᠤᠭᠴᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠤᠯᠯᠠᠭᠴᠢ ᠪᠠᠭᠰᠢ ᠪᠠᠷ ᠭᠤᠤᠯ ᠪᠣᠯᠭᠠᠵᠤ᠂ ᠨᠥᠬᠦᠴᠡᠯ ᠳᠤ ᠨᠡᠶᠢᠴᠡᠬᠦ | ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠵᠢᠴᠢ ᠪᠤᠰᠤᠳ ᠬᠠᠮᠢᠶ᠎ᠠ | ᠪᠥᠬᠦᠶ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠢᠳᠡᠪᠬᠢᠲᠡᠶ ᠪᠠᠷ ᠡᠯᠰᠡᠨ ᠠᠪᠬᠤ ᠬᠡᠷᠡᠭᠲᠡᠶ᠃ | ᠰᠡᠳᠦᠪ ᠭᠠᠷᠭᠠᠭᠰᠠᠳ ᠤᠨ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ | ᠵᠢᠷᠭᠤᠭ᠎ᠠ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠰᠡᠳᠦᠪ ᠤᠨ ᠬᠠᠮᠢᠶᠠᠷᠤᠯᠲᠠ ᠵᠢᠡᠯᠡ ᠭᠠᠵᠠᠷ ᠤᠨ ᠬᠢᠨ | ᠰᠡᠳᠦᠪ ᠭᠠᠷᠭᠠᠬᠤ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠬᠦᠯᠵᠦ | ᠂ ᠰᠡᠳᠦᠪ ᠭᠠᠷᠭᠠᠬᠤ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠰᠢᠯᠭᠠᠯᠲᠠ ᠶᠢᠨ ᠴᠡᠭ ᠤᠨ ᠨᠥᠬᠦᠴᠡᠯ ᠤᠨ | ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠴᠢᠩᠭᠠᠷᠠᠭᠤᠯᠤᠨ᠂ | ᠰᠡᠳᠦᠪ ᠭᠠᠷᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠡᠳᠦᠪ | ᠭᠠᠷᠭᠠᠭᠰᠠᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ | ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠰᠡᠳᠦᠪ ᠭᠠᠷᠭᠠᠬᠤ | ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠰᠢᠯᠭᠠᠯᠲᠠ ᠶᠢᠨ ᠰᠡᠳᠦᠪ ᠢ ᠲᠣᠭᠲᠠᠭᠠᠬᠤ ᠠᠵᠢᠯᠲᠠᠨ | ᠪᠠ ᠬᠢᠨᠠᠨ ᠬᠠᠷᠭᠤᠭᠤᠯᠬᠤ ᠠᠵᠢᠯᠲᠠᠨ ᠢ ᠰᠠᠯᠭᠠᠬᠤ ᠶᠢ ᠪᠠᠷᠢᠮᠲᠠᠯᠠᠵᠤ᠂ ᠰᠢᠯᠭᠠᠯᠲᠠ ᠶᠢᠨ ᠬᠠᠭᠤᠳᠠᠰᠤ ᠶᠢᠨ ᠤᠯᠤᠰ | ᠲᠥᠷᠥᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠮᠡᠷᠭᠡᠵᠢᠯ ᠤᠨ ᠴᠢᠨᠠᠷ᠂ ᠵᠢᠷᠤᠮ ᠤᠨ ᠴᠢᠨᠠᠷ ᠤᠨ ᠬᠢᠨᠠᠨ | ᠪᠠᠶᠢᠴᠠᠭᠠᠯᠲᠠ ᠪᠠ ᠰᠢᠨᠵᠢᠯᠡᠭᠡᠨ ᠤ ᠰᠠᠯᠠᠭ᠎ᠠ ᠶᠢ ᠰᠣᠯᠪᠢᠴᠠᠭᠤᠯᠤᠨ ᠬᠢᠨᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ | ᠰᠢᠯᠭᠠᠯᠲᠠ ᠦᠵᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠡᠶᠡᠴᠢ ᠴᠢᠨᠠᠷᠲᠠᠢ ᠰᠢᠯᠭᠠᠯᠲᠠ ᠶᠢᠨ | ᠰᠡᠳᠦᠪ ᠤᠨ ︽ᠨᠢᠭᠡ ᠰᠡᠳᠦᠪ ᠢ ᠤᠯᠠᠨ ᠦᠨᠡᠯᠡᠬᠦ︾ ᠲᠦᠷᠢᠮ ᠪᠠ ᠰᠢᠯᠭᠠᠯᠲᠠ ᠶᠢᠨ ᠬᠠᠭᠤᠳᠠᠰᠤ ᠶᠢ ᠰᠤᠭᠤᠴᠢᠨ | ᠪᠠᠶᠢᠴᠠᠭᠠᠵᠤ ᠲᠠᠬᠢᠨ ᠬᠢᠨᠠᠬᠤ ᠲᠦᠷᠢᠮ ᠢ ᠪᠠᠶᠢᠭᠤᠯᠵᠤ᠂ ᠰᠢᠯᠭᠠᠯᠲᠠ ᠦᠵᠡᠬᠦ ᠶᠠᠰᠤ ᠴᠢᠨᠠᠷ ᠪᠠ ᠡᠷᠬᠡ ᠲᠡᠭᠰᠢ ᠲᠥᠪ | ᠭᠤᠣᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ | ᠪᠠᠶᠢᠭᠤᠯᠤᠨ᠂ ᠨᠠᠷᠢᠨ ᠨᠢᠮᠪᠠᠶ ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠶᠠᠮᠤᠨ ᠤ 2021 ᠣᠨ ᠤ ᠥᠨᠳᠥᠷ | ᠳᠤᠮᠳᠠᠳᠤ ᠶᠢᠨ ᠰᠢᠯᠭᠠᠯᠲᠠ ᠶᠢᠨ ᠰᠡᠳᠦᠪ ᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠠᠷᠢᠭᠤ ᠲᠤᠰᠬᠠᠯ ᠲᠠᠢ | ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠥᠨᠳᠥᠷ ᠳᠤᠮᠳᠠᠳᠤ ᠶᠢᠨ ᠰᠢᠯᠭᠠᠯᠲᠠ ᠶᠢᠨ ᠰᠡᠳᠦᠪ ᠤᠨ | ᠠᠵᠢᠯ ᠤᠨ ᠪᠠᠭᠤᠷᠠᠶ ᠭᠤᠭᠴᠤᠭ᠎ᠠ ᠶᠢ ᠭᠦᠨᠵᠡᠭᠡᠶ ᠵᠢᠭᠰᠠᠭᠠᠨ ᠪᠠᠶᠢᠴᠠᠭᠠᠵᠤ᠂ ᠰᠡᠳᠦᠪ ᠤᠨ ᠠᠵᠢᠯ ᠢ ᠪᠥᠬᠦ ᠲᠠᠯ᠎ᠠ ᠪᠠᠷ | ᠴᠢᠩᠭᠠᠳᠬᠠᠨ᠂ 2022 ᠣᠨ ᠤ ᠥᠨᠳᠥᠷ ᠳᠤᠮᠳᠠᠳᠤ ᠶᠢᠨ ᠰᠢᠯᠭᠠᠯᠲᠠ ᠶᠢᠨ ᠰᠡᠳᠦᠪ ᠤᠨ ᠶᠠᠰᠤ ᠴᠢᠨᠠᠷ ᠢ | ᠪᠠᠲᠤᠯᠠᠵᠤ᠂ ︽ᠬᠤᠶᠠᠷ ᠢ ᠪᠠᠭᠠᠰᠬᠠᠬᠤ︾ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠪᠠᠬᠢᠵᠢᠭᠦᠯᠦᠨ | ᠳᠡᠭᠡᠭᠰᠢᠯᠡᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ | ᠃ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ | 2022 ᠣᠨ ᠤ 3 ᠰᠠᠷ᠎ᠠ ᠶᠢᠨ 25 | ᠢᠷᠡᠯᠲᠡ᠄ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |