ᠯᠢ ᠼᠠᠢ ᠴᠢᠩ ᠨᠡᠷ ᠴᠧᠩ ᠭᠤᠸᠠᠨ ᠪᠠᠯᠭᠠᠰᠤᠨ ᠤ ᠰᠢ ᠭᠤᠸᠠᠨ᠂ ᠡᠯ ᠲᠠᠢ ᠽᠢ ᠲᠣᠰᠬᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/5/16
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠤᠯᠭᠠᠯᠴᠠᠭᠤᠯᠬᠤ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠤᠷᠢᠳ ᠢᠶᠠᠷ ᠰᠢᠪᠲᠤᠯᠤᠯᠲᠠ ᠭᠠᠷᠭᠠᠬᠤ ᠶᠢᠨ ᠲᠦᠯᠦᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠭᠦᠨᠵᠡᠭᠡᠢ ᠰᠦᠪᠡᠭᠴᠢᠯᠡᠨ ᠪᠣᠳᠠᠲᠠᠢ ᠬᠡᠷᠡᠭᠵᠢᠭᠦᠯᠵᠦ᠂ 3 ᠰᠠᠷ᠎ᠠ ᠶᠢᠨ 3 ᠤ ᠡᠳᠦᠷ᠂ ᠰᠢᠩ ᠾᠧ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠼᠠᠢ ᠴᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠩ ᠰᠢᠤ ᠯᠦᠩ ᠨᠠᠷ ᠴᠧᠩ ᠭᠤᠸᠠᠨ ᠪᠠᠯᠭᠠᠰᠤ ᠶᠢᠨ ᠰᠢ ᠭᠤᠸᠠᠨ ᠲᠣᠰᠬᠤᠨ᠂ ᠡᠯ ᠲᠠᠢ ᠽᠢ ᠲᠣᠰᠬᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠥᠷᠨᠢᠭᠦᠯᠪᠡ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠪᠣᠯᠤᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠵᠡᠷᠭᠡ ᠬᠥᠮᠦᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠳᠡᠳ᠋ ᠱᠦᠵᠢ ᠯᠢ ᠼᠠᠢ ᠴᠢᠩ ᠨᠡᠷ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠠᠢ ᠵᠢᠱᠢᠶ᠎ᠡ ᠦᠵᠡᠭᠦᠯᠬᠦ ᠲᠣᠰᠬᠤᠨ ᠤ ᠭᠡᠷᠡᠯᠲᠦᠭᠦᠯᠭᠡ ᠨᠣᠭᠤᠭᠠᠷᠠᠭᠤᠯᠤᠯᠲᠠ᠂ ᠲᠣᠰᠬᠤᠨ ᠤ ᠳᠦᠷᠰᠦ ᠪᠠᠶᠢᠳᠠᠯ ᠢ ᠥᠭᠡᠷᠡᠴᠢᠯᠡᠨ ᠳᠡᠭᠡᠭᠰᠢᠯᠡᠭᠦᠯᠬᠦ᠂ ᠲᠣᠰᠬᠤᠨ ᠤ ᠱᠠᠲᠤᠨ ᠤ ᠵᠢᠵᠢᠭ ᠠᠭᠤᠳᠠᠮ ᠲᠠᠯᠠᠪᠠᠶ ᠶᠢ ᠪᠥᠲᠥᠭᠡᠨ ᠪᠠᠶᠢᠭᠤᠯᠬᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠳᠤ ᠣᠷᠣᠰᠢᠵᠤ ᠪᠠᠶᠢᠭ᠎ᠠ ᠭᠤᠤᠯ ᠬᠦᠴᠢᠷᠳᠡᠯ ᠪᠠ ᠠᠰᠠᠭᠤᠳᠠᠯ ᠤᠨ ᠲᠤᠬᠠᠶ ᠶᠠᠷᠢᠯᠴᠠᠨ ᠰᠣᠯᠢᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠥᠷᠨᠢᠭᠦᠯᠬᠦ ᠳᠤ ᠰᠠᠨᠠᠯ ᠰᠠᠨᠠᠭᠤᠯᠭ᠎ᠠ ᠳᠤᠷᠠᠳᠪᠠ᠃      ᠶᠠᠷᠢᠯᠴᠠᠬᠤ ᠬᠤᠷᠠᠯ ᠠᠴᠠ ᠴᠢᠩᠭᠠᠳᠬᠠᠭᠰᠠᠨ ᠨᠢ᠂ ᠴᠧᠩ ᠭᠤᠸᠠᠨ ᠪᠠᠯᠭᠠᠰᠤ ᠪᠣᠯᠤᠨ ᠡᠯ᠎ᠡ ᠲᠣᠰᠬᠤᠨ ᠨᠢᠭᠡ ᠳᠤ᠂ ᠪᠣᠳᠠᠲᠤ ᠪᠠᠶᠢᠳᠠᠯ ᠳᠤ ᠰᠠᠭᠤᠷᠢᠯᠠᠵᠤ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠲᠥᠯᠥᠪᠵᠢᠭᠦᠯᠭᠡ ᠶᠢ ᠤᠷᠢᠳᠠᠪᠠᠷ ᠬᠢᠬᠦ ᠶᠢ ᠪᠠᠷᠢᠮᠲᠠᠯᠠᠵᠤ᠂ ᠠᠶᠢᠯ ᠲᠣᠰᠬᠤᠨ ᠤ ᠠᠯᠤᠰ ᠬᠡᠳᠤ ᠶᠢᠨ ᠲᠥᠯᠥᠪᠵᠢᠭᠦᠯᠭᠡ ᠲᠥᠯᠥᠪᠯᠡᠭᠡ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠪᠡᠶᠡᠯᠡᠭᠦᠯᠵᠦ᠂ ᠡᠷᠲᠡᠬᠡᠨ ᠪᠠᠷᠢᠯᠭ᠎ᠠ ᠪᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ︔ ᠬᠤᠶᠠᠷ ᠲᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠶᠢ ᠴᠢᠩᠭᠠᠳᠬᠠᠨ᠂ ᠪᠣᠬᠢᠷ ᠤᠰᠤ ᠶᠢ ᠰᠢᠢᠳᠪᠦᠷᠢᠯᠡᠬᠦ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ᠲᠣᠰᠬᠤᠨ ᠤ ᠠᠷᠠᠳ ᠢ ᠥᠷᠭᠡᠨ ᠢᠶᠠᠷ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ ᠲᠣᠰᠬᠤᠨ ᠤ ᠣᠯᠠᠨ ᠲᠦᠮᠡᠨ ᠢ ᠬᠡᠷ ᠣᠷᠣᠨ ᠢᠶᠠᠨ ᠪᠥᠲᠥᠭᠡᠨ ᠪᠠᠶᠢᠭᠤᠯᠬᠤ ᠭᠤᠤᠯ ᠴᠣᠭᠴᠠ ᠪᠣᠯᠭᠠᠵᠤ᠂ ᠠᠷᠠᠳ ᠣᠯᠠᠨ ᠤ ᠣᠶᠤᠨ ᠤᠬᠠᠭᠠᠨ ᠠᠪᠢᠶᠠᠰ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠪᠣᠯᠤᠨ ᠢᠳᠡᠪᠬᠢᠵᠢᠯ ᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠷᠠᠭᠳᠠᠰᠢ ᠥᠬᠡᠶ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠬᠤᠷᠠᠯ ᠤᠨ ᠳᠠᠷᠠᠭ᠎ᠠ᠂ ᠳᠡᠳ᠋ ᠱᠦᠵᠢ ᠯᠢ ᠼᠠᠢ ᠴᠢᠩ ᠨᠡᠷ ᠪᠠᠰᠠ ᠲᠠᠷᠢᠶᠠᠴᠢᠨ ᠡᠷᠦᠬᠡ ᠳᠤ ᠭᠦᠨᠵᠡᠭᠡᠶᠢᠷᠡᠵᠦ᠂ ᠣᠯᠠᠨ ᠲᠦᠮᠡᠨ ᠤ ᠪᠣᠳᠠᠲᠠᠶ ᠪᠣᠳᠣᠯ ᠰᠠᠨᠠᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃                      ᠵᠣᠬᠢᠶᠠᠭᠴᠢ᠄ ᠴᠧᠩ ᠭᠤᠸᠠᠨ ᠪᠠᠯᠭᠠᠰᠤ                      ᠤᠷᠴᠢᠭᠤᠯᠤᠭᠴᠢ᠄ ᠨᠠᠷᠠᠰᠤ                      ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3