ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠷᠢᠮᠲᠠᠲᠤ ᠹᠢᠯᠢᠮ ᠢ ᠵᠣᠬᠢᠶᠠᠨ ᠪᠦᠲᠦᠭᠡᠬᠦ ᠳᠤᠭᠤᠶᠢᠯᠠᠩ ᠰᠢᠩ ᠾᠧ ᠰᠢᠶᠠᠨ ᠳᠤ ᠭᠦᠨᠵᠡᠭᠡᠶᠢᠷᠡᠨ ᠰᠤᠮᠤᠨ ᠠᠭᠤᠯᠠ ᠶᠢᠨ ᠰᠠᠯᠬᠢ ᠴᠤᠭᠯᠠᠭᠤᠯᠬᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2022/5/20
     5 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠷᠢᠮᠲᠠᠲᠤ ᠹᠢᠯᠢᠮ ᠢ ᠵᠣᠬᠢᠶᠠᠨ ᠪᠦᠲᠦᠭᠡᠬᠦ ᠳᠤᠭᠤᠶᠢᠯᠠᠩ ᠰᠢᠩ ᠾᠧ ᠰᠢᠶᠠᠨ ᠳᠤ ᠭᠦᠨᠵᠡᠭᠡᠶᠢᠷᠡᠨ ᠰᠤᠮᠤᠨ ᠠᠭᠤᠯᠠᠨ ᠤ ᠰᠠᠯᠬᠢ ᠴᠤᠭᠯᠠᠭᠤᠯᠬᠤ ᠶᠠᠷᠢᠯᠴᠠᠬᠤ ᠬᠤᠷᠠᠯ ᠬᠢᠪᠠ᠃ ᠤᠯᠠᠭᠠᠨᠴᠠᠪ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠧᠨ ᠰᠢᠨ ᠬᠤᠸᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠶ ᠵᠢᠶᠦ᠋ᠨ ᠶᠠᠷᠢᠯᠴᠠᠬᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠷᠢᠯᠳᠦᠬᠦᠨ ᠨᠡᠷ ᠰᠤᠮᠤᠨ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠪᠠᠷᠢᠮᠲᠠᠲᠤ ᠺᠢᠨᠣ᠋ ᠶᠢ ᠬᠡᠷᠬᠢᠨ ᠤᠯᠠᠮ ᠨᠢᠭᠡ ᠠᠯᠬᠤᠮ ᠵᠣᠬᠢᠴᠠᠭᠤᠯᠤᠨ ᠰᠠᠶᠢᠲᠤᠷ ᠵᠣᠬᠢᠶᠠᠨ ᠪᠦᠲᠦᠭᠡᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠪᠠᠷᠢᠮᠲᠠᠲᠤ ᠺᠢᠨᠣ᠋ ᠶᠢ ᠵᠣᠬᠢᠶᠠᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠳᠣᠪᠤᠶᠢᠯᠭᠠᠵᠤ᠂ ᠰᠤᠮᠤᠨ ᠤ ᠠᠭᠤᠯᠠ ᠰᠢᠭᠤᠶ ᠶᠢᠨ ᠲᠠᠯᠠᠪᠠᠶ ᠶᠢᠨ ᠭᠦᠨ ᠵᠤᠵᠠᠭᠠᠨ ᠲᠡᠦᠬᠡᠨ ᠦᠯᠢᠭᠡᠷ ᠢ ᠭᠦᠨᠵᠡᠭᠡᠶ ᠠᠭᠤᠳᠠᠯᠵᠤ᠂ ︽ᠪᠣᠭᠤᠮᠲᠠ ᠶᠢᠨ ᠳᠡᠭᠡᠷᠡᠬᠢ ᠨᠣᠭᠤᠭᠠᠨ ᠬᠠᠰᠢᠯᠭ᠎ᠠ︾ ᠶᠢ ᠭᠦᠢᠴᠡᠳ ᠳᠡᠯᠭᠡᠨ ᠦᠵᠡᠭᠦᠯᠦᠨ᠎ᠡ ᠰᠤᠮᠤ ᠠᠭᠤᠯᠠᠨ ᠤ ᠶᠡᠷᠦ ᠪᠤᠰᠤ ᠶᠢᠨ ᠲᠡᠮᠡᠴᠡᠯ ᠤᠨ ᠥᠩᠭᠡᠷᠡᠯᠲᠡ ᠪᠠ ᠣᠯᠤᠭᠰᠠᠨ ᠴᠢᠬᠤᠯᠠ ᠠᠮᠵᠢᠯᠲᠠ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠰᠤᠮᠤᠨ ᠠᠭᠤᠯᠠ ᠰᠢᠭᠤᠢ ᠶᠢᠨ ᠲᠠᠯᠠᠪᠠᠢ ᠶᠢᠨ ᠦᠶ᠎ᠡ ᠦᠶ᠎ᠡ ᠶᠢᠨ ᠠᠵᠢᠯᠴᠢᠳ ᠤᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨᠵᠢᠯᠡᠬᠦ ᠤᠬᠠᠭᠠᠨᠴᠢ ᠪᠠᠷ ᠣᠶᠢᠵᠢᠭᠤᠯᠤᠭᠰᠠᠨ ᠪᠣᠳᠠᠲᠠᠢ ᠦᠢᠯᠡᠳᠦᠯᠭᠡ ᠵᠢᠴᠢ ᠲᠡᠭᠦᠨ ᠤ ᠲᠤᠰᠬᠠᠭᠰᠠᠨ ᠴᠠᠭ ᠦᠶ᠎ᠡ ᠲᠠᠢ ᠵᠡᠷᠭᠡᠪᠡᠷ ᠤᠷᠤᠭᠰᠢᠯᠠᠭᠰᠠᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠨᠠᠷᠢᠨ ᠨᠢᠭᠲᠠ ᠶᠠᠷᠢᠵᠤ᠂ ᠰᠢᠩ ᠡᡁᠧ ᠶᠢᠨ ᠡᠬᠡ ᠭᠠᠵᠠᠷ ᠳᠡᠭᠡᠷᠡᠬᠢ ᠣᠶᠢᠵᠢᠭᠤᠯᠤᠯᠲᠠ ᠶᠢᠨ ᠪᠠᠭᠠᠲᠤᠷᠴᠤᠳ ᠤᠨ ᠬᠦᠷᠦᠭ ᠵᠢᠴᠢ ᠢᠯᠡᠷᠡᠭᠦᠯᠦᠭᠰᠡᠨ ᠬᠥᠮᠦᠰ ᠤᠨ ᠰᠡᠳᠬᠢᠯ ᠢ ᠬᠥᠳᠡᠯᠭᠡᠮ᠎ᠡ ︽ᠲᠡᠨᠡᠭ ᠡᠪᠦᠭᠡᠨ ᠤ ᠵᠣᠷᠢᠭ ᠰᠠᠨᠠᠭ᠎ᠠ︾ ᠶᠢ ᠠᠮᠢᠳᠤᠯᠢᠭ ᠢᠶᠠᠷ ᠵᠢᠷᠤᠭᠯᠠᠵᠤ᠂ ᠰᠢᠩ ᠡᡁᠧ ᠰᠢᠶᠠᠨ ᠤ ᠰᠤᠮᠤᠨ ᠠᠭᠤᠯᠠ ᠰᠢᠭᠤᠢ ᠶᠢᠨ ᠲᠠᠯᠠᠪᠠᠢ ᠶᠢᠨ ᠬᠥᠭᠵᠢᠯᠲᠡ ᠶᠢᠨ ᠲᠡᠦᠬᠡᠲᠦ ᠡᠭᠦᠷᠭᠡ ᠪᠣᠯᠤᠨ ᠬᠥᠭᠵᠢᠯᠲᠡ ᠶᠢᠨ ᠶᠠᠪᠤᠴᠠ ᠶᠢ  ᠰᠢᠰᠲ᠋ᠧᠮ ᠲᠠᠢ ᠲᠠᠶᠢᠯᠪᠤᠷᠢᠯᠠᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ 2022 ᠣᠨ ᠳᠤ ᠤᠯᠤᠰ ᠤᠨ ᠬᠥᠭᠵᠢᠯᠲᠡ ᠰᠢᠨ᠎ᠡ ᠱᠠᠲᠤᠨ ᠳᠤ ᠣᠷᠣᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠰᠤᠮᠤᠨ ᠤ ᠠᠭᠤᠯᠠ ᠰᠢᠭᠤᠢ ᠶᠢᠨ ᠲᠠᠯᠠᠪᠠᠢ ᠴᠤ ᠰᠢᠨ᠎ᠡ ᠲᠡᠦᠬᠡ ᠶᠢᠨ ᠵᠠᠩᠭᠢᠯᠠᠭ᠎ᠠ ᠶᠢᠨ ᠴᠡᠭ ᠲᠤ ᠣᠷᠣᠪᠠ᠃ ᠰᠢᠨ᠎ᠡ ᠡᠬᠢᠯᠡᠯᠲᠡ ᠶᠢᠨ ᠴᠡᠭ ᠳᠡᠭᠡᠷ᠎ᠡ᠂ ᠪᠠᠷᠢᠮᠲᠠᠲᠤ ᠹᠢᠯᠢᠮ ᠢ ᠰᠡᠭᠦᠳᠡᠷᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠦᠲᠦᠭᠡᠬᠦ ᠰᠡᠳᠬᠢᠮᠵᠢ᠂ ᠢᠯᠡᠷᠡᠭᠦᠯᠬᠦ ᠠᠷᠭ᠎ᠠ ᠪᠠᠷᠢᠯ ᠵᠡᠷᠭᠡ ᠤᠯᠠᠨ ᠲᠠᠯ᠎ᠠ ᠶᠢᠨ ᠰᠢᠨ᠎ᠡ ᠶᠢ ᠡᠭᠦᠳᠬᠦ ᠰᠢᠪᠲᠤᠯᠤᠯᠲᠠ ᠶᠢ ᠦᠨᠡᠨ ᠬᠦ ᠰᠠᠶᠢᠲᠤᠷ ᠬᠢᠵᠦ᠂ ᠰᠢᠨ᠎ᠡ ᠦᠢᠯᠡ ᠠᠵᠢᠯᠯᠠᠭ᠎ᠠ ᠪᠠ ᠬᠥᠮᠦᠨ ᠢ ᠶᠡᠭᠡ ᠪᠠᠷ ᠠᠭᠤᠳᠠᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠡᠨᠡ ᠬᠦ ᠵᠣᠬᠢᠶᠠᠯ ᠢ ᠰᠠᠶᠢᠲᠤᠷ ᠬᠢᠵᠦ᠂ ᠪᠠᠷᠢᠮᠲᠠᠲᠤ ᠹᠢᠯᠢᠮ ᠤᠨ ᠪᠦᠷᠢᠨ ᠪᠦᠲᠦᠨ ᠴᠢᠨᠠᠷ᠂ ᠦᠷᠭᠦᠯᠵᠢᠯᠡᠬᠦ ᠴᠢᠨᠠᠷ᠂ ᠰᠢᠰᠲ᠋ᠧᠮᠲᠦ ᠴᠢᠨᠠᠷ ᠢ ᠪᠠᠲᠤᠯᠠᠵᠤ᠂ ᠪᠦᠬᠦ ᠲᠠᠯ᠎ᠠ ᠶᠢᠨ᠂ ᠦᠨᠡᠨ ᠪᠣᠳᠠᠲᠠᠶ᠂ ᠪᠣᠰᠤᠭ᠎ᠠ ᠴᠣᠭᠴᠠᠲᠤ ᠬᠥᠭᠵᠢᠯ ᠪᠠᠳᠠᠷᠠᠯ ᠤᠨ ᠦᠯᠢᠭᠡᠷ ᠢ ᠴᠢᠷᠮᠠᠶᠢᠨ ᠰᠠᠶᠢᠲᠤᠷ ᠶᠠᠷᠢᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠬᠦ ᠬᠡᠷᠡᠭᠲᠡᠶ᠃      ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠰᠤᠮᠤ ᠶᠢᠨ ᠠᠭᠤᠯᠠ ᠰᠢᠭᠤᠶ ᠶᠢᠨ ᠲᠠᠯᠠᠪᠠᠶ ᠶᠢᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ ᠪᠠᠷᠢᠮᠲᠠᠲᠤ ᠹᠢᠯᠢᠮ ᠤᠨ ᠤᠳᠤᠷᠢᠳᠤᠭᠠᠴᠢ᠂ ᠵᠣᠬᠢᠶᠠᠯᠴᠢ᠂ ᠺᠢᠨᠣ᠋ ᠤᠶᠢᠯᠡᠳᠦᠭᠴᠢᠳ ᠶᠠᠷᠢᠯᠴᠠᠬᠤ ᠬᠤᠷᠠᠯ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3