ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠲᠠᠷᠢᠶᠠᠯᠠᠩ ᠤᠨ ᠲᠦᠭᠰᠢᠭᠦᠷᠢ ᠶᠢ | ᠵᠠᠳᠠᠷᠠᠭᠤᠯᠬᠤ ᠶᠢ ᠭᠦᠢᠴᠡᠳ ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ | ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠬᠥᠭᠵᠢᠯᠲᠡ ᠶᠢ ᠳᠡᠮᠵᠢᠬᠦ ᠪᠠᠲᠤᠯᠠᠭ᠎ᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠬᠤ ᠶᠢᠨ | ᠲᠥᠯᠥᠭᠡ 5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠴᠧᠩ ᠭᠤᠸᠠᠨ ᠪᠠᠯᠭᠠᠰᠤ 2022 ᠣᠨ ᠤ | ᠲᠠᠷᠢᠶᠠᠯᠠᠩ ᠤᠨ ᠳᠠᠭᠠᠳᠬᠠᠯ ᠤᠨ ᠳᠠᠭᠠᠳᠬᠠᠯ ᠤᠨ ᠠᠵᠢᠯ ᠤᠨ ᠡᠬᠢᠯᠡᠯᠲᠡ ᠶᠢᠨ ᠬᠤᠷᠠᠯ ᠬᠢᠪᠠ᠃ ᠪᠠᠯᠭᠠᠰᠤᠨ ᠤ ᠳᠡᠳ᠋ | ᠳᠠᠷᠤᠭ᠎ᠠ ᠷᠧᠨ ᠰᠢᠶᠠᠨ ᠬᠤᠷᠠᠯ ᠢ ᠡᠷᠭᠢᠯᠡᠵᠦ᠂ ᠳ᠋ᠠ ᠳ᠋ᠢ ᠳᠠᠭᠠᠳᠬᠠᠯ ᠤᠨ ᠺᠣᠮᠫᠠᠨᠢ ᠶᠢᠨ ᠠᠵᠢᠯᠲᠠᠨ ᠵᠢᠴᠢ ᠡᠯ᠎ᠡ | ᠲᠣᠰᠬᠤᠨ ᠤ ᠳᠠᠭᠠᠳᠬᠠᠯ ᠤᠨ ᠠᠵᠢᠯᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠮᠠᠯ ᠤᠨ ᠦᠢᠯᠡᠰ ᠤᠨ ᠳᠠᠭᠠᠳᠬᠠᠯ ᠪᠣᠯ ᠲᠠᠷᠢᠶᠠᠴᠢᠳ ᠤᠨ | ᠣᠷᠣᠯᠭ᠎ᠠ ᠶᠢ ᠲᠣᠭᠲᠠᠪᠤᠷᠢᠵᠢᠭᠤᠯᠬᠤ᠂ ᠠᠷᠠᠳ ᠤᠯᠠᠨ ᠤ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ᠂ | ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠪᠠ ᠲᠠᠷᠢᠮᠠᠯ ᠤᠨ ᠪᠠᠶᠢᠭᠠᠯᠢ ᠶᠢᠨ ᠭᠠᠮᠰᠢᠭ ᠢ ᠠᠷᠭᠠᠴᠠᠬᠤ ᠪᠦᠲᠦᠮᠵᠢᠲᠡᠢ | ᠠᠷᠭ᠎ᠠ ᠬᠡᠮᠵᠢᠶ᠎ᠡ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠵᠤ᠂ ᠪᠦᠬᠦ ᠪᠠᠯᠭᠠᠰᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠤ ᠶᠡᠭᠡ ᠲᠠᠯ᠎ᠠ ᠲᠠᠢ | ᠬᠤᠯᠪᠣᠭᠳᠠᠨ᠎ᠠ᠃ ᠡᠯ᠎ᠡ ᠲᠣᠰᠬᠤᠨ ᠤ ᠳᠠᠭᠠᠳᠬᠠᠯ ᠤᠨ ᠠᠵᠢᠯᠲᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠴᠠᠭ ᠤᠨ ᠵᠠᠩᠭᠢᠯᠠᠭ᠎ᠠ ᠴᠡᠭ ᠪᠠ ᠬᠠᠮᠢᠶ᠎ᠠ ᠪᠥᠬᠦᠶ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠠᠵᠢᠯ ᠢᠶᠠᠨ ᠪᠣᠳᠠᠲᠠᠶ᠂ ᠨᠠᠷᠢᠯᠢᠭ᠂ ᠴᠢᠩᠭ᠎ᠠ᠂ ᠲᠦᠷᠭᠡᠨ ᠬᠢᠵᠦ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ | ᠠᠳᠬᠤᠵᠤ᠂ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ | ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠰᠬᠤᠨ ᠤ ᠬᠢᠨ ᠪᠣᠳᠠᠲᠤ ᠪᠦᠲᠦᠮᠵᠢᠲᠦ ᠴᠢᠨᠠᠷ ᠢ ᠦᠨᠡᠨᠬᠦ | ᠳᠣᠪᠤᠶᠢᠯᠭᠠᠵᠤ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠤᠬᠠᠭᠤᠯᠤᠨ ᠳᠠᠶᠢᠴᠢᠯᠠᠬᠤ ᠶᠢ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠲᠥᠷᠥ ᠶᠢᠨ | ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ | ᠬᠡᠷᠡᠭᠲᠡᠶ᠃ ᠳᠠᠭᠠᠳᠬᠠᠯ ᠬᠠᠷᠢᠭᠤᠴᠠᠬᠤ ᠪᠠᠶᠢᠭᠤᠯᠤᠮᠵᠢ ᠨᠢ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ | ᠭᠦᠢᠴᠡᠳᠭᠡᠵᠤ᠂ ᠲᠣᠰ ᠪᠡᠶ᠎ᠡ ᠶᠢᠨ ᠲᠦᠭᠰᠢᠭᠦᠷᠢ ᠶᠢᠨ ᠪᠠᠲᠤᠯᠠᠭ᠎ᠠ ᠪᠠ ᠲᠠᠷᠢᠶᠠᠯᠠᠩ ᠤᠨ ᠳᠠᠭᠠᠳᠬᠠᠯ ᠤᠨ | ᠤᠶᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠴᠢᠨ | ᠡᠷᠦᠬᠡ ᠶᠢᠨ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠡᠨᠡ ᠬᠦ ᠠᠷᠠᠳ ᠲᠤ | ᠠᠰᠢᠭ ᠬᠦᠷᠲᠡᠭᠡᠬᠦ ᠠᠵᠢᠯ ᠢ ᠦᠨᠡᠨᠬᠦ ᠰᠠᠶᠢᠲᠤᠷ ᠥᠷᠨᠢᠭᠦᠯᠦᠨ ᠰᠠᠶᠢᠲᠤᠷ ᠪᠡᠶᠡᠯᠡᠭᠦᠯᠵᠦ᠂ ᠲᠥᠷᠥ ᠶᠢᠨ | ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠤᠶᠢᠯᠡᠳᠤᠯ ᠢ ᠭᠦᠢᠴᠡᠳ ᠪᠠᠳᠠᠷᠠᠭᠤᠯᠬᠤ ᠬᠡᠷᠡᠭᠲᠡᠶ᠃ | ᠬᠠᠮᠤᠭ ᠰᠡᠭᠦᠯ ᠳᠤ᠂ ᠳ᠋ᠠ ᠳ᠋ᠢ ᠳᠠᠭᠠᠳᠬᠠᠯ ᠤᠨ ᠺᠣᠮᠫᠠᠨᠢ ᠶᠢᠨ ᠲᠤᠬᠠᠶᠢᠯᠠᠭᠰᠠᠨ ᠠᠵᠢᠯᠲᠠᠨ ᠳᠠᠭᠠᠳᠬᠠᠯ ᠤᠨ | ᠳᠠᠭᠠᠳᠬᠠᠯ ᠤᠨ ᠠᠵᠢᠯ ᠤᠨ ᠨᠠᠷᠢᠨ ᠵᠦᠢᠯᠡᠰ ᠢ ᠬᠡᠷᠬᠢᠨ ᠰᠠᠶᠢᠲᠤᠷ ᠬᠢᠬᠦ ᠲᠤᠬᠠᠢ ᠨᠠᠷᠢᠨ ᠲᠣᠳᠣᠷᠬᠠᠢ ᠥᠭᠦᠯᠡᠵᠦ᠂ | ᠡᠯ᠎ᠡ ᠭᠠᠴᠠᠭᠠᠨ ᠤ ᠳᠠᠭᠠᠳᠬᠠᠯ ᠤᠨ ᠠᠵᠢᠯᠲᠠᠨ ᠤ ᠲᠠᠷᠢᠶᠠᠯᠠᠩ ᠤᠨ ᠳᠠᠭᠠᠳᠬᠠᠯ ᠤᠨ ᠨᠥᠬᠦᠪᠥᠷᠢ ᠶᠢᠨ ᠡᠯ᠎ᠡ | ᠵᠦᠢᠯ ᠤᠨ ᠠᠵᠢᠯ ᠢ ᠰᠠᠶᠢᠲᠤᠷ ᠬᠢᠬᠦ᠂ ᠣᠨᠴᠠᠭᠠᠶᠢᠯᠠᠨ ᠮᠡᠳᠡᠭᠡ ᠵᠠᠩᠭᠢ ᠶᠢ ᠴᠤᠭᠯᠠᠭᠤᠯᠬᠤ ᠵᠢᠴᠢ ᠳᠠᠩᠰᠠ | ᠡᠪᠬᠡᠮᠡᠯ ᠳᠤ ᠣᠷᠣᠭᠤᠯᠬᠤ ᠵᠡᠷᠭᠡ ᠠᠵᠢᠯ ᠳᠤ ᠵᠢᠯᠤᠭᠤᠳᠤᠯᠭ᠎ᠠ ᠬᠠᠩᠭᠠᠪᠠ᠃ | | ᠵᠣᠬᠢᠶᠠᠭᠴᠢ᠄ ᠴᠧᠩ ᠭᠤᠸᠠᠨ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |