ᠴᠧᠩ ᠭᠤᠸᠠᠨ ᠪᠠᠯᠭᠠᠰᠤ 2022 ᠣᠨ ᠤ ᠲᠠᠷᠢᠶᠠᠯᠠᠩ ᠤᠨ ᠳᠠᠭᠠᠳᠬᠠᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/23
     ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠲᠠᠷᠢᠶᠠᠯᠠᠩ ᠤᠨ ᠲᠦᠭᠰᠢᠭᠦᠷᠢ ᠶᠢ ᠵᠠᠳᠠᠷᠠᠭᠤᠯᠬᠤ ᠶᠢ ᠭᠦᠢᠴᠡᠳ ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢ ᠳᠡᠮᠵᠢᠬᠦ ᠪᠠᠲᠤᠯᠠᠭ᠎ᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠬᠤ ᠶᠢᠨ ᠲᠥᠯᠥᠭᠡ  5 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠴᠧᠩ ᠭᠤᠸᠠᠨ ᠪᠠᠯᠭᠠᠰᠤ 2022 ᠣᠨ ᠤ ᠲᠠᠷᠢᠶᠠᠯᠠᠩ ᠤᠨ ᠳᠠᠭᠠᠳᠬᠠᠯ ᠤᠨ ᠳᠠᠭᠠᠳᠬᠠᠯ ᠤᠨ ᠠᠵᠢᠯ ᠤᠨ ᠡᠬᠢᠯᠡᠯᠲᠡ ᠶᠢᠨ ᠬᠤᠷᠠᠯ ᠬᠢᠪᠠ᠃ ᠪᠠᠯᠭᠠᠰᠤᠨ ᠤ ᠳᠡᠳ᠋ ᠳᠠᠷᠤᠭ᠎ᠠ ᠷᠧᠨ ᠰᠢᠶᠠᠨ ᠬᠤᠷᠠᠯ ᠢ ᠡᠷᠭᠢᠯᠡᠵᠦ᠂ ᠳ᠋ᠠ ᠳ᠋ᠢ ᠳᠠᠭᠠᠳᠬᠠᠯ ᠤᠨ ᠺᠣᠮᠫᠠᠨᠢ ᠶᠢᠨ ᠠᠵᠢᠯᠲᠠᠨ ᠵᠢᠴᠢ ᠡᠯ᠎ᠡ ᠲᠣᠰᠬᠤᠨ ᠤ ᠳᠠᠭᠠᠳᠬᠠᠯ ᠤᠨ ᠠᠵᠢᠯᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠠᠷᠢᠮᠠᠯ ᠤᠨ ᠦᠢᠯᠡᠰ ᠤᠨ ᠳᠠᠭᠠᠳᠬᠠᠯ ᠪᠣᠯ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠬᠤ᠂ ᠠᠷᠠᠳ ᠤᠯᠠᠨ ᠤ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠪᠠ ᠲᠠᠷᠢᠮᠠᠯ ᠤᠨ ᠪᠠᠶᠢᠭᠠᠯᠢ ᠶᠢᠨ ᠭᠠᠮᠰᠢᠭ ᠢ ᠠᠷᠭᠠᠴᠠᠬᠤ ᠪᠦᠲᠦᠮᠵᠢᠲᠡᠢ ᠠᠷᠭ᠎ᠠ  ᠬᠡᠮᠵᠢᠶ᠎ᠡ ᠪᠣᠯᠤᠨ᠎ᠠ᠂ ᠲᠦᠭ ᠲᠦᠮᠡᠨ ᠠᠶᠢᠯ ᠡᠷᠦᠬᠡ ᠶᠢᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠪᠦᠬᠦ ᠪᠠᠯᠭᠠᠰᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠃ ᠡᠯ᠎ᠡ ᠲᠣᠰᠬᠤᠨ ᠤ ᠳᠠᠭᠠᠳᠬᠠᠯ ᠤᠨ ᠠᠵᠢᠯᠲᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠤᠨ ᠵᠠᠩᠭᠢᠯᠠᠭ᠎ᠠ ᠴᠡᠭ ᠪᠠ ᠬᠠᠮᠢᠶ᠎ᠠ ᠪᠥᠬᠦᠶ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠢᠶᠠᠨ ᠪᠣᠳᠠᠲᠠᠶ᠂ ᠨᠠᠷᠢᠯᠢᠭ᠂ ᠴᠢᠩᠭ᠎ᠠ᠂ ᠲᠦᠷᠭᠡᠨ ᠬᠢᠵᠦ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠰᠬᠤᠨ ᠤ ᠬᠢᠨ ᠪᠣᠳᠠᠲᠤ ᠪᠦᠲᠦᠮᠵᠢᠲᠦ ᠴᠢᠨᠠᠷ ᠢ ᠦᠨᠡᠨᠬᠦ ᠳᠣᠪᠤᠶᠢᠯᠭᠠᠵᠤ᠂ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠤᠨ ᠳᠠᠶᠢᠴᠢᠯᠠᠬᠤ ᠶᠢ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠳᠠᠭᠠᠳᠬᠠᠯ ᠬᠠᠷᠢᠭᠤᠴᠠᠬᠤ ᠪᠠᠶᠢᠭᠤᠯᠤᠮᠵᠢ ᠨᠢ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠭᠡᠵᠤ᠂ ᠲᠣᠰ ᠪᠡᠶ᠎ᠡ ᠶᠢᠨ ᠲᠦᠭᠰᠢᠭᠦᠷᠢ ᠶᠢᠨ ᠪᠠᠲᠤᠯᠠᠭ᠎ᠠ ᠪᠠ ᠲᠠᠷᠢᠶᠠᠯᠠᠩ ᠤᠨ ᠳᠠᠭᠠᠳᠬᠠᠯ ᠤᠨ ᠤᠶᠢᠯᠡᠴᠢᠯᠡᠭᠡᠨ ᠤ ᠦᠷ᠎ᠡ ᠪᠦᠲᠦᠮᠵᠢ ᠪᠠ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠴᠢᠨ ᠡᠷᠦᠬᠡ ᠶᠢᠨ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠵᠤ᠂ ᠡᠨᠡ ᠬᠦ ᠠᠷᠠᠳ ᠲᠤ ᠠᠰᠢᠭ ᠬᠦᠷᠲᠡᠭᠡᠬᠦ ᠠᠵᠢᠯ ᠢ ᠦᠨᠡᠨᠬᠦ ᠰᠠᠶᠢᠲᠤᠷ ᠥᠷᠨᠢᠭᠦᠯᠦᠨ ᠰᠠᠶᠢᠲᠤᠷ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ  ᠤᠶᠢᠯᠡᠳᠤᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠠᠮᠤᠭ ᠰᠡᠭᠦᠯ ᠳᠤ᠂ ᠳ᠋ᠠ ᠳ᠋ᠢ ᠳᠠᠭᠠᠳᠬᠠᠯ ᠤᠨ ᠺᠣᠮᠫᠠᠨᠢ ᠶᠢᠨ ᠲᠤᠬᠠᠶᠢᠯᠠᠭᠰᠠᠨ ᠠᠵᠢᠯᠲᠠᠨ ᠳᠠᠭᠠᠳᠬᠠᠯ ᠤᠨ ᠳᠠᠭᠠᠳᠬᠠᠯ ᠤᠨ ᠠᠵᠢᠯ ᠤᠨ ᠨᠠᠷᠢᠨ ᠵᠦᠢᠯᠡᠰ ᠢ ᠬᠡᠷᠬᠢᠨ ᠰᠠᠶᠢᠲᠤᠷ ᠬᠢᠬᠦ ᠲᠤᠬᠠᠢ ᠨᠠᠷᠢᠨ ᠲᠣᠳᠣᠷᠬᠠᠢ ᠥᠭᠦᠯᠡᠵᠦ᠂ ᠡᠯ᠎ᠡ ᠭᠠᠴᠠᠭᠠᠨ ᠤ ᠳᠠᠭᠠᠳᠬᠠᠯ ᠤᠨ ᠠᠵᠢᠯᠲᠠᠨ ᠤ ᠲᠠᠷᠢᠶᠠᠯᠠᠩ ᠤᠨ ᠳᠠᠭᠠᠳᠬᠠᠯ ᠤᠨ ᠨᠥᠬᠦᠪᠥᠷᠢ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ᠂ ᠣᠨᠴᠠᠭᠠᠶᠢᠯᠠᠨ ᠮᠡᠳᠡᠭᠡ ᠵᠠᠩᠭᠢ ᠶᠢ ᠴᠤᠭᠯᠠᠭᠤᠯᠬᠤ ᠵᠢᠴᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠳᠤ ᠵᠢᠯᠤᠭᠤᠳᠤᠯᠭ᠎ᠠ ᠬᠠᠩᠭᠠᠪᠠ᠃           ᠵᠣᠬᠢᠶᠠᠭᠴᠢ᠄ ᠴᠧᠩ ᠭᠤᠸᠠᠨ ᠪᠠᠯᠭᠠᠰᠤ       ᠤᠷᠴᠢᠭᠤᠯᠤᠭᠴᠢ᠄ ᠨᠠᠷᠠᠰᠤ       ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3