ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠤᠷᠤᠭᠴᠢᠳ ᠬᠡᠷᠬᠢᠨ ᠰᠡᠳᠬᠢᠴᠡ ᠶᠢᠨ ᠪᠠᠶᠢᠳᠠᠯ ᠢᠶᠠᠨ ᠲᠣᠬᠢᠷᠠᠭᠤᠯᠬᠤ ᠪᠣᠶ︖
ᠨᠡᠶᠢᠲᠡᠯᠡᠭᠰᠡᠨ ᠴᠠᠭ᠄
2022/5/29
   '  
     ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠰᠤᠷᠭᠠᠭᠤᠯᠢ ᠳᠤ ᠰᠤᠷᠤᠭᠴᠢᠳ ᠤᠷᠮ᠎ᠠ ᠰᠡᠳᠬᠢᠯᠭᠡ ᠪᠠ ᠰᠡᠳᠬᠢᠴᠡ ᠶᠢᠨ ᠲᠠᠯ᠎ᠠ ᠪᠠᠷ ᠠᠮᠠᠷᠬᠠᠨ ᠠᠰᠠᠭᠤᠳᠠᠯ ᠭᠠᠷᠳᠠᠭ᠃      ᠶᠠᠭᠠᠬᠢᠵᠤ ᠠᠷᠭᠠᠴᠠᠭᠠᠨ᠎ᠠ ᠪᠣᠶ︖      ᠳᠣᠣᠷᠠᠬᠢ ᠬᠡᠳᠦᠨ ᠲᠠᠯ᠎ᠠ ᠠᠴᠠ ᠭᠠᠷᠳᠠᠵᠤ ᠪᠣᠯᠤᠨ᠎ᠠ᠃ ᠲᠠᠨᠢᠨ ᠮᠡᠳᠡᠬᠦᠶ ᠪᠠᠨ ᠲᠣᠬᠢᠷᠠᠭᠤᠯᠬᠤ  ᠃      ᠲᠤᠬᠠᠢ ᠶᠢᠨ ᠬᠥᠮᠦᠨ ᠴᠤ ᠭᠡᠰᠡᠨ ᠦᠭᠡᠢ᠂ ᠡᠷᠬᠢᠨ ᠲᠣᠭᠤᠷᠢᠨ ᠤ ᠬᠠᠪᠰᠤᠷᠤᠯᠭ᠎ᠠ ᠦᠵᠡᠭᠦᠯᠬᠦ ᠬᠥᠮᠦᠰ ᠴᠤ ᠭᠡᠰᠡᠨ ᠦᠭᠡᠢ᠂ ᠨᠡᠶᠢᠭᠡᠮ ᠨᠡᠶᠢᠲᠡ ᠶᠢᠨ ᠠᠯᠢ ᠨᠢ ᠴᠦ ᠭᠡᠰᠡᠨ ᠴᠥᠮ ᠡᠨᠡ ᠬᠦ ᠦᠵᠡᠭᠳᠡᠯ ᠢ ᠬᠡᠪ ᠤᠨ ᠦᠵᠡᠭᠳᠡᠯ ᠢᠶᠠᠷ ᠦᠵᠡᠬᠦ ᠬᠡᠷᠡᠭᠲᠡᠢ᠃      ᠡᠨᠡ ᠤᠴᠢᠷ ᠤᠨ ᠲᠣᠰ ᠪᠡᠶ᠎ᠡ ᠠᠴᠠ ᠪᠣᠯᠤᠭᠰᠠᠨ ᠤᠷᠮ᠎ᠠ ᠰᠡᠳᠬᠢᠯᠭᠡ ᠶᠢᠨ ᠲᠤᠰᠬᠠᠯ᠂ ᠡᠩ ᠤᠨ  ᠬᠥᠮᠦᠨ ᠠᠮᠢᠳᠤᠷᠠᠯ ᠤᠨ ᠣᠷᠴᠢᠨ ᠨᠥᠬᠦᠴᠡᠯ᠂ ᠰᠤᠷᠤᠯᠴᠠᠬᠤ ᠣᠷᠴᠢᠨ ᠨᠥᠬᠦᠴᠡᠯ᠂ ᠠᠵᠢᠯᠯᠠᠬᠤ ᠣᠷᠴᠢᠨ ᠨᠥᠬᠦᠴᠡᠯ ᠳᠡᠭᠡᠨ ᠴᠢᠬᠤᠯᠠ ᠶᠡᠭᠡ ᠲᠣᠬᠢᠷᠠᠭᠤᠯᠤᠯᠲᠠ ᠬᠢᠬᠦ ᠦᠶ᠎ᠡ ᠳᠤ᠂ ᠠᠷᠭᠠᠴᠠᠬᠤ ᠲᠠᠯ᠎ᠠ ᠪᠠᠷ ᠬᠢ ᠵᠠᠷᠢᠮ ᠬᠦᠴᠢᠷᠳᠡᠯ ᠪᠠ ᠠᠰᠠᠭᠤᠳᠠᠯ ᠭᠠᠷᠴᠤ᠂ ᠰᠡᠳᠬᠢᠴᠡ ᠶᠢᠨ ᠲᠤᠰᠠᠯᠠᠮᠵᠢ ᠬᠦᠰᠡᠬᠦ ᠬᠡᠷᠡᠭᠴᠡᠭᠡ ᠭᠠᠷᠬᠤ ᠨᠢ ᠬᠡᠪ ᠤᠨ ᠶᠠᠪᠤᠳᠠᠯ ᠶᠤᠮ᠃ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃      ᠰᠤᠷᠤᠭᠴᠢᠳ ᠰᠤᠷᠭᠠᠭᠤᠯᠢ ᠶᠢᠨ ᠬᠦᠷᠢᠶᠡᠨ ᠳᠤ ᠪᠢᠲᠡᠭᠦᠮᠵᠢᠯᠡᠭᠳᠡᠵᠦ᠂ ᠶᠠᠭᠤᠨ ᠤ ᠤᠴᠢᠷ ᠠᠴᠠ ᠪᠢᠲᠡᠭᠦᠮᠵᠢᠯᠡᠯ ᠡᠵᠡᠮᠳᠡᠯ ᠬᠢᠬᠦ᠂ ᠬᠡᠵᠢᠶ᠎ᠡ ᠪᠣᠯᠲᠠᠯ᠎ᠠ ᠪᠢᠲᠡᠭᠦᠮᠵᠢᠯᠡᠬᠦ᠂ ᠡᠨᠡ ᠬᠦ ᠶᠠᠪᠤᠴᠠ ᠳᠤ ᠶᠠᠮᠠᠷ ᠠᠰᠠᠭᠤᠳᠠᠯ ᠢ ᠠᠩᠬᠠᠷᠬᠤ᠂ ᠳᠡᠷᠭᠡᠳᠡᠬᠢ ᠬᠥᠮᠦᠰ ᠲᠤ ᠪᠠᠰᠠ ᠠᠳᠠᠯᠢᠬᠠᠨ ᠬᠢᠵᠠᠭᠠᠷᠯᠠᠯ ᠪᠠᠶᠢᠬᠤ ᠡᠰᠡᠬᠦ ᠶᠢ ᠣᠶᠢᠯᠠᠭᠠᠬᠤ ᠴᠢᠬᠤᠯᠠᠲᠠᠶ ᠪᠠᠶᠢᠳᠠᠭ᠃ ᠡᠶᠢᠮᠦ ᠮᠡᠳᠡᠭᠡ ᠵᠠᠩᠭᠢ ᠨᠢ ᠲᠡᠭᠦᠨ ᠤ ᠳᠣᠲᠣᠷ᠎ᠠ ᠪᠠᠶᠢᠭ᠎ᠠ ᠬᠥᠮᠦᠨ ᠳᠤ ᠠᠪᠴᠤ ᠬᠡᠯᠡᠪᠡᠯ ᠮᠠᠰᠢ ᠴᠢᠬᠤᠯᠠ      ᠰᠡᠳᠬᠢᠯ ᠤᠨ ᠳᠠᠷᠤᠭᠠᠰᠤ ᠲᠠᠢ ᠪᠣᠯᠤᠭᠰᠠᠨ ᠤ ᠨᠢᠭᠡ ᠴᠢᠬᠤᠯᠠ ᠰᠢᠯᠲᠠᠭᠠᠨ ᠪᠣᠯ ᠮᠡᠳᠡᠭᠡ ᠵᠠᠩᠭᠢ ᠰᠠᠭᠠᠳ ᠲᠠᠢ ᠃ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠤᠷᠤᠭᠴᠢᠳ ᠲᠤ ᠪᠦᠬᠦᠯᠢ ᠴᠣᠭᠴᠠ ᠶᠢᠨ ᠪᠠᠶᠢᠳᠠᠯ ᠢ ᠲᠣᠳᠣᠷᠬᠠᠶ ᠣᠢᠯᠠᠭᠠᠭᠤᠯᠵᠤ᠂ ᠰᠡᠳᠬᠢᠴᠡ ᠶᠢᠨ ᠲᠠᠯ᠎ᠠ ᠶᠢᠨ ᠳᠠᠷᠤᠯᠲᠠ ᠪᠠ ᠮᠠᠭᠤ ᠤᠷᠮ᠎ᠠ ᠶᠢᠨ ᠲᠤᠰᠬᠠᠯ ᠢ ᠨᠠᠮᠳᠠᠭᠤᠯᠬᠤ ᠳᠤ ᠠᠰᠢᠭᠲᠠᠶ᠃ ᠬᠦᠴᠦᠲᠡᠶ  ᠪᠠᠶᠢᠬᠤ  ᠶᠢ ᠪᠠᠲᠤᠯᠠᠬᠤ ᠬᠡᠷᠡᠭᠲᠡᠶ᠃      ᠶᠡᠭᠡ ᠠᠷᠪᠢᠨ ᠬᠥᠮᠦᠨ ᠪᠢᠲᠡᠭᠦᠮᠵᠢᠯᠡᠬᠦ ᠬᠤᠭᠤᠴᠠᠭᠠᠨ ᠳᠤ ᠡᠪᠡᠳᠴᠢᠨ ᠦᠵᠡᠭᠦᠯᠬᠦ ᠱᠠᠭᠠᠷᠳᠠᠯᠭ᠎ᠠ᠂ ᠡᠮ ᠬᠡᠷᠡᠭᠯᠡᠬᠦ ᠱᠠᠭᠠᠷᠳᠠᠯᠭ᠎ᠠ ᠲᠠᠢ᠃ ᠣᠶᠤᠲᠠᠨ ᠳᠤ ᠠᠪᠴᠤ ᠬᠡᠯᠡᠪᠡᠯ᠂ ᠲᠡᠭᠦᠰᠬᠦ ᠠᠩᠭᠢ ᠳᠤ ᠠᠵᠢᠯ ᠣᠯᠬᠤ ᠱᠠᠭᠠᠷᠳᠠᠯᠭ᠎ᠠ ᠲᠠᠢ᠂ ᠡᠩ ᠤᠨ ᠰᠤᠷᠤᠭᠴᠢ ᠪᠠᠰᠠ ᠥᠪᠡᠷ ᠤᠨ ᠣᠨᠴᠠᠭᠠᠢ ᠱᠠᠭᠠᠷᠳᠠᠯᠭ᠎ᠠ ᠲᠠᠢ ᠮᠠᠭᠠᠳ᠃ ᠡᠨᠡ ᠲᠠᠯ᠎ᠠ ᠪᠠᠷ᠂ ᠰᠤᠷᠭᠠᠭᠤᠯᠢ ᠠᠴᠠ ᠬᠠᠲᠠᠭᠤ ᠬᠡᠷᠡᠭᠴᠡᠭᠡ ᠶᠢ ᠠᠯᠢ ᠴᠢᠳᠠᠬᠤ ᠪᠠᠷ ᠬᠠᠪᠰᠤᠷᠤᠨ ᠨᠠᠮᠳᠠᠭᠤᠯᠵᠤ᠂ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠰᠤᠷᠤᠭᠴᠢᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠬᠡᠷᠡᠭᠲᠡᠶ᠃      ᠡᠭᠦᠨ ᠠᠴᠠ ᠭᠠᠳᠠᠨ᠎ᠠ᠂ ᠠᠮᠢᠳᠤᠷᠠᠯ ᠪᠠ ᠰᠤᠷᠤᠯᠴᠠᠯᠭ᠎ᠠ ᠶᠢᠨ ᠲᠠᠯ᠎ᠠ ᠪᠠᠷ᠂ ᠮᠠᠰᠢ ᠣᠯᠠᠨ ᠰᠣᠷᠣᠭᠴᠢ ᠰᠦᠯᠵᠢᠶᠡᠨ ᠳᠡᠭᠡᠷ᠎ᠡ ᠰᠤᠷᠤᠯᠴᠠᠬᠤ ᠬᠡᠷᠡᠭᠲᠡᠶ᠂ ᠠᠮᠢᠳᠤᠷᠠᠯ ᠳᠤᠮᠳᠠ ᠪᠠᠰᠠ ᠰᠢᠢᠳᠪᠦᠷᠢᠯᠡᠬᠦ ᠴᠢᠬᠤᠯᠠᠲᠠᠶ ᠵᠠᠷᠢᠮ ᠠᠰᠠᠭᠤᠳᠠᠯ ᠣᠷᠣᠰᠢᠵᠤ ᠪᠠᠶᠢᠪᠠᠯ᠂ ᠰᠤᠷᠭᠠᠭᠤᠯᠢ ᠠᠴᠠ ᠪᠢᠲᠡᠭᠦᠮᠵᠢᠯᠡᠨ ᠡᠵᠡᠮᠳᠡᠬᠦ ᠬᠤᠭᠤᠴᠠᠭᠠᠨ ᠳᠤ ᠰᠠᠶᠢᠲᠤᠷ ᠪᠠᠲᠤᠯᠠᠬᠤ ᠬᠡᠷᠡᠭᠲᠡᠶ᠃ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠨᠢ ᠡᠭᠦᠨ ᠠᠴᠠ ᠪᠣᠯᠤᠭᠰᠠᠨ ᠰᠡᠳᠬᠢᠴᠡ ᠶᠢᠨ ᠠᠰᠠᠭᠤᠳᠠᠯ ᠢ ᠪᠦᠲᠦᠮᠵᠢᠲᠡᠢ ᠠᠷᠭᠠᠴᠠᠬᠤ ᠳᠤ ᠲᠦᠢᠯ ᠤᠨ ᠴᠢᠬᠤᠯᠠ ᠶᠤᠮ᠃ ᠰᠡᠳᠬᠢᠴᠡ ᠶᠢᠨ ᠡᠷᠡᠭᠦᠯ ᠮᠡᠨᠳᠦ ᠶᠢᠨ  ᠦᠢᠯᠡᠴᠢᠯᠡᠭᠡ ᠶᠢ ᠪᠣᠳᠠᠲᠠᠶᠢᠵᠢᠭᠤᠯᠬᠤ᠃      ᠣᠳᠣᠬᠠᠨ ᠳᠤ᠂ ᠪᠥᠬᠦ ᠤᠯᠤᠰ ᠤᠨ ᠪᠣᠶ ᠪᠥᠬᠦᠶ ᠶᠡᠭᠡ ᠳᠡᠭᠡᠳᠦ ᠰᠤᠷᠭᠠᠭᠤᠯᠢ ᠴᠥᠮ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠥᠪ ᠪᠠᠶᠢᠭᠤᠯᠵᠤ᠂ ᠨᠢᠭᠤᠷᠲᠠᠨ ᠠᠰᠠᠭᠤᠬᠤ ᠠᠴᠠ ᠭᠠᠳᠠᠨ᠎ᠠ ᠪᠠᠰᠠ ᠰᠡᠳᠬᠢᠴᠡ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠨᠡᠪᠲᠡᠷᠡᠭᠦᠯᠵᠦ ᠪᠠᠶᠢᠨ᠎ᠠ᠃ ᠬᠠᠯᠠᠭᠤᠨ ᠤᠲᠠᠰᠤ ᠴᠤ ᠲᠡᠷᠡ᠂ ᠪᠤᠰᠤᠳ ᠬᠡᠯᠪᠡᠷᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠴᠦ ᠲᠡᠷᠡ᠂ ᠦᠨᠡᠨ ᠬᠦ  ᠭᠦᠢᠴᠡᠳ ᠬᠢᠬᠦ ᠬᠡᠷᠡᠭᠲᠡᠶ᠃      ᠡᠭᠦᠨ ᠤ ᠬᠠᠮᠲᠤ᠂ ᠰᠡᠳᠬᠢᠴᠡ ᠶᠢᠨ ᠡᠷᠡᠭᠦᠯ ᠮᠡᠨᠳᠦ᠂ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ ᠰᠠᠶᠢᠲᠤᠷ ᠬᠢᠬᠦ ᠳᠤ ᠲᠤᠰᠬᠠᠶ ᠮᠡᠷᠭᠡᠵᠢᠯ ᠤᠨ ᠠᠵᠢᠯᠲᠠᠨ ᠠᠴᠠ ᠭᠠᠳᠠᠨ᠎ᠠ᠂ ᠬᠠᠪᠰᠤᠷᠤᠨ ᠵᠢᠯᠣᠭᠤᠳᠣᠭᠴᠢ᠂ ᠠᠩᠭᠢ ᠶᠢᠨ ᠡᠷᠬᠢᠯᠡᠭᠴᠢ ᠴᠦ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠂ ᠲᠡᠳᠡᠨ ᠤ ᠢᠯᠡᠷᠡᠭᠰᠡᠨ ᠪᠠ ᠬᠠᠩᠭᠠᠭᠰᠠᠨ ᠬᠠᠪᠰᠤᠷᠤᠯᠭ᠎ᠠ ᠨᠢ ᠰᠤᠷᠤᠭᠴᠢᠳ ᠤᠨ ᠰᠡᠳᠬᠢᠴᠡ ᠶᠢᠨ ᠲᠠᠯ᠎ᠠ ᠪᠠᠷ ᠬᠢ ᠪᠠᠴᠢᠮ ᠪᠠᠶᠢᠳᠠᠯ ᠢ
ᠨᠠᠮᠳᠠᠭᠤᠯᠬᠤ ᠳᠤ ᠲᠦᠢᠯ ᠤᠨ ᠴᠢᠬᠤᠯᠠ ᠪᠠᠶᠢᠳᠠᠭ᠃
     ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠠᠪᠴᠠᠩ ᠳᠤ ᠪᠠᠰᠠ ᠰᠡᠳᠬᠢᠴᠡ ᠶᠢᠨ ᠲᠤᠰᠠᠯᠠᠮᠵᠢ ᠶᠢᠨ ᠬᠠᠯᠠᠮᠰᠢᠯ ᠤᠲᠠᠰᠤ ᠲᠠᠢ᠂ ᠳᠡᠭᠡᠷᠡᠬᠢ ᠵᠢᠩᠬᠢᠨᠢ ᠬᠢᠴᠢᠶᠡᠯ ᠪᠠ ᠰᠡᠳᠬᠢᠴᠡ ᠶᠢᠨ ᠠᠰᠠᠭᠤᠳᠠᠯ ᠳᠤ ᠴᠢᠭᠯᠡᠭᠦᠯᠦᠭᠰᠡᠨ ᠵᠠᠷᠢᠮ ᠲᠤᠰᠬᠠᠶ ᠮᠡᠷᠭᠡᠵᠢᠯᠲᠡᠨ ᠠᠴᠠ ᠵᠣᠬᠢᠬᠤ ᠬᠡᠮᠵᠢᠶ᠎ᠡ ᠪᠠᠷ ᠰᠤᠷᠤᠭᠴᠢᠳ ᠤᠨ ᠵᠣᠪᠠᠨᠢᠯ ᠢ ᠨᠠᠮᠳᠠᠭᠤᠯᠵᠤ ᠪᠣᠯᠤᠨ᠎ᠠ᠃                               ᠵᠤᠬᠢᠶᠠᠭᠴᠢ᠄ ᠡᠷᠡᠭᠦᠯ ᠴᠢᠬᠢᠷᠠᠭ ᠳᠤᠮᠳᠠᠳᠤ ᠤᠯᠤᠰ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3