 ' | ᠰᠤᠷᠭᠠᠭᠤᠯᠢ ᠶᠢᠨ ᠬᠦᠷᠢᠶᠡᠨ ᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ | ᠰᠤᠷᠭᠠᠭᠤᠯᠢ ᠳᠤ ᠰᠤᠷᠤᠭᠴᠢᠳ ᠤᠷᠮ᠎ᠠ ᠰᠡᠳᠬᠢᠯᠭᠡ ᠪᠠ ᠰᠡᠳᠬᠢᠴᠡ ᠶᠢᠨ ᠲᠠᠯ᠎ᠠ ᠪᠠᠷ ᠠᠮᠠᠷᠬᠠᠨ ᠠᠰᠠᠭᠤᠳᠠᠯ | ᠭᠠᠷᠳᠠᠭ᠃ | ᠶᠠᠭᠠᠬᠢᠵᠤ ᠠᠷᠭᠠᠴᠠᠭᠠᠨ᠎ᠠ ᠪᠣᠶ︖ | ᠳᠣᠣᠷᠠᠬᠢ ᠬᠡᠳᠦᠨ ᠲᠠᠯ᠎ᠠ ᠠᠴᠠ ᠭᠠᠷᠳᠠᠵᠤ ᠪᠣᠯᠤᠨ᠎ᠠ᠃ | ᠲᠠᠨᠢᠨ ᠮᠡᠳᠡᠬᠦᠶ ᠪᠠᠨ ᠲᠣᠬᠢᠷᠠᠭᠤᠯᠬᠤ ᠃ | ᠲᠤᠬᠠᠢ ᠶᠢᠨ ᠬᠥᠮᠦᠨ ᠴᠤ ᠭᠡᠰᠡᠨ ᠦᠭᠡᠢ᠂ ᠡᠷᠬᠢᠨ ᠲᠣᠭᠤᠷᠢᠨ ᠤ ᠬᠠᠪᠰᠤᠷᠤᠯᠭ᠎ᠠ ᠦᠵᠡᠭᠦᠯᠬᠦ ᠬᠥᠮᠦᠰ ᠴᠤ | ᠭᠡᠰᠡᠨ ᠦᠭᠡᠢ᠂ ᠨᠡᠶᠢᠭᠡᠮ ᠨᠡᠶᠢᠲᠡ ᠶᠢᠨ ᠠᠯᠢ ᠨᠢ ᠴᠦ ᠭᠡᠰᠡᠨ ᠴᠥᠮ ᠡᠨᠡ ᠬᠦ ᠦᠵᠡᠭᠳᠡᠯ ᠢ ᠬᠡᠪ ᠤᠨ | ᠦᠵᠡᠭᠳᠡᠯ ᠢᠶᠠᠷ ᠦᠵᠡᠬᠦ ᠬᠡᠷᠡᠭᠲᠡᠢ᠃ | ᠡᠨᠡ ᠤᠴᠢᠷ ᠤᠨ ᠲᠣᠰ ᠪᠡᠶ᠎ᠡ ᠠᠴᠠ ᠪᠣᠯᠤᠭᠰᠠᠨ ᠤᠷᠮ᠎ᠠ ᠰᠡᠳᠬᠢᠯᠭᠡ ᠶᠢᠨ ᠲᠤᠰᠬᠠᠯ᠂ ᠡᠩ ᠤᠨ ᠬᠥᠮᠦᠨ | ᠠᠮᠢᠳᠤᠷᠠᠯ ᠤᠨ ᠣᠷᠴᠢᠨ ᠨᠥᠬᠦᠴᠡᠯ᠂ ᠰᠤᠷᠤᠯᠴᠠᠬᠤ ᠣᠷᠴᠢᠨ ᠨᠥᠬᠦᠴᠡᠯ᠂ ᠠᠵᠢᠯᠯᠠᠬᠤ ᠣᠷᠴᠢᠨ ᠨᠥᠬᠦᠴᠡᠯ ᠳᠡᠭᠡᠨ | ᠴᠢᠬᠤᠯᠠ ᠶᠡᠭᠡ ᠲᠣᠬᠢᠷᠠᠭᠤᠯᠤᠯᠲᠠ ᠬᠢᠬᠦ ᠦᠶ᠎ᠡ ᠳᠤ᠂ ᠠᠷᠭᠠᠴᠠᠬᠤ ᠲᠠᠯ᠎ᠠ ᠪᠠᠷ ᠬᠢ ᠵᠠᠷᠢᠮ ᠬᠦᠴᠢᠷᠳᠡᠯ ᠪᠠ | ᠠᠰᠠᠭᠤᠳᠠᠯ ᠭᠠᠷᠴᠤ᠂ ᠰᠡᠳᠬᠢᠴᠡ ᠶᠢᠨ ᠲᠤᠰᠠᠯᠠᠮᠵᠢ ᠬᠦᠰᠡᠬᠦ ᠬᠡᠷᠡᠭᠴᠡᠭᠡ ᠭᠠᠷᠬᠤ ᠨᠢ ᠬᠡᠪ ᠤᠨ ᠶᠠᠪᠤᠳᠠᠯ ᠶᠤᠮ᠃ | ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ | ᠰᠤᠷᠤᠭᠴᠢᠳ ᠰᠤᠷᠭᠠᠭᠤᠯᠢ ᠶᠢᠨ ᠬᠦᠷᠢᠶᠡᠨ ᠳᠤ ᠪᠢᠲᠡᠭᠦᠮᠵᠢᠯᠡᠭᠳᠡᠵᠦ᠂ ᠶᠠᠭᠤᠨ ᠤ ᠤᠴᠢᠷ ᠠᠴᠠ | ᠪᠢᠲᠡᠭᠦᠮᠵᠢᠯᠡᠯ ᠡᠵᠡᠮᠳᠡᠯ ᠬᠢᠬᠦ᠂ ᠬᠡᠵᠢᠶ᠎ᠡ ᠪᠣᠯᠲᠠᠯ᠎ᠠ ᠪᠢᠲᠡᠭᠦᠮᠵᠢᠯᠡᠬᠦ᠂ ᠡᠨᠡ ᠬᠦ ᠶᠠᠪᠤᠴᠠ ᠳᠤ ᠶᠠᠮᠠᠷ ᠠᠰᠠᠭᠤᠳᠠᠯ ᠢ | ᠠᠩᠬᠠᠷᠬᠤ᠂ ᠳᠡᠷᠭᠡᠳᠡᠬᠢ ᠬᠥᠮᠦᠰ ᠲᠤ ᠪᠠᠰᠠ ᠠᠳᠠᠯᠢᠬᠠᠨ ᠬᠢᠵᠠᠭᠠᠷᠯᠠᠯ ᠪᠠᠶᠢᠬᠤ ᠡᠰᠡᠬᠦ ᠶᠢ ᠣᠶᠢᠯᠠᠭᠠᠬᠤ ᠴᠢᠬᠤᠯᠠᠲᠠᠶ | ᠪᠠᠶᠢᠳᠠᠭ᠃ ᠡᠶᠢᠮᠦ ᠮᠡᠳᠡᠭᠡ ᠵᠠᠩᠭᠢ ᠨᠢ ᠲᠡᠭᠦᠨ ᠤ ᠳᠣᠲᠣᠷ᠎ᠠ ᠪᠠᠶᠢᠭ᠎ᠠ ᠬᠥᠮᠦᠨ ᠳᠤ ᠠᠪᠴᠤ ᠬᠡᠯᠡᠪᠡᠯ ᠮᠠᠰᠢ ᠴᠢᠬᠤᠯᠠ | ᠃ | ᠰᠡᠳᠬᠢᠯ ᠤᠨ ᠳᠠᠷᠤᠭᠠᠰᠤ ᠲᠠᠢ ᠪᠣᠯᠤᠭᠰᠠᠨ ᠤ ᠨᠢᠭᠡ ᠴᠢᠬᠤᠯᠠ ᠰᠢᠯᠲᠠᠭᠠᠨ ᠪᠣᠯ ᠮᠡᠳᠡᠭᠡ ᠵᠠᠩᠭᠢ ᠰᠠᠭᠠᠳ ᠲᠠᠢ | ᠃ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠤᠷᠤᠭᠴᠢᠳ ᠲᠤ ᠪᠦᠬᠦᠯᠢ ᠴᠣᠭᠴᠠ ᠶᠢᠨ | ᠪᠠᠶᠢᠳᠠᠯ ᠢ ᠲᠣᠳᠣᠷᠬᠠᠶ ᠣᠢᠯᠠᠭᠠᠭᠤᠯᠵᠤ᠂ ᠰᠡᠳᠬᠢᠴᠡ ᠶᠢᠨ ᠲᠠᠯ᠎ᠠ ᠶᠢᠨ ᠳᠠᠷᠤᠯᠲᠠ ᠪᠠ ᠮᠠᠭᠤ ᠤᠷᠮ᠎ᠠ ᠶᠢᠨ | ᠲᠤᠰᠬᠠᠯ ᠢ ᠨᠠᠮᠳᠠᠭᠤᠯᠬᠤ ᠳᠤ ᠠᠰᠢᠭᠲᠠᠶ᠃ | ᠬᠦᠴᠦᠲᠡᠶ ᠪᠠᠶᠢᠬᠤ ᠶᠢ ᠪᠠᠲᠤᠯᠠᠬᠤ ᠬᠡᠷᠡᠭᠲᠡᠶ᠃ | ᠶᠡᠭᠡ ᠠᠷᠪᠢᠨ ᠬᠥᠮᠦᠨ ᠪᠢᠲᠡᠭᠦᠮᠵᠢᠯᠡᠬᠦ ᠬᠤᠭᠤᠴᠠᠭᠠᠨ ᠳᠤ ᠡᠪᠡᠳᠴᠢᠨ ᠦᠵᠡᠭᠦᠯᠬᠦ ᠱᠠᠭᠠᠷᠳᠠᠯᠭ᠎ᠠ᠂ ᠡᠮ | ᠬᠡᠷᠡᠭᠯᠡᠬᠦ ᠱᠠᠭᠠᠷᠳᠠᠯᠭ᠎ᠠ ᠲᠠᠢ᠃ ᠣᠶᠤᠲᠠᠨ ᠳᠤ ᠠᠪᠴᠤ ᠬᠡᠯᠡᠪᠡᠯ᠂ ᠲᠡᠭᠦᠰᠬᠦ ᠠᠩᠭᠢ ᠳᠤ ᠠᠵᠢᠯ ᠣᠯᠬᠤ | ᠱᠠᠭᠠᠷᠳᠠᠯᠭ᠎ᠠ ᠲᠠᠢ᠂ ᠡᠩ ᠤᠨ ᠰᠤᠷᠤᠭᠴᠢ ᠪᠠᠰᠠ ᠥᠪᠡᠷ ᠤᠨ ᠣᠨᠴᠠᠭᠠᠢ ᠱᠠᠭᠠᠷᠳᠠᠯᠭ᠎ᠠ ᠲᠠᠢ ᠮᠠᠭᠠᠳ᠃ ᠡᠨᠡ | ᠲᠠᠯ᠎ᠠ ᠪᠠᠷ᠂ ᠰᠤᠷᠭᠠᠭᠤᠯᠢ ᠠᠴᠠ ᠬᠠᠲᠠᠭᠤ ᠬᠡᠷᠡᠭᠴᠡᠭᠡ ᠶᠢ ᠠᠯᠢ ᠴᠢᠳᠠᠬᠤ ᠪᠠᠷ ᠬᠠᠪᠰᠤᠷᠤᠨ ᠨᠠᠮᠳᠠᠭᠤᠯᠵᠤ᠂ | ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠰᠤᠷᠤᠭᠴᠢᠳ ᠲᠤ | ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠬᠦ ᠬᠡᠷᠡᠭᠲᠡᠶ᠃ | ᠡᠭᠦᠨ ᠠᠴᠠ ᠭᠠᠳᠠᠨ᠎ᠠ᠂ ᠠᠮᠢᠳᠤᠷᠠᠯ ᠪᠠ ᠰᠤᠷᠤᠯᠴᠠᠯᠭ᠎ᠠ ᠶᠢᠨ ᠲᠠᠯ᠎ᠠ ᠪᠠᠷ᠂ ᠮᠠᠰᠢ ᠣᠯᠠᠨ ᠰᠣᠷᠣᠭᠴᠢ | ᠰᠦᠯᠵᠢᠶᠡᠨ ᠳᠡᠭᠡᠷ᠎ᠡ ᠰᠤᠷᠤᠯᠴᠠᠬᠤ ᠬᠡᠷᠡᠭᠲᠡᠶ᠂ ᠠᠮᠢᠳᠤᠷᠠᠯ ᠳᠤᠮᠳᠠ ᠪᠠᠰᠠ ᠰᠢᠢᠳᠪᠦᠷᠢᠯᠡᠬᠦ ᠴᠢᠬᠤᠯᠠᠲᠠᠶ ᠵᠠᠷᠢᠮ | ᠠᠰᠠᠭᠤᠳᠠᠯ ᠣᠷᠣᠰᠢᠵᠤ ᠪᠠᠶᠢᠪᠠᠯ᠂ ᠰᠤᠷᠭᠠᠭᠤᠯᠢ ᠠᠴᠠ ᠪᠢᠲᠡᠭᠦᠮᠵᠢᠯᠡᠨ ᠡᠵᠡᠮᠳᠡᠬᠦ ᠬᠤᠭᠤᠴᠠᠭᠠᠨ ᠳᠤ ᠰᠠᠶᠢᠲᠤᠷ | ᠪᠠᠲᠤᠯᠠᠬᠤ ᠬᠡᠷᠡᠭᠲᠡᠶ᠃ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠨᠢ ᠡᠭᠦᠨ ᠠᠴᠠ ᠪᠣᠯᠤᠭᠰᠠᠨ | ᠰᠡᠳᠬᠢᠴᠡ ᠶᠢᠨ ᠠᠰᠠᠭᠤᠳᠠᠯ ᠢ ᠪᠦᠲᠦᠮᠵᠢᠲᠡᠢ ᠠᠷᠭᠠᠴᠠᠬᠤ ᠳᠤ ᠲᠦᠢᠯ ᠤᠨ ᠴᠢᠬᠤᠯᠠ ᠶᠤᠮ᠃ | ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠪᠣᠳᠠᠲᠠᠶᠢᠵᠢᠭᠤᠯᠬᠤ᠃ | ᠣᠳᠣᠬᠠᠨ ᠳᠤ᠂ ᠪᠥᠬᠦ ᠤᠯᠤᠰ ᠤᠨ ᠪᠣᠶ ᠪᠥᠬᠦᠶ ᠶᠡᠭᠡ ᠳᠡᠭᠡᠳᠦ ᠰᠤᠷᠭᠠᠭᠤᠯᠢ ᠴᠥᠮ ᠰᠡᠳᠬᠢᠴᠡ ᠶᠢᠨ | ᠵᠥᠪᠯᠡᠯᠭᠡ ᠥᠭᠬᠦ ᠦᠢᠯᠡᠴᠢᠯᠡᠭᠡᠨ ᠤ ᠲᠥᠪ ᠪᠠᠶᠢᠭᠤᠯᠵᠤ᠂ ᠨᠢᠭᠤᠷᠲᠠᠨ ᠠᠰᠠᠭᠤᠬᠤ ᠠᠴᠠ ᠭᠠᠳᠠᠨ᠎ᠠ ᠪᠠᠰᠠ | ᠰᠡᠳᠬᠢᠴᠡ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠨᠡᠪᠲᠡᠷᠡᠭᠦᠯᠵᠦ ᠪᠠᠶᠢᠨ᠎ᠠ᠃ ᠬᠠᠯᠠᠭᠤᠨ ᠤᠲᠠᠰᠤ ᠴᠤ ᠲᠡᠷᠡ᠂ | ᠪᠤᠰᠤᠳ ᠬᠡᠯᠪᠡᠷᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠴᠦ ᠲᠡᠷᠡ᠂ ᠦᠨᠡᠨ ᠬᠦ ᠭᠦᠢᠴᠡᠳ | ᠬᠢᠬᠦ ᠬᠡᠷᠡᠭᠲᠡᠶ᠃ | ᠡᠭᠦᠨ ᠤ ᠬᠠᠮᠲᠤ᠂ ᠰᠡᠳᠬᠢᠴᠡ ᠶᠢᠨ ᠡᠷᠡᠭᠦᠯ ᠮᠡᠨᠳᠦ᠂ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ | ᠰᠠᠶᠢᠲᠤᠷ ᠬᠢᠬᠦ ᠳᠤ ᠲᠤᠰᠬᠠᠶ ᠮᠡᠷᠭᠡᠵᠢᠯ ᠤᠨ ᠠᠵᠢᠯᠲᠠᠨ ᠠᠴᠠ ᠭᠠᠳᠠᠨ᠎ᠠ᠂ ᠬᠠᠪᠰᠤᠷᠤᠨ ᠵᠢᠯᠣᠭᠤᠳᠣᠭᠴᠢ᠂ | ᠠᠩᠭᠢ ᠶᠢᠨ ᠡᠷᠬᠢᠯᠡᠭᠴᠢ ᠴᠦ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠂ ᠲᠡᠳᠡᠨ ᠤ ᠢᠯᠡᠷᠡᠭᠰᠡᠨ ᠪᠠ | ᠬᠠᠩᠭᠠᠭᠰᠠᠨ ᠬᠠᠪᠰᠤᠷᠤᠯᠭ᠎ᠠ ᠨᠢ ᠰᠤᠷᠤᠭᠴᠢᠳ ᠤᠨ ᠰᠡᠳᠬᠢᠴᠡ ᠶᠢᠨ ᠲᠠᠯ᠎ᠠ ᠪᠠᠷ ᠬᠢ ᠪᠠᠴᠢᠮ ᠪᠠᠶᠢᠳᠠᠯ ᠢ | ᠨᠠᠮᠳᠠᠭᠤᠯᠬᠤ ᠳᠤ ᠲᠦᠢᠯ ᠤᠨ ᠴᠢᠬᠤᠯᠠ ᠪᠠᠶᠢᠳᠠᠭ᠃  | | | ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠠᠪᠴᠠᠩ ᠳᠤ ᠪᠠᠰᠠ ᠰᠡᠳᠬᠢᠴᠡ ᠶᠢᠨ | ᠲᠤᠰᠠᠯᠠᠮᠵᠢ ᠶᠢᠨ ᠬᠠᠯᠠᠮᠰᠢᠯ ᠤᠲᠠᠰᠤ ᠲᠠᠢ᠂ ᠳᠡᠭᠡᠷᠡᠬᠢ ᠵᠢᠩᠬᠢᠨᠢ ᠬᠢᠴᠢᠶᠡᠯ ᠪᠠ ᠰᠡᠳᠬᠢᠴᠡ ᠶᠢᠨ ᠠᠰᠠᠭᠤᠳᠠᠯ ᠳᠤ | ᠴᠢᠭᠯᠡᠭᠦᠯᠦᠭᠰᠡᠨ ᠵᠠᠷᠢᠮ ᠲᠤᠰᠬᠠᠶ ᠮᠡᠷᠭᠡᠵᠢᠯᠲᠡᠨ ᠠᠴᠠ ᠵᠣᠬᠢᠬᠤ ᠬᠡᠮᠵᠢᠶ᠎ᠡ ᠪᠠᠷ ᠰᠤᠷᠤᠭᠴᠢᠳ ᠤᠨ ᠵᠣᠪᠠᠨᠢᠯ ᠢ | ᠨᠠᠮᠳᠠᠭᠤᠯᠵᠤ ᠪᠣᠯᠤᠨ᠎ᠠ᠃ | ᠵᠤᠬᠢᠶᠠᠭᠴᠢ᠄ ᠡᠷᠡᠭᠦᠯ ᠴᠢᠬᠢᠷᠠᠭ ᠳᠤᠮᠳᠠᠳᠤ ᠤᠯᠤᠰ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |