ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠦᠲᠦᠮᠵᠢᠲᠡᠢ ᠠᠰᠢᠭᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠰᠢᠩ ᠡᡁᠧ ᠰᠢᠶᠠᠨ ᠤ | ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠤᠶᠠᠷ ᠭᠠᠷᠠᠭ ᠤᠨ ᠴᠠᠭ ᠢ | ᠠᠰᠢᠭᠯᠠᠨ ᠰᠠᠶᠢᠠᠤᠰᠤ ᠪᠠᠯᠭᠠᠰᠤ ᠶᠢᠨ ᠬᠢᠯᠢ ᠳᠣᠲᠣᠷᠠᠬᠢ ᠤᠯᠠᠨ ᠴᠢᠯᠠᠭᠤᠨ ᠮᠠᠲ᠋ᠧᠷᠢᠶᠠᠯ ᠤᠨ ᠬᠦᠷᠢᠶᠡᠯᠡᠩ | ᠲᠣᠭᠤᠷᠢᠭ ᠲᠤ ᠣᠷᠴᠢᠨ ᠲᠣᠭᠤᠷᠢᠨ ᠢ ᠲᠥᠪᠯᠡᠷᠡᠭᠦᠯᠦᠨ ᠵᠠᠰᠠᠵᠤ᠂ ᠵᠠᠰᠠᠭᠰᠠᠨ ᠲᠠᠯᠠᠪᠠᠢ ᠨᠢ 700 ᠭᠠᠷᠤᠢ ᠮᠦ ᠳᠤ | ᠬᠦᠷᠴᠡᠢ᠃ | 2017 ᠣᠨ ᠳᠤ᠂ ᠰᠢᠩ ᠡᡁᠧ ᠰᠢᠶᠠᠨ ᠤ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠰᠢᠩ ᠡᡁᠧ ᠰᠢᠶᠠᠨ ᠤ ᠰᠠᠶᠢᠬᠤᠰᠤ ᠪᠠᠯᠭᠠᠰᠤ ᠶᠢᠨ ᠸᠧᠢ ᠵᠢᠶᠠ ᠲᠣᠰᠬᠤᠨ ᠤ | ᠵᠠᠰᠠᠭ ᠵᠠᠬᠢᠷᠭᠠᠨ ᠤ ᠲᠣᠰᠬᠤᠨ ᠤ ᠰᠢᠤᠸᠠᠢ ᠵᠢᠶᠠ ᠲᠣᠰᠬᠤᠨ ᠤ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ | ᠂ ᠾᠧ ᠰᠢᠩ ᠬᠦᠩ ᠵᠠᠰᠠᠭ ᠵᠠᠬᠢᠷᠭᠠᠨ ᠤ ᠲᠣᠰᠬᠤᠨ ᠤ ᠵᠧᠩ ᠵᠢᠶᠠ ᠲᠣᠰᠬᠤᠨ ᠤ ᠴᠢᠯᠠᠭᠤᠨ ᠮᠠᠲ᠋ᠧᠷᠢᠶᠠᠯ ᠤᠨ | ᠬᠦᠷᠢᠶᠡᠯᠡᠩ ᠲᠣᠭᠤᠷᠢᠭ᠂ ᠯᠢ ᠮᠤᠤ ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠤ ᠼᠦᠢ ᠵᠢᠶᠠ ᠲᠣᠰᠬᠤᠨ ᠤ | ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠬᠢᠷᠥᠭᠡᠳᠡᠭᠰᠡᠨ ᠭᠡᠷ ᠢ ᠲᠥᠪᠯᠡᠷᠡᠭᠦᠯᠦᠨ ᠨᠤᠷᠠᠭᠠᠪᠠ᠂ | ᠨᠤᠷᠠᠭᠠᠭᠰᠠᠨ ᠤ ᠳᠠᠷᠠᠭ᠎ᠠ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ | ᠶᠡᠷᠦ ᠠᠴᠠ ᠵᠠᠰᠠᠭᠰᠠᠨ ᠦᠭᠡᠢ᠂ ᠭᠠᠵᠠᠷ ᠰᠢᠷᠣᠢ ᠶᠢ ᠪᠦᠲᠦᠮᠵᠢᠲᠡᠢ ᠠᠰᠢᠭᠯᠠᠭᠰᠠᠨ ᠦᠭᠡᠢ ᠮᠥᠷᠲᠡᠭᠡᠨ ᠡᠷᠬᠢᠨ | ᠲᠣᠭᠤᠷᠢᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠤ ᠨᠥᠯᠥᠭᠡᠯᠡᠭᠰᠡᠨ ᠪᠠᠶᠢᠨ᠎ᠠ᠃ ᠡᠭᠦᠨ ᠤ | ᠲᠤᠯᠠᠳᠠ᠂ ᠰᠢᠩ ᠡᡁᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠣᠳᠣᠬᠢ ᠪᠠᠶᠢᠳᠠᠯ ᠳᠤ ᠴᠢᠭᠯᠡᠭᠦᠯᠦᠨ᠂ | ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠨᠠᠷᠢᠨ ᠨᠢᠮᠪᠠᠢ ᠲᠤᠬᠢᠷᠠᠭᠤᠯᠵᠤ᠂ ᠵᠦᠢ ᠵᠣᠬᠢᠰᠲᠠᠢ ᠵᠠᠰᠠᠯᠲᠠ ᠶᠢᠨ | ᠲᠥᠰᠦᠯ ᠲᠣᠭᠲᠠᠭᠠᠵᠤ᠂ ᠲᠤᠪᠴᠢᠶ᠎ᠠ ᠶᠢᠨ ᠤᠳᠤᠷᠢᠳᠤᠯᠭ᠎ᠠ ᠪᠡᠶ᠎ᠡ ᠪᠠᠷ ᠢᠶᠠᠨ ᠳᠠᠭᠠᠭᠤᠯᠵᠤ᠂ ᠬᠤᠷᠴᠠ ᠭᠠᠪᠰᠢᠭᠠᠢ | ᠬᠥᠮᠦᠰ ᠢ ᠵᠣᠬᠢᠶᠠᠨ ᠪᠠᠶᠢᠭᠤᠯᠵᠤ᠂ ᠡᠳᠦᠷ ᠰᠥᠨᠢ ᠦᠭᠡᠢ ᠰᠠᠬᠢᠨ ᠰᠠᠭᠤᠵᠤ ᠲᠤᠬᠠᠢ ᠶᠢᠨ ᠲᠠᠯᠠᠪᠠᠢ ᠶᠢ ᠰᠠᠬᠢᠨ | ᠵᠢᠯᠣᠭᠤᠳᠪᠠ᠃ ᠵᠠᠰᠠᠬᠤ ᠬᠤᠭᠤᠴᠠᠭᠠᠨ ᠳᠤ ᠨᠡᠶᠢᠲᠡ 30 ᠭᠤᠬ᠎ᠠ ᠲᠠᠢ ᠮᠠᠰᠢᠨ᠂ 4 ᠰᠢᠷᠣᠶ ᠲᠦᠯᠬᠢᠬᠦ ᠮᠠᠰᠢᠨ᠂ | 8 ᠠᠴᠢᠶᠠᠨ ᠤ ᠮᠠᠰᠢᠨ᠂ 20 ᠬᠥᠷᠪᠡᠭᠦᠯᠬᠦ ᠮᠠᠰᠢᠨ᠂ 20000 ᠪᠣᠰᠤᠭ᠎ᠠ ᠳᠥᠷᠪᠡᠯᠵᠢᠨ ᠮᠧᠲᠷ ᠤᠨ ᠬᠤᠭ | ᠨᠣᠪᠰᠢ ᠶᠢ ᠴᠡᠪᠡᠷᠯᠡᠨ ᠵᠥᠭᠡᠭᠡᠪᠦᠷᠢᠯᠡᠵᠦ᠂ 700 ᠭᠠᠷᠤᠶ ᠮᠥ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠲᠡᠭᠰᠢᠯᠡᠵᠦ᠂ ᠡᠷᠬᠢᠨ ᠲᠣᠭᠤᠷᠢᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠦᠢᠯ ᠤᠨ | ᠶᠡᠭᠡ ᠪᠠᠷ ᠰᠠᠶᠢᠵᠢᠷᠠᠭᠤᠯᠵᠠᠶ᠃ | ᠬᠤᠶᠢᠰᠢᠳᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ | ᠥᠭᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠯᠠᠨ ᠲᠦᠮᠡᠨ ᠳᠤ | ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ | ᠠᠷᠪᠢᠲᠠᠢ ᠡᠷᠴᠢᠮᠯᠢᠭ ᠠᠰᠢᠭᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |