ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠰᠠᠶᠢᠬᠤᠰᠤ ᠪᠠᠯᠭᠠᠰᠤᠨ ᠤ ᠬᠢᠯᠢ ᠳᠣᠲᠣᠷᠠᠬᠢ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠲᠥᠪᠯᠡᠷᠡᠭᠦᠯᠦᠨ ᠵᠠᠰᠠᠪᠠ
ᠨᠡᠶᠢᠲᠡᠯᠡᠭᠰᠡᠨ ᠴᠠᠭ᠄
2022/5/30
     ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠦᠲᠦᠮᠵᠢᠲᠡᠢ ᠠᠰᠢᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠰᠢᠩ ᠡᡁᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠤᠶᠠᠷ ᠭᠠᠷᠠᠭ ᠤᠨ ᠴᠠᠭ ᠢ ᠠᠰᠢᠭᠯᠠᠨ ᠰᠠᠶᠢᠠᠤᠰᠤ ᠪᠠᠯᠭᠠᠰᠤ ᠶᠢᠨ ᠬᠢᠯᠢ ᠳᠣᠲᠣᠷᠠᠬᠢ ᠤᠯᠠᠨ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠲᠤ ᠣᠷᠴᠢᠨ ᠲᠣᠭᠤᠷᠢᠨ ᠢ ᠲᠥᠪᠯᠡᠷᠡᠭᠦᠯᠦᠨ ᠵᠠᠰᠠᠵᠤ᠂ ᠵᠠᠰᠠᠭᠰᠠᠨ ᠲᠠᠯᠠᠪᠠᠢ ᠨᠢ 700 ᠭᠠᠷᠤᠢ ᠮᠦ ᠳᠤ ᠬᠦᠷᠴᠡᠢ᠃      2017 ᠣᠨ ᠳᠤ᠂ ᠰᠢᠩ ᠡᡁᠧ ᠰᠢᠶᠠᠨ ᠤ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠰᠢᠩ ᠡᡁᠧ ᠰᠢᠶᠠᠨ ᠤ  ᠰᠠᠶᠢᠬᠤᠰᠤ ᠪᠠᠯᠭᠠᠰᠤ ᠶᠢᠨ ᠸᠧᠢ ᠵᠢᠶᠠ ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠤ ᠰᠢᠤᠸᠠᠢ ᠵᠢᠶᠠ ᠲᠣᠰᠬᠤᠨ ᠤ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠂ ᠾᠧ ᠰᠢᠩ ᠬᠦᠩ ᠵᠠᠰᠠᠭ ᠵᠠᠬᠢᠷᠭᠠᠨ ᠤ ᠲᠣᠰᠬᠤᠨ ᠤ ᠵᠧᠩ ᠵᠢᠶᠠ ᠲᠣᠰᠬᠤᠨ ᠤ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ᠂ ᠯᠢ ᠮᠤᠤ ᠲᠣᠰᠬᠤᠨ ᠤ ᠵᠠᠰᠠᠭ ᠵᠠᠬᠢᠷᠭᠠᠨ ᠤ ᠲᠣᠰᠬᠤᠨ ᠤ ᠼᠦᠢ ᠵᠢᠶᠠ ᠲᠣᠰᠬᠤᠨ ᠤ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠬᠢᠷᠥᠭᠡᠳᠡᠭᠰᠡᠨ ᠭᠡᠷ ᠢ ᠲᠥᠪᠯᠡᠷᠡᠭᠦᠯᠦᠨ ᠨᠤᠷᠠᠭᠠᠪᠠ᠂ ᠨᠤᠷᠠᠭᠠᠭᠰᠠᠨ ᠤ ᠳᠠᠷᠠᠭ᠎ᠠ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠶᠡᠷᠦ ᠠᠴᠠ ᠵᠠᠰᠠᠭᠰᠠᠨ ᠦᠭᠡᠢ᠂ ᠭᠠᠵᠠᠷ ᠰᠢᠷᠣᠢ ᠶᠢ ᠪᠦᠲᠦᠮᠵᠢᠲᠡᠢ ᠠᠰᠢᠭᠯᠠᠭᠰᠠᠨ ᠦᠭᠡᠢ ᠮᠥᠷᠲᠡᠭᠡᠨ ᠡᠷᠬᠢᠨ ᠲᠣᠭᠤᠷᠢᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠤ ᠨᠥᠯᠥᠭᠡᠯᠡᠭᠰᠡᠨ ᠪᠠᠶᠢᠨ᠎ᠠ᠃ ᠡᠭᠦᠨ ᠤ ᠲᠤᠯᠠᠳᠠ᠂ ᠰᠢᠩ ᠡᡁᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ  ᠲᠤᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠣᠳᠣᠬᠢ ᠪᠠᠶᠢᠳᠠᠯ ᠳᠤ ᠴᠢᠭᠯᠡᠭᠦᠯᠦᠨ᠂ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠨᠠᠷᠢᠨ ᠨᠢᠮᠪᠠᠢ ᠲᠤᠬᠢᠷᠠᠭᠤᠯᠵᠤ᠂ ᠵᠦᠢ ᠵᠣᠬᠢᠰᠲᠠᠢ ᠵᠠᠰᠠᠯᠲᠠ ᠶᠢᠨ ᠲᠥᠰᠦᠯ ᠲᠣᠭᠲᠠᠭᠠᠵᠤ᠂ ᠲᠤᠪᠴᠢᠶ᠎ᠠ ᠶᠢᠨ ᠤᠳᠤᠷᠢᠳᠤᠯᠭ᠎ᠠ ᠪᠡᠶ᠎ᠡ ᠪᠠᠷ ᠢᠶᠠᠨ ᠳᠠᠭᠠᠭᠤᠯᠵᠤ᠂ ᠬᠤᠷᠴᠠ ᠭᠠᠪᠰᠢᠭᠠᠢ ᠬᠥᠮᠦᠰ ᠢ ᠵᠣᠬᠢᠶᠠᠨ ᠪᠠᠶᠢᠭᠤᠯᠵᠤ᠂ ᠡᠳᠦᠷ ᠰᠥᠨᠢ ᠦᠭᠡᠢ ᠰᠠᠬᠢᠨ ᠰᠠᠭᠤᠵᠤ ᠲᠤᠬᠠᠢ ᠶᠢᠨ ᠲᠠᠯᠠᠪᠠᠢ ᠶᠢ ᠰᠠᠬᠢᠨ ᠵᠢᠯᠣᠭᠤᠳᠪᠠ᠃ ᠵᠠᠰᠠᠬᠤ ᠬᠤᠭᠤᠴᠠᠭᠠᠨ ᠳᠤ ᠨᠡᠶᠢᠲᠡ 30 ᠭᠤᠬ᠎ᠠ ᠲᠠᠢ ᠮᠠᠰᠢᠨ᠂ 4 ᠰᠢᠷᠣᠶ ᠲᠦᠯᠬᠢᠬᠦ ᠮᠠᠰᠢᠨ᠂ 8 ᠠᠴᠢᠶᠠᠨ ᠤ ᠮᠠᠰᠢᠨ᠂ 20 ᠬᠥᠷᠪᠡᠭᠦᠯᠬᠦ ᠮᠠᠰᠢᠨ᠂ 20000 ᠪᠣᠰᠤᠭ᠎ᠠ ᠳᠥᠷᠪᠡᠯᠵᠢᠨ ᠮᠧᠲᠷ ᠤᠨ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠵᠦ᠂ 700 ᠭᠠᠷᠤᠶ ᠮᠥ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠡᠭᠰᠢᠯᠡᠵᠦ᠂ ᠡᠷᠬᠢᠨ ᠲᠣᠭᠤᠷᠢᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠦᠢᠯ ᠤᠨ ᠶᠡᠭᠡ ᠪᠠᠷ ᠰᠠᠶᠢᠵᠢᠷᠠᠭᠤᠯᠵᠠᠶ᠃      ᠬᠤᠶᠢᠰᠢᠳᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠥᠬᠦᠷᠡᠰᠢ ᠦᠭᠡᠢ ᠪᠠᠶᠢᠩᠭᠤ ᠠᠳᠬᠤᠵᠤ᠂ ᠤᠯᠠᠨ ᠲᠦᠮᠡᠨ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3