ᠨᠠᠰᠤᠨ ᠳᠤ ᠦᠯᠦ ᠬᠦᠷᠦᠭᠰᠡᠳ ᠤᠨ ᠣᠷᠣᠯᠴᠠᠬᠤ ᠶᠢ ᠴᠠᠭᠠᠵᠠᠯᠠᠨ᠎ᠠ! ᠳᠥᠷᠪᠡᠨ ᠰᠠᠯᠠᠭ᠎ᠠ ᠮᠥᠴᠢᠷ ᠳᠠᠭᠤ ᠭᠠᠷᠭᠠᠪᠠ
ᠨᠡᠶᠢᠲᠡᠯᠡᠭᠰᠡᠨ ᠴᠠᠭ᠄
2022/5/6
     ᠳᠥᠷᠪᠡᠨ ᠰᠠᠯᠠᠭ᠎ᠠ ᠮᠥᠴᠢᠷ ᠠᠴᠠ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠲᠤ ᠰᠦᠯᠵᠢᠶᠡᠨ ᠤ ᠭᠤᠤᠯ ᠨᠡᠪᠲᠡᠷᠡᠭᠦᠯᠭᠡ ᠶᠢᠨ ᠦᠢᠯᠡᠴᠢᠯᠡᠭᠡ ᠬᠠᠩᠭᠠᠵᠤ ᠪᠣᠯᠬᠤ ᠥᠬᠡᠶ ᠭᠡᠵᠦ ᠱᠠᠭᠠᠷᠳᠠᠪᠠ      ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠵᠢᠯ ᠲᠥᠷᠥᠯ ᠤᠨ ᠵᠢᠷᠤᠮᠵᠢᠯ ᠢ ᠦᠨᠡᠨ ᠬᠦ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ 7᠎ ᠤ ᠡᠳᠦᠷ ︽ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠶᠢ ᠵᠢᠷᠤᠮᠵᠢᠭᠤᠯᠵᠤ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠰᠠᠨᠠᠯ︾᠎ ᠢ ᠨᠡᠶᠢᠲᠡᠯᠡᠵᠦ᠂ ᠳᠤᠷᠠᠳᠤᠨ ᠭᠠᠷᠭᠠᠭᠰᠠᠨ ᠨᠢ᠄      ① ᠨᠠᠰᠤᠨ ᠳᠤ ᠥᠯᠥ ᠭᠦᠷᠦᠭᠰᠡᠳ ᠤᠨ ᠰᠢᠭᠤᠳ ᠨᠡᠪᠲᠡᠷᠡᠭᠦᠯᠭᠡ ᠳᠤ ᠣᠷᠣᠯᠴᠠᠵᠤ ᠱᠠᠩᠨᠠᠯ ᠤᠯᠬᠤ ᠶᠢ ᠴᠠᠭᠠᠵᠠᠯᠠᠨ᠎ᠠ      ② ᠨᠠᠰᠤᠨ ᠳᠤ ᠥᠯᠥ ᠭᠦᠷᠦᠭᠰᠡᠳ ᠤᠨ ᠭᠤᠤᠯᠯᠠᠨ ᠨᠡᠪᠲᠡᠷᠡᠭᠦᠯᠬᠦ ᠠᠵᠢᠯ ᠡᠷᠭᠢᠯᠡᠬᠦ ᠶᠢ ᠴᠢᠩᠭ᠎ᠠ ᠬᠢᠵᠠᠭᠠᠷᠯᠠᠵᠤ᠂ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠲᠤ ᠰᠦᠯᠵᠢᠶ᠎ᠡ ᠪᠠᠷ ᠭᠤᠤᠯᠯᠠᠨ ᠨᠡᠪᠲᠡᠷᠡᠭᠦᠯᠬᠦ  ᠦᠢᠯᠡᠴᠢᠯᠡᠭᠡ ᠬᠠᠩᠭᠠᠵᠤ ᠪᠣᠯᠬᠤ ᠥᠬᠡᠶ      ③ ︽ᠵᠠᠯᠠᠭᠤᠴᠤᠳ ᠪᠠᠭᠠᠴᠤᠳ ᠤᠨ ᠬᠡᠪ ᠵᠠᠭᠪᠤᠷ︾᠎ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ      ④ ᠨᠠᠰᠤᠨ ᠳᠤ ᠥᠯᠥ ᠬᠦᠷᠦᠭᠰᠡᠳ ᠤᠨ ᠲᠤᠰᠬᠠᠶ ᠦᠢᠯᠡᠴᠢᠯᠡᠭᠡᠨ ᠤ ᠪᠦᠯᠬᠦᠮ ᠢ ᠪᠠᠶᠢᠭᠤᠯᠤᠨ᠎ᠠ      ⑤ ᠭᠤᠤᠯᠳᠠᠯᠭ᠎ᠠ ᠲᠠᠢ ᠴᠢᠳᠠᠮᠵᠢ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠰᠦᠯᠵᠢᠶᠡᠨ ᠥᠷᠲᠡᠭᠡᠨ ᠤ ᠲᠠᠪᠴᠠᠩ ᠢ ᠰᠠᠨᠠᠯ ᠨᠡᠶᠢᠲᠡᠯᠡᠭᠰᠡᠨ ᠤ ᠳᠠᠷᠠᠭ᠎ᠠ 1 ᠰᠠᠷ᠎ᠠ ᠶᠢᠨ ᠳᠣᠲᠣᠷ᠎ᠠ ᠱᠠᠩᠨᠠᠯ ᠣᠯᠭᠤᠬᠤ ᠨᠡᠷᠡᠰ ᠤᠨ ᠵᠢᠭᠰᠠᠭᠠᠯᠲᠠ ᠶᠢ ᠪᠦᠬᠦᠨ ᠢ ᠬᠦᠴᠦᠨ ᠥᠬᠡᠶ ᠪᠣᠯᠭᠠᠬᠤ ᠬᠡᠷᠡᠭᠲᠡᠶ      ⑥ ᠣᠷᠭᠢᠯ ᠦᠶ᠎ᠡ ᠶᠢᠨ ᠬᠠᠮᠢᠶᠠᠷᠤᠯᠲᠠ ᠶᠢ ᠴᠢᠩᠭᠠᠳᠬᠠᠨ᠎ᠠ      ⑦ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ                                                             ᠢᠷᠡᠯᠲᠡ᠄ ᠰᠢᠨᠬᠤᠸᠠ ᠬᠤᠷᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3