ᠰᠢᠩ ᠾᠧ ᠰᠢᠶᠠᠨ ᠤ 2022 ᠣᠨ ᠤ ᠴᠢᠬᠤᠯᠠ ᠶᠡᠭᠡ ᠲᠦᠷᠦᠯ ᠵᠦᠢᠯ ᠤᠨ ᠦᠨᠳᠦᠰᠦᠨ ᠪᠠᠶᠢᠳᠠᠯ
ᠨᠡᠶᠢᠲᠡᠯᠡᠭᠰᠡᠨ ᠴᠠᠭ᠄
2022/5/6
     2022 ᠣᠨ ᠳᠤ᠂ ᠰᠢᠩ ᠾᠧ ᠰᠢᠶᠠᠨ ᠤ ᠬᠢᠨ ᠴᠢᠬᠤᠯᠠ ᠶᠡᠭᠡ ᠲᠥᠷᠥᠯ ᠵᠦᠢᠯ ︵ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢ︶ ᠢ 14 ᠬᠡᠷᠡᠭᠵᠢᠭᠦᠯᠵᠦ᠂ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ 53.49 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 9.18 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ 2021 ᠣᠨ ᠳᠤ 7 ᠵᠦᠢᠯ ᠤᠨ ᠳ᠋ᠦᠩᠨᠡᠨ ᠰᠢᠯᠵᠢᠭᠦᠯᠦᠭᠰᠡᠨ ᠦᠷᠭᠦᠯᠵᠢᠯᠡᠨ ᠪᠠᠶᠢᠭᠤᠯᠬᠤ ᠵᠦᠢᠯᠡᠰ ᠲᠤ 11.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠳᠣᠲᠣᠷ᠎ᠠ 3.03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ︔ 2022 ᠣᠨ ᠳᠤ 7 ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠵᠦ᠂ 42.19 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠯ ᠳᠤ 6.15 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ ᠨᠢᠭᠡᠨᠲᠡ 2.117 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ 23.06% ᠶᠢ ᠪᠡᠶᠡᠯᠡᠭᠦᠯᠪᠡ᠃                                   ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3