ᠳᠥᠷᠪᠡᠨ ᠰᠠᠯᠠᠭ᠎ᠠ ᠮᠥᠴᠢᠷ ᠠᠴᠠ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠲᠤ | ᠰᠦᠯᠵᠢᠶᠡᠨ ᠤ ᠭᠤᠤᠯ ᠨᠡᠪᠲᠡᠷᠡᠭᠦᠯᠭᠡ ᠶᠢᠨ ᠦᠢᠯᠡᠴᠢᠯᠡᠭᠡ ᠬᠠᠩᠭᠠᠵᠤ ᠪᠣᠯᠬᠤ ᠥᠬᠡᠶ ᠭᠡᠵᠦ ᠱᠠᠭᠠᠷᠳᠠᠪᠠ | ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠠᠵᠢᠯ ᠲᠥᠷᠥᠯ ᠤᠨ ᠵᠢᠷᠤᠮᠵᠢᠯ ᠢ ᠦᠨᠡᠨ ᠬᠦ ᠴᠢᠩᠭᠠᠳᠬᠠᠵᠤ᠂ | ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ | ᠪᠣᠶ ᠪᠣᠯᠭᠠᠬᠤ ᠶᠢᠨ ᠲᠥᠯᠥᠭᠡ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠣᠶᠣᠯ | ᠪᠠ ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠤᠯᠤᠰ ᠤᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ 7 ᠤ ᠡᠳᠦᠷ ︽ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠶᠢ | ᠵᠢᠷᠤᠮᠵᠢᠭᠤᠯᠵᠤ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠰᠠᠨᠠᠯ︾ ᠢ | ᠨᠡᠶᠢᠲᠡᠯᠡᠵᠦ᠂ ᠳᠤᠷᠠᠳᠤᠨ ᠭᠠᠷᠭᠠᠭᠰᠠᠨ ᠨᠢ᠄ | ① ᠨᠠᠰᠤᠨ ᠳᠤ ᠥᠯᠥ ᠭᠦᠷᠦᠭᠰᠡᠳ ᠤᠨ ᠰᠢᠭᠤᠳ ᠨᠡᠪᠲᠡᠷᠡᠭᠦᠯᠭᠡ ᠳᠤ ᠣᠷᠣᠯᠴᠠᠵᠤ ᠱᠠᠩᠨᠠᠯ ᠤᠯᠬᠤ ᠶᠢ | ᠴᠠᠭᠠᠵᠠᠯᠠᠨ᠎ᠠ | ② ᠨᠠᠰᠤᠨ ᠳᠤ ᠥᠯᠥ ᠭᠦᠷᠦᠭᠰᠡᠳ ᠤᠨ ᠭᠤᠤᠯᠯᠠᠨ ᠨᠡᠪᠲᠡᠷᠡᠭᠦᠯᠬᠦ ᠠᠵᠢᠯ ᠡᠷᠭᠢᠯᠡᠬᠦ ᠶᠢ ᠴᠢᠩᠭ᠎ᠠ | ᠬᠢᠵᠠᠭᠠᠷᠯᠠᠵᠤ᠂ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠲᠤ ᠰᠦᠯᠵᠢᠶ᠎ᠡ ᠪᠠᠷ ᠭᠤᠤᠯᠯᠠᠨ | ᠨᠡᠪᠲᠡᠷᠡᠭᠦᠯᠬᠦ ᠦᠢᠯᠡᠴᠢᠯᠡᠭᠡ ᠬᠠᠩᠭᠠᠵᠤ ᠪᠣᠯᠬᠤ ᠥᠬᠡᠶ | ③ ︽ᠵᠠᠯᠠᠭᠤᠴᠤᠳ ᠪᠠᠭᠠᠴᠤᠳ ᠤᠨ ᠬᠡᠪ ᠵᠠᠭᠪᠤᠷ︾ ᠢ ᠰᠢᠯᠢᠳᠡᠭᠵᠢᠭᠦᠯᠦᠨ ᠲᠠᠰ ᠳᠡᠪᠰᠢᠭᠦᠯᠦᠨ᠎ᠡ | ④ ᠨᠠᠰᠤᠨ ᠳᠤ ᠥᠯᠥ ᠬᠦᠷᠦᠭᠰᠡᠳ ᠤᠨ ᠲᠤᠰᠬᠠᠶ ᠦᠢᠯᠡᠴᠢᠯᠡᠭᠡᠨ ᠤ ᠪᠦᠯᠬᠦᠮ ᠢ ᠪᠠᠶᠢᠭᠤᠯᠤᠨ᠎ᠠ | ⑤ ᠭᠤᠤᠯᠳᠠᠯᠭ᠎ᠠ ᠲᠠᠢ ᠴᠢᠳᠠᠮᠵᠢ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠰᠦᠯᠵᠢᠶᠡᠨ ᠥᠷᠲᠡᠭᠡᠨ ᠤ | ᠲᠠᠪᠴᠠᠩ ᠢ ᠰᠠᠨᠠᠯ ᠨᠡᠶᠢᠲᠡᠯᠡᠭᠰᠡᠨ ᠤ ᠳᠠᠷᠠᠭ᠎ᠠ 1 ᠰᠠᠷ᠎ᠠ ᠶᠢᠨ ᠳᠣᠲᠣᠷ᠎ᠠ ᠱᠠᠩᠨᠠᠯ ᠣᠯᠭᠤᠬᠤ ᠨᠡᠷᠡᠰ ᠤᠨ | ᠵᠢᠭᠰᠠᠭᠠᠯᠲᠠ ᠶᠢ ᠪᠦᠬᠦᠨ ᠢ ᠬᠦᠴᠦᠨ ᠥᠬᠡᠶ ᠪᠣᠯᠭᠠᠬᠤ ᠬᠡᠷᠡᠭᠲᠡᠶ | ⑥ ᠣᠷᠭᠢᠯ ᠦᠶ᠎ᠡ ᠶᠢᠨ ᠬᠠᠮᠢᠶᠠᠷᠤᠯᠲᠠ ᠶᠢ ᠴᠢᠩᠭᠠᠳᠬᠠᠨ᠎ᠠ | ⑦ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠬᠤ ᠵᠡᠷᠭᠡ ᠠᠵᠢᠯ ᠤᠨ ᠠᠷᠭ᠎ᠠ ᠬᠡᠮᠵᠢᠶ᠎ᠡ | ᠃ | | ᠢᠷᠡᠯᠲᠡ᠄ ᠰᠢᠨᠬᠤᠸᠠ ᠬᠤᠷᠢᠶ᠎ᠠ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |