ᠰᠢᠩ ᠾᠧ ᠰᠢᠶᠠᠨ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/5/7
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠤᠨ ᠪᠥᠭᠡᠳ ᠦᠷᠭᠦᠯᠵᠢᠯᠡᠨ ᠪᠠᠯᠠ ᠴᠤᠭᠯᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠣᠶᠢᠷ᠎ᠠ ᠶᠢᠨ ᠬᠤᠭᠤᠴᠠᠭᠠᠨ ᠳᠤ᠂ ᠰᠢᠩ ᠾᠧ ᠰᠢᠶᠠᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠨᠥᠬᠦᠪᠥᠷᠢ ᠶᠢᠨ ᠠᠵᠢᠯ ᠢ ᠥᠷᠨᠢᠭᠦᠯᠪᠡ᠃      ᠡᠯ᠎ᠡ ᠬᠤᠯᠪᠣᠭᠳᠠᠯ ᠪᠥᠬᠦᠶ ᠨᠢᠭᠡᠴᠡ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠪᠠᠶᠢᠴᠠᠭᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠴᠠᠭᠤᠯᠤᠯ ᠢᠶᠠᠷ ᠳᠠᠮᠵᠢᠭᠤᠯᠤᠨ᠂ ᠬᠠᠮᠲᠤᠷᠠᠨ ᠬᠢᠨᠠᠨ ᠬᠠᠷᠭᠤᠭᠤᠯᠵᠤ᠂ ᠰᠢᠶᠠᠩ ᠪᠠᠯᠭᠠᠰᠤ ᠲᠠᠢ ᠵᠣᠯᠭᠠᠭᠤᠯᠤᠨ᠂ ᠬᠢᠨᠠᠨ ᠪᠠᠶᠢᠴᠠᠭᠠᠬᠤ ᠡᠷᠦᠬᠡ ᠶᠢ ᠰᠤᠷᠪᠤᠯᠵᠢᠯᠠᠵᠤ᠂ ᠨᠢᠭᠡᠨᠲᠡ ᠶᠠᠳᠠᠭᠤ ᠠᠴᠠ ᠠᠩᠭᠢᠵᠢᠷᠠᠭᠤᠯᠤᠭᠰᠠᠨ ᠲᠥᠷᠥ ᠶᠢᠨ ᠪᠣᠳᠣᠯᠭ᠎ᠠ ᠶᠢ ᠭᠥᠷᠳᠡᠬᠦ ᠡᠷᠦᠬᠡ ︵ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ ᠪᠠᠭᠲᠠᠨ᠎ᠠ︶᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠶᠢᠨ ᠲᠤᠭ᠎ᠠ ᠪᠠᠷᠢᠮᠲᠠ ᠶᠢ ᠣᠨᠣᠪᠴᠢᠲᠠᠶ ᠡᠵᠡᠮᠰᠢᠭᠰᠡᠨ ᠪᠠᠶᠢᠨ᠎ᠠ᠃ ᠬᠢᠨᠠᠨ ᠬᠠᠷᠭᠤᠭᠤᠯᠤᠭᠰᠠᠨ ᠢᠶᠠᠷ᠂ 2022 ᠣᠨ ᠳᠤ᠂ ᠪᠥᠬᠦ ᠰᠢᠶᠠᠨ ᠤ 17204 ᠶᠠᠳᠠᠭᠤ ᠠᠴᠠ ᠠᠩᠭᠢᠵᠢᠷᠠᠭᠰᠠᠨ ᠡᠷᠦᠬᠡ ᠪᠠᠶᠢᠵᠤ᠂ ᠬᠥᠮᠦᠨ ᠪᠦᠷᠢ ᠳᠤ 190 ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠥᠭᠪᠡ︔ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ 1544 ᠡᠷᠦᠬᠡ ᠪᠠ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠳᠤ ᠬᠥᠮᠦᠨ ᠪᠦᠷᠢ ᠳᠤ 75 ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠨᠥᠬᠦᠪᠥᠷᠢ ᠥᠭᠴᠦ᠂ ᠨᠡᠶᠢᠲᠡ 338.456 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠡᠶᠡᠯᠡᠭᠦᠯᠪᠡ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠨᠥᠬᠦᠪᠥᠷᠢ ᠶᠢ ᠥᠷᠨᠢᠭᠦᠯᠬᠦ ᠪᠠᠷ ᠳᠡᠮᠵᠢᠨ᠂ ᠣᠯᠠᠨ ᠲᠦᠮᠡᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ ︵ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ ᠪᠠᠭᠲᠠᠨ᠎ᠠ︶᠂ ᠵᠠᠬ᠎ᠠ ᠬᠢᠵᠠᠭᠠᠷ ᠤᠨ ᠠᠮᠠᠷᠬᠠᠨ ᠡᠭᠦᠰᠬᠦ ᠶᠠᠳᠠᠭᠤ ᠡᠷᠦᠬᠡ ᠪᠠ ᠭᠡᠨᠡᠳᠲᠡ ᠡᠭᠦᠰᠬᠦ ᠬᠦᠨᠳᠦ ᠨᠣᠴᠢᠲᠠᠶ ᠬᠦᠴᠢᠷᠳᠡᠯ ᠲᠠᠢ ᠡᠷᠦᠬᠡ ᠶᠢᠨ ᠬᠤᠪᠢ ᠬᠥᠮᠦᠨ ᠤ ᠰᠦᠢᠳᠭᠡᠯ ᠲᠤᠰᠢᠶᠠᠬᠤ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠶᠢ ᠪᠠᠭᠠᠰᠬᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠪᠠ᠃                                                           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3