ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/7
     5 ᠰᠠᠷ᠎ᠠ ᠶᠢᠨ 6 ᠤ ᠡᠳᠦᠷ᠂ ᠰᠢᠩ ᠾᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠷᠦᠢ ᠬᠤᠷᠠᠯ ᠡᠷᠭᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠹᠧᠩ᠂ ᠴᠢᠶᠣᠤ ᠷᠦᠩ᠂ ᠶᠤᠸᠠᠨ ᠢ ᠶᠢᠨ ᠵᠢᠴᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠤᠷᠠᠯ ᠳᠤ ᠣᠷᠣᠯᠴᠠᠪᠠ᠃
     ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠶᠢᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠬᠤᠶᠠᠷ ᠢ ᠬᠠᠰᠤᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠳᠠᠷᠠᠭᠠᠬᠢ  ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ ︔ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠥᠭᠴᠡᠭᠡᠨ ᠤ ᠠᠶᠤᠯ ᠲᠦᠭᠰᠢᠭᠦᠷᠢ ᠶᠢ ᠠᠷᠢᠯᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ ᠪᠦᠬᠦ ᠰᠢᠶᠠᠨ ᠤ ᠠᠭᠤᠷᠬᠠᠶ ᠶᠢ ᠰᠡᠷᠭᠦᠭᠡᠨ ᠵᠠᠰᠠᠭᠰᠠᠨ ᠠᠵᠢᠯ ᠤᠨ ᠪᠠᠶᠢᠳᠠᠯ ᠤᠨ ᠲᠤᠬᠠᠶ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠮᠡᠳᠡᠭᠦᠯᠦᠯᠲᠡ ᠶᠢ ᠰᠣᠨᠣᠰᠪᠠ᠃      ᠵᠣᠣ ᠷᠦᠢ ᠳ᠋ᠦᠩᠨᠡᠬᠦ ᠳᠡᠭᠡᠨ ᠵᠢᠭᠠᠵᠤ ᠭᠠᠷᠭᠠᠭᠰᠠᠨ ᠨᠢ᠂ ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾ ᠶᠢᠨ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠬᠤ ᠪᠣᠯ ᠬᠢᠨᠠᠯᠲᠠ ᠲᠠᠯᠪᠢᠬᠤ ᠬᠠᠤᠯᠢ ᠠᠴᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠯᠭᠤᠭᠰᠠᠨ ᠬᠠᠮᠤᠭ ᠤᠨ ᠴᠢᠬᠤᠯᠠ᠂ ᠬᠠᠮᠤᠭ ᠤᠨ ᠦᠨᠳᠦᠰᠦᠨ᠂ ᠬᠠᠮᠤᠭ ᠤᠨ ᠪᠠᠶᠢᠩᠭᠤ ᠬᠡᠷᠡᠭᠯᠡᠳᠡᠭ ᠬᠢᠨᠠᠯᠲᠠ ᠲᠠᠯᠪᠢᠬᠤ ᠬᠡᠯᠪᠡᠷᠢ ᠮᠥᠨ᠃ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠠᠵᠢᠯ ᠤᠨ ᠮᠡᠳᠡᠭᠦᠯᠦᠯᠲᠡ ᠰᠣᠨᠣᠰᠬᠤ ᠪᠠᠷ ᠳᠠᠮᠵᠢᠭᠤᠯᠤᠨ᠂ ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ᠂ ᠥᠨᠳᠥᠷ ᠪᠦᠲᠦᠮᠵᠢᠲᠡᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠶᠠᠪᠤᠭᠤᠯᠬᠤ ᠬᠢᠷᠢ ᠬᠡᠮᠵᠢᠶ᠎ᠡ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠪᠠ ᠬᠡᠷᠡᠭ ᠰᠢᠶ᠋ᠳᠪᠦᠷᠢᠯᠡᠬᠦ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠰᠢᠶᠠᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠳᠤ ᠠᠰᠢᠭᠲᠠᠶ ᠨᠥᠬᠦᠴᠡᠯ ᠢ ᠪᠤᠢ ᠪᠣᠯᠭᠠᠵᠤ ᠪᠣᠯᠤᠨ᠎ᠠ᠃      ᠬᠤᠷᠠᠯ ᠠᠴᠠ ᠪᠠᠰᠠ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠤᠰᠤᠳ ᠶᠠᠪᠤᠳᠠᠯ ᠤᠳ ᠢ ᠶᠠᠪᠤᠭᠳᠠᠭᠤᠯᠵᠠᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠾᠧ ᠶᠢᠩ ᠽᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠸᠧᠢ ᠪᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ᠂ ᠰᠢᠭᠦᠬᠦ  ᠬᠤᠷᠢᠶ᠎ᠠ᠂ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠣᠮᠢᠯᠠᠨ ᠰᠠᠭᠤᠯᠭᠠᠭᠰᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭᠠᠲᠠᠨ᠂ ᠲᠤᠰᠢᠶᠠᠯ ᠡᠭᠦᠷᠭᠡᠯᠡᠬᠦ ᠪᠠᠷ ᠪᠠᠶᠢᠭ᠎ᠠ ᠬᠥᠮᠦᠰ ᠢ ᠬᠤᠷᠠᠯ ᠳᠤ ᠰᠤᠯᠠ ᠣᠷᠣᠯᠴᠠᠭᠤᠯᠬᠤ ᠪᠠᠷ ᠪᠠᠶᠢᠨ᠎ᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3