ᠴᠢᠮ᠎ᠠ ᠲᠠᠢ ᠬᠤᠯᠪᠣᠭ᠎ᠠ ᠲᠠᠢ︕ ᠬᠡᠪᠴᠢᠶ᠎ᠡ ᠦᠷᠭᠡᠵᠢᠪᠡ︕
ᠨᠡᠶᠢᠲᠡᠯᠡᠭᠰᠡᠨ ᠴᠠᠭ᠄
2022/5/7
     ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠨᠡᠶᠢᠲᠡ 72 ᠨᠢᠭᠡᠳᠦᠯᠲᠡᠶ ᠲᠥᠯᠥᠪᠯᠡᠬᠦ ᠭᠠᠵᠠᠷ ᠣᠷᠣᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠰᠢᠭᠡᠰᠦᠨ ᠬᠤᠤᠷᠳᠠᠯ ᠤᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ ᠵᠡᠷᠭᠡ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠬᠤᠯᠪᠣᠭᠳᠠᠯ ᠪᠥᠬᠦᠶ ᠡᠮᠴᠢᠯᠡᠭᠡᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢ ᠡᠬᠢᠯᠡᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠪᠣᠶ ᠪᠥᠬᠦᠶ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠬᠠᠮᠤᠷᠤᠭᠤᠯᠬᠤ ᠪᠠᠷ ᠴᠢᠷᠮᠠᠶᠢᠨ᠎ᠠ᠃      ᠣᠳᠣᠬᠠᠨ ᠳᠤ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠳᠤ ᠨᠢᠭᠡᠨᠲᠡ ᠰᠦᠯᠵᠢᠶᠡᠨ ᠳᠤ ᠬᠤᠯᠪᠣᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ 5.72 ᠲᠦᠮᠡ᠂ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ 10.36 ᠲᠦᠮᠡ ᠬᠦᠷᠴᠦ᠂ ᠡᠨᠡ ᠵᠢᠯ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠨᠡᠶᠢᠲᠡ 500.01 ᠲᠦᠮᠡᠨ ᠬᠥᠮᠦᠨ ᠤᠳᠠᠭ᠎ᠠ ᠰᠢᠭᠤᠳ ᠳ᠋ᠦᠩᠨᠡᠨ ᠪᠤᠳᠤᠵᠠᠶ᠂ ᠡᠭᠦᠨ ᠳᠤ ᠬᠤᠯᠪᠣᠭᠳᠠᠭᠰᠠᠨ ᠡᠮᠴᠢᠯᠡᠭᠡᠨ ᠤ ᠵᠠᠷᠤᠳᠠᠯ 12.49 ᠳ᠋ᠦᠩᠰᠢᠭᠤᠷ ᠲᠥᠭᠦᠷᠢᠭ ᠲᠤ ᠬᠦᠷᠴᠦ᠂ ᠰᠠᠭᠤᠷᠢ ᠮᠥᠩᠭᠦ ᠠᠴᠠ 7.31 ᠳ᠋ᠦᠩᠰᠢᠭᠤᠷ ᠲᠥᠭᠦᠷᠢᠭ ᠳᠥᠯᠥᠵᠦ᠂ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 58.5% ᠪᠣᠯᠤᠨ᠎ᠠ᠃      ᠡᠮᠨᠡᠯᠭᠡ ᠳᠤ ᠰᠠᠭᠤᠬᠤ ᠲᠠᠯ᠎ᠠ ᠪᠠᠷ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠠᠵᠢᠯ ᠨᠢᠭᠡᠨᠲᠡ ᠪᠥᠬᠦ ᠤᠯᠤᠰ ᠤᠨ ᠪᠣᠶ ᠪᠥᠬᠦᠶ ᠮᠤᠵᠢ ᠣᠷᠣᠨ᠂ ᠪᠣᠶ ᠪᠥᠬᠦᠶ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠬᠠᠮᠤᠷᠴᠤ᠂ ᠡᠯ᠎ᠡ ᠲᠥᠷᠥᠯ ᠤᠨ ᠳᠠᠭᠠᠳᠬᠠᠯ ᠳᠤ ᠣᠷᠣᠯᠴᠠᠭᠰᠠᠨ ᠬᠥᠮᠦᠰ ᠪᠠ ᠭᠤᠤᠯ ᠪᠣᠯᠬᠤ ᠭᠠᠳᠠᠭᠰᠢ ᠭᠠᠷᠤᠭᠰᠠᠨ ᠬᠥᠮᠦᠰ ᠤᠨ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠠᠵᠢᠯ ᠲᠣᠭᠲᠠᠭᠤᠨ ᠶᠠᠪᠤᠭᠳᠠᠵᠤ ᠪᠠᠶᠢᠨ᠎ᠠ᠃ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠤᠯᠤᠰ ᠤᠨ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠳᠤ ᠨᠢᠭᠡᠨᠲᠡ ᠰᠦᠯᠵᠢᠶᠡᠨ ᠳᠤ ᠬᠤᠯᠪᠣᠭᠰᠠᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ 5.55 ᠲᠦᠮᠡ ᠬᠦᠷᠴᠦ᠂ ᠡᠨᠡ ᠵᠢᠯ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠨᠡᠶᠢᠲᠡ 122.37 ᠲᠦᠮᠡᠨ ᠬᠥᠮᠦᠨ ᠤᠳᠠᠭ᠎ᠠ ᠰᠢᠭᠤᠳ ᠳ᠋ᠦᠩᠨᠡᠨ ᠪᠤᠳᠤᠵᠠᠶ᠂ ᠡᠭᠦᠨ ᠳᠤ ᠬᠤᠯᠪᠣᠭᠳᠠᠭᠰᠠᠨ ᠡᠮᠴᠢᠯᠡᠭᠡᠨ ᠤ ᠵᠠᠷᠤᠳᠠᠯ 281.06 ᠳ᠋ᠦᠩᠰᠢᠭᠤᠷ ᠲᠥᠭᠦᠷᠢᠭ ᠲᠤ ᠬᠦᠷᠴᠦ᠂ ᠰᠠᠭᠤᠷᠢ ᠮᠥᠩᠭᠦ ᠠᠴᠠ 161.52 ᠳ᠋ᠦᠩᠰᠢᠭᠤᠷ ᠲᠥᠭᠦᠷᠢᠭ ᠳᠥᠯᠥᠵᠦ᠂ ᠰᠠᠭᠤᠷᠢ ᠮᠥᠩᠭᠦ ᠠᠴᠠ ᠳᠥᠯᠥᠬᠦ ᠬᠠᠷᠢᠴᠠᠯ ᠨᠢ 57.5% ᠪᠣᠯᠤᠨ᠎ᠠ᠃      ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠡᠭᠦᠳᠡᠨ ᠡᠮᠨᠡᠯᠭᠡ ᠪᠣᠯᠤᠨ ᠡᠮᠨᠡᠯᠭᠡ ᠳᠤ ᠰᠠᠭᠤᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠢ ᠴᠤᠪᠤᠷᠠᠯ ᠲᠠᠢ ᠨᠢᠭᠡᠳᠦᠯᠲᠡᠶ ᠪᠠᠶᠢᠵᠤ᠂ ︽ᠡᠮᠴᠢᠯᠡᠭᠦᠯᠦᠭᠰᠡᠨ ᠭᠠᠵᠠᠷ ᠤᠨ ᠭᠠᠷᠴᠠᠭ᠂ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ᠂ ᠡᠮᠴᠢᠯᠡᠭᠦᠯᠦᠭᠰᠡᠨ ᠭᠠᠵᠠᠷ ᠤᠨ ᠬᠠᠮᠢᠶᠠᠷᠤᠯᠲᠠ︾ ᠪᠣᠯᠤᠨ᠎ᠠ᠄      ᠡᠮᠴᠢᠯᠡᠭᠦᠯᠦᠭᠰᠡᠨ ᠭᠠᠵᠠᠷ ᠤᠨ ᠭᠠᠷᠴᠠᠭ — ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠦᠶ᠎ᠡ ᠳᠤ᠂ ᠵᠠᠷᠴᠢᠮ ᠳᠡᠭᠡᠷ᠎ᠡ ᠪᠠᠨ ᠡᠮᠴᠢᠯᠡᠭᠦᠯᠦᠭᠰᠡᠨ ᠲᠤᠬᠠᠶ ᠶᠢᠨ ᠭᠠᠵᠠᠷ ᠤᠨ ᠲᠣᠭᠲᠠᠭᠠᠭᠰᠠᠨ ᠳᠥᠯᠥᠬᠦ ᠬᠡᠪᠴᠢᠶ᠎ᠡ ᠵᠢᠴᠢ ᠬᠤᠯᠪᠣᠭᠳᠠᠯ ᠪᠥᠬᠦᠶ ᠲᠣᠭᠲᠠᠭᠠᠯ ᠢ ᠬᠡᠷᠡᠭᠵᠢᠭᠦᠯᠦᠨ᠎ᠡ᠂ ᠡᠭᠦᠨ ᠳᠤ ᠭᠤᠤᠯᠳᠠᠭᠤ ᠲᠤᠬᠠᠶ ᠶᠢᠨ ᠭᠠᠵᠠᠷ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ ᠵᠦᠢᠯᠡᠰ ᠵᠢᠴᠢ ᠡᠮᠴᠢᠯᠡᠭᠡᠨ ᠤ ᠦᠶ᠋ᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠵᠡᠷᠭᠡ ᠶᠢ ᠪᠠᠭᠲᠠᠭᠠᠨ᠎ᠠ︔      ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ — ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠬᠢᠯᠡᠵᠦ ᠳᠥᠯᠥᠬᠦ ᠪᠠᠷᠢᠮᠵᠢᠶ᠎ᠠ᠂ ᠳᠥᠯᠥᠬᠦ ᠬᠠᠷᠢᠴᠠᠯ᠂ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠪᠠᠷ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠥᠷᠥ ᠶᠢᠨ ᠪᠣᠳᠣᠯᠭ᠎ᠠ ᠶᠢ ᠵᠢᠷᠤᠮᠯᠠᠨ᠎ᠠ᠃ ᠲᠥᠬᠦᠮ ᠢᠶᠠᠷ ᠬᠡᠯᠡᠪᠡᠯ᠂ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠦᠶ᠎ᠡ ᠳᠤ᠂ ᠡᠮ ᠡᠮᠨᠡᠯᠭᠡ ᠶᠢᠨ ᠳᠠᠭᠠᠳᠬᠠᠯ ᠤᠨ ᠠᠯᠢ ᠠᠯᠢ ᠶᠢ ᠨᠢ ᠮᠡᠳᠡᠭᠦᠯᠵᠦ ᠪᠣᠯᠬᠤ ᠲᠤᠬᠠᠶ ᠡᠮᠴᠢᠯᠡᠭᠦᠯᠦᠭᠰᠡᠨ ᠭᠠᠵᠠᠷ ᠤᠨ ᠲᠣᠭᠲᠠᠭᠠᠯ ᠢᠶᠠᠷ ᠪᠤᠳᠤᠨ᠎ᠠ᠂ ᠭᠡᠪᠡᠴᠦ ᠲᠠᠩᠰᠠ ᠲᠠᠶᠢᠯᠬᠤ ᠬᠠᠷᠢᠴᠠᠯ ᠨᠢ ᠬᠡᠳᠦᠶ ᠪᠠᠶᠢᠬᠤ᠂ ᠬᠠᠮᠤᠭ ᠤᠨ ᠥᠨᠳᠥᠷ ᠲᠡᠭᠡᠨ ᠬᠡᠳᠦᠶ ᠮᠡᠳᠡᠭᠦᠯᠵᠦ ᠪᠣᠯᠬᠤ ᠲᠤᠬᠠᠶ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠣᠭᠲᠠᠭᠠᠯ ᠢᠶᠠᠷ ᠪᠤᠳᠤᠨ᠎ᠠ︔      ᠡᠮᠴᠢᠯᠡᠭᠦᠯᠬᠦ ᠭᠠᠵᠠᠷ ᠤᠨ ᠬᠠᠮᠢᠶᠠᠷᠤᠯᠲᠠ — ᠳᠠᠭᠠᠳᠬᠠᠯ ᠳᠤ ᠣᠷᠣᠯᠴᠠᠭᠴᠢ ᠮᠤᠵᠢ ᠠᠯᠤᠰᠯᠠᠨ ᠡᠮᠴᠢᠯᠡᠭᠦᠯᠬᠦ ᠳᠡᠭᠡᠨ ᠡᠮᠴᠢᠯᠡᠭᠦᠯᠬᠦ ᠭᠠᠵᠠᠷ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠵᠤ᠂ ᠡᠮᠴᠢᠯᠡᠭᠦᠯᠬᠦ ᠭᠠᠵᠠᠷ ᠤᠨ ᠭᠠᠷᠲᠠᠨ ᠭᠦᠢᠴᠡᠳᠭᠡᠭᠴᠢ ᠠᠴᠠ ᠣᠨᠳᠣᠤ ᠭᠠᠵᠠᠷ ᠤᠨ ᠬᠥᠮᠦᠰ ᠲᠤ ᠲᠣᠰ ᠭᠠᠵᠠᠷ ᠤᠨ ᠳᠠᠭᠠᠳᠬᠠᠯ ᠳᠤ ᠣᠷᠣᠯᠴᠠᠭᠴᠢ ᠲᠠᠢ ᠠᠳᠠᠯᠢᠬᠠᠨ ᠭᠠᠷᠲᠠᠨ  ᠭᠦᠢᠴᠡᠳᠭᠡᠬᠦ ᠦᠢᠯᠡᠴᠢᠯᠡᠭᠡ ᠬᠠᠩᠭᠠᠬᠤ ᠬᠡᠷᠡᠭᠲᠡᠶ᠃      ᠡᠭᠦᠨ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ ᠭᠤᠤᠯᠳᠠᠯᠭ᠎ᠠ ᠲᠠᠢ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠰᠠᠨᠠᠯ︾ ᠳᠤ᠂ 2022 ᠣᠨ ᠳᠤ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠠᠷᠭ᠎ᠠ ᠶᠢ ᠦᠷᠭᠦᠯᠵᠢᠯᠡᠨ ᠠᠬᠢᠭᠤᠯᠤᠨ ᠲᠡᠭᠦᠯᠳᠡᠷᠵᠢᠭᠦᠯᠬᠦ ᠬᠡᠷᠡᠭᠲᠡᠶ ᠪᠥᠭᠡᠳ ᠡᠨᠡ ᠵᠢᠯ ᠤᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ ᠭᠡᠵᠦ ᠲᠣᠳᠣᠷᠬᠠᠶ ᠳᠤᠷᠠᠳᠤᠨ ᠭᠠᠷᠭᠠᠵᠠᠶ᠃      ᠲᠠᠷᠠᠭᠠᠴᠢ ᠶᠢᠨ ᠠᠯᠬᠤᠮ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠴᠠ ᠡᠮᠨᠡᠯᠭᠡ ᠳᠤ ᠰᠠᠭᠤᠬᠤ᠂ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠳ᠋ᠦᠩᠨᠡᠨ ᠪᠤᠳᠤᠬᠤ ᠠᠵᠢᠯ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ︽ᠮᠤᠵᠢ ᠠᠯᠤᠰᠯᠠᠨ ᠨᠡᠶᠢᠳᠡᠮ  ᠰᠢᠢᠳᠪᠦᠷᠢᠯᠡᠬᠦ︾ ᠠᠵᠢᠯ ᠢ ᠲᠥᠷᠥᠯ ᠬᠤᠪᠢᠶᠠᠨ ᠠᠬᠢᠭᠤᠯᠤᠨ᠎ᠠ᠃ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠣᠨᠳᠣᠤ ᠭᠠᠵᠠᠷ ᠲᠤ ᠳᠠᠩᠰᠠᠯᠠᠭᠤᠯᠬᠤ ᠳᠤ ᠲᠥᠬᠦᠮ ᠦᠵᠡᠭᠦᠯᠦᠨ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ 70% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 2022 ᠣᠨ ᠳᠤ ᠰᠢᠶᠠᠨ ᠨᠢᠭᠡᠪᠦᠷᠢ ᠳᠤ ᠨᠠᠭᠠᠳᠤ ᠵᠠᠬ᠎ᠠ ᠳᠠᠭᠠᠨ ᠨᠢᠭᠡ ᠰᠦᠯᠵᠢᠶᠡᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠭᠠᠷᠭᠠᠬᠤ ᠠᠵᠢᠯ ᠤᠨ ᠬᠠᠷᠠᠯᠲᠠ ᠶᠢ ᠲᠦᠷᠭᠡᠬᠡᠨ ᠪᠡᠶᠡᠯᠡᠭᠦᠯᠦᠨ᠎ᠡ᠃                                 ᠢᠷᠡᠯᠲᠡ᠄ ᠰᠢᠨᠬᠤᠸᠠ ᠬᠤᠷᠢᠶ᠎ᠠ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3