ᠶᠠᠭᠠᠬᠢᠵᠤ ᠡᠷᠲᠡ ᠠᠭᠤᠰᠬᠢᠨ ᠤ ᠥᠮᠡᠨ ᠢ ᠣᠯᠵᠤ ᠮᠡᠳᠡᠬᠦ ᠪᠣᠢ
ᠨᠡᠶᠢᠲᠡᠯᠡᠭᠰᠡᠨ ᠴᠠᠭ᠄
2022/6/22
 
     ᠠᠭᠤᠰᠬᠢᠨ ᠤ ᠥᠮᠡᠨ ᠤ ᠳᠤᠮᠳᠠᠳᠤ ᠤᠯᠤᠰ ᠲᠠᠬᠢ ᠡᠪᠡᠳᠴᠢᠯᠡᠬᠦ ᠨᠣᠷᠮ᠎ᠠ ᠪᠠ ᠥᠭᠦᠬᠦ ᠨᠣᠷᠮ᠎ᠠ ᠨᠢ ᠴᠥᠮ ᠬᠤᠤᠷᠲᠤ ᠬᠠᠪᠤᠳᠠᠷ ᠤᠨ ᠳᠣᠲᠣᠷ᠎ᠠ ᠨᠢᠭᠡᠳᠦᠭᠡᠷ ᠲᠤ ᠣᠷᠣᠨ᠎ᠠ᠃ ᠠᠭᠤᠰᠬᠢᠨ ᠤ ᠥᠮᠡᠨ ᠤ ᠠᠮᠢᠳᠤᠷᠠᠬᠤ ᠨᠣᠷᠮ᠎ᠠ ᠨᠢ ᠣᠯᠵᠤ ᠮᠡᠳᠡᠬᠦ ᠦᠶ᠎ᠡ ᠶᠢᠨ ᠬᠤᠭᠤᠴᠠᠭ᠎ᠠ ᠬᠤᠪᠢᠶᠠᠬᠤ ᠲᠠᠢ ᠮᠠᠰᠢ ᠶᠡᠭᠡ ᠬᠠᠷᠢᠴᠠᠭ᠎ᠠ ᠲᠠᠢ ᠪᠠᠶᠢᠳᠠᠭ᠃ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠨᠢ ᠠᠭᠤᠰᠬᠢᠨ ᠤ ᠥᠮᠡᠨ ᠳᠤ ᠨᠡᠷᠪᠡᠭᠳᠡᠭᠰᠡᠳ ᠤᠨ ᠤᠷᠲᠤ ᠬᠤᠭᠤᠴᠠᠭ᠎ᠠ ᠪᠠᠷ ᠣᠷᠣᠰᠢᠨ ᠲᠣᠭᠲᠠᠨᠢᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠳᠡᠭ᠃ ᠠᠭᠤᠰᠬᠢᠨ ᠤ ᠥᠮᠡᠨ ᠳᠤ ᠡᠪᠡᠳᠴᠢᠨ ᠤ ᠢᠯᠡᠷᠡᠯ ᠭᠠᠷᠬᠤ ᠠᠴᠠ ᠡᠮᠦᠨ᠎ᠡ ᠬᠥᠳᠡᠯᠵᠦ᠂ ᠠᠯᠢ ᠲᠦᠷᠭᠡᠨ ᠢᠶᠠᠷ ᠠᠭᠤᠰᠬᠢᠨ ᠤ ᠥᠮᠡᠨ ᠢ ᠰᠢᠭᠰᠢᠨ ᠪᠠᠶᠢᠴᠠᠭᠠᠪᠠᠯ᠂ ᠲᠡᠭᠦᠨ ᠢ ᠡᠷᠲᠡ ᠠᠴᠠ ᠣᠯᠵᠤ ᠮᠡᠳᠡᠬᠦ ᠳᠤ ᠲᠤᠰᠠ ᠪᠣᠯᠤᠨ᠎ᠠ᠃      ᠶᠠᠮᠠᠷ ᠬᠥᠮᠦᠰ ᠠᠭᠤᠰᠬᠢᠨ ᠤ ᠥᠮᠡᠨ ᠤ ᠪᠠᠶᠢᠴᠠᠭᠠᠯᠲᠠ ᠬᠢᠪᠡᠯ ᠵᠣᠬᠢᠬᠤ ᠪᠣᠢ      ᠬᠡᠷᠪᠡ ᠴᠢ 50~74 ᠨᠠᠰᠤᠨ ᠤ ᠦᠶ᠎ᠡ ᠳᠤ ᠳᠣᠣᠷᠠᠬᠢ ᠨᠥᠬᠦᠴᠡᠯ ᠳᠤ ᠨᠡᠶᠢᠴᠡᠪᠡᠯ ᠠᠭᠤᠰᠬᠢᠨ ᠤ ᠥᠮᠡᠨ ᠢ ᠰᠢᠭᠰᠢᠨ ᠪᠠᠶᠢᠴᠠᠭᠠᠬᠤ ᠶᠢ ᠰᠠᠨᠠᠭᠤᠯᠤᠶ᠎ᠠ᠄      ᠨᠢᠭᠡᠳᠦᠭᠡᠷ ᠲᠤ᠂ ᠲᠠᠮᠠᠬᠢ ᠲᠠᠲᠠᠬᠤ᠄ ᠲᠠᠮᠠᠬᠢ ᠲᠠᠲᠠᠬᠤ ᠳᠠᠭᠠᠭᠠᠴᠢᠯᠠᠯᠲᠠ ᠶᠢᠨ ᠵᠢᠯ ᠤᠨ ᠲᠤᠭ᠎ᠠ ᠠᠴᠠ 30 ᠳᠠᠭᠠᠭᠠᠴᠢᠯᠠᠯᠲᠠ ᠶᠢᠨ ᠵᠢᠯ ︵ᠲᠠᠮᠠᠬᠢ ᠲᠠᠲᠠᠬᠤ ᠳᠠᠭᠠᠭᠠᠴᠢᠯᠠᠯᠲᠠ ᠶᠢᠨ ᠵᠢᠯ ᠤᠨ ᠲᠤᠭ᠎ᠠ = ᠡᠳᠦᠷ ᠪᠦᠷᠢ ᠶᠢᠨ ᠲᠠᠮᠠᠬᠢ ᠲᠠᠲᠠᠬᠤ ᠳᠠᠭᠠᠭᠠᠴᠢᠯᠠᠯᠲᠠ ᠶᠢᠨ ᠲᠤᠭ᠎ᠠ ᠶᠢ ᠲᠠᠮᠠᠬᠢ ᠲᠠᠲᠠᠭᠰᠠᠨ ᠵᠢᠯ ᠤᠨ ᠲᠤᠭ᠎ᠠ ᠪᠠᠷ ᠦᠷᠡᠵᠢᠭᠦᠯᠦᠨ᠎ᠡ᠂ ᠵᠢᠱᠢᠶᠡᠯᠡᠪᠡᠯ 1 ᠳᠠᠭᠠᠭᠠᠴᠢᠯᠠᠯᠲᠠ ᠶᠢᠨ ᠵᠢᠯ ᠨᠢ ᠡᠳᠦᠷ ᠪᠦᠷᠢ 1 ᠳᠠᠭᠠᠭᠠᠴᠢᠯᠠᠯᠲᠠ ᠶᠢᠨ ᠲᠠᠮᠠᠬᠢ ᠲᠠᠲᠠᠬᠤ᠂ ᠲᠤᠬᠠᠶᠢᠯᠠᠪᠠᠯ 20 ᠰᠢᠷᠬᠡᠭ ᠲᠠᠮᠠᠬᠢ ᠲᠠᠲᠠᠬᠤ᠂ 1 ᠵᠢᠯ ᠲᠠᠮᠠᠬᠢ ᠲᠠᠲᠠᠬᠤ ᠲᠠᠢ ᠲᠡᠩᠴᠡᠨ᠎ᠡ︶᠂ ᠡᠭᠦᠨ ᠳᠤ ᠥᠩᠭᠡᠷᠡᠭᠰᠡᠨ ᠳᠤ ᠲᠠᠮᠠᠬᠢ ᠲᠠᠲᠠᠵᠤ ᠪᠠᠶᠢᠭᠰᠠᠨ ᠳᠠᠭᠠᠭᠠᠴᠢᠯᠠᠯᠲᠠ ᠶᠢᠨ ᠵᠢᠯ ᠤᠨ ᠲᠤᠭ᠎ᠠ ᠠᠴᠠ 30 ᠳᠠᠭᠠᠭᠠᠴᠢᠯᠠᠯᠲᠠ ᠶᠢᠨ ᠵᠢᠯ ᠪᠠᠭᠲᠠᠨ᠎ᠠ᠂ ᠭᠡᠪᠡᠴᠦ ᠲᠠᠮᠠᠬᠢ ᠲᠠᠲᠠᠬᠤ ᠪᠠᠨ ᠵᠣᠭᠰᠣᠭᠠᠳ 15 ᠵᠢᠯ ᠬᠦᠷᠬᠦ ᠦᠭᠡᠢ︔      ᠬᠤᠶᠠᠳᠤᠭᠠᠷ ᠲᠤ᠂ ᠳᠠᠮ ᠢᠶᠠᠷ ᠲᠠᠮᠠᠬᠢᠨ ᠳᠤ ᠬᠤᠣᠷᠳᠠᠬᠤ ᠠᠵᠢᠯᠯᠠᠭ᠎ᠠ᠄ ᠲᠠᠮᠠᠬᠢ ᠲᠠᠲᠠᠭᠰᠠᠳ ᠲᠠᠢ ᠬᠠᠮᠲᠤ ᠠᠮᠢᠳᠤᠷᠠᠬᠤ ᠪᠤᠶᠤ ᠨᠢᠭᠡ ᠥᠷᠥᠭᠡᠨ ᠳᠤ ᠬᠠᠮᠲᠤ ᠠᠵᠢᠯᠯᠠᠬᠤ 20 ᠵᠢᠯ᠃      ᠭᠤᠷᠪᠠᠳᠤᠭᠠᠷ ᠲᠤ᠂ ᠤᠳᠠᠭᠠᠨ ᠴᠢᠨᠠᠷᠲᠠᠶ ᠲᠦᠭᠵᠢᠷᠡᠯ ᠤᠨ ᠴᠢᠨᠠᠷᠲᠠᠶ ᠠᠭᠤᠰᠬᠢᠨ ᠡᠪᠡᠳᠴᠢᠨ ᠳᠤ ᠨᠡᠷᠪᠡᠭᠳᠡᠭᠰᠡᠨ᠃      ᠳᠥᠷᠪᠡᠳᠦᠭᠡᠷ ᠲᠤ᠂ ᠲᠤᠬᠠᠶᠢᠯᠠᠭᠰᠠᠨ ᠠᠵᠢᠯ ᠤᠨ ᠢᠯᠡᠷᠡᠯ ᠤᠨ ᠲᠡᠦᠬᠡ ︵ᠰᠢᠷᠪᠥᠰᠥᠨ ᠴᠢᠯᠠᠭᠤ᠂ ᠷᠠᠳᠣᠨ᠂ ᠪᠤᠷᠢᠯᠢ᠂ ᠾᠷᠣᠮ᠂ ᠺᠠᠳ᠋ᠮᠢ᠂ ᠨᠢᠺᠤᠯ᠂ ᠴᠠᠬᠢᠭᠤᠷ᠂ ᠨᠡᠭᠦᠷᠡᠰᠦᠨ ᠤᠲᠤᠭ᠎ᠠ ᠪᠠ ᠨᠡᠭᠦᠷᠡᠰᠦᠨ ᠤᠲᠤᠭ᠎ᠠ ᠶᠢᠨ ᠲᠣᠭᠤᠰᠣ ᠶᠢ ᠪᠠᠭᠲᠠᠭᠠᠨ᠎ᠠ︶᠎ ᠶᠢ 1 ᠵᠢᠯ ᠠᠴᠠ ᠳᠡᠭᠡᠭᠰᠢ ᠪᠠᠶᠢᠯᠭᠠᠨ᠎ᠠ︔      ᠲᠠᠪᠤᠳᠤᠭᠠᠷ ᠲᠤ᠂ ᠨᠢᠭᠡᠳᠦᠭᠡᠷ ᠳᠡᠰ ᠤᠨ ᠲᠥᠷᠥᠯ ᠰᠠᠳᠤᠨ ︵ᠡᠴᠢᠭᠡ ᠡᠬᠡ᠂ ᠦᠷ᠎ᠡ ᠬᠡᠤᠬᠡᠳ ᠵᠢᠴᠢ ᠠᠬ᠎ᠠ ᠳᠡᠭᠦᠤ ᠡᠭᠡᠴᠢ ᠥᠬᠢᠨ ᠳᠡᠭᠦᠤ ᠶᠢ ᠵᠢᠭᠠᠵᠤ ᠪᠣᠶ︶ ᠠᠭᠤᠰᠬᠢᠨ ᠥᠮᠡᠨ ᠢᠶᠠᠷ ᠣᠨᠣᠰᠢᠯᠠᠭᠰᠠᠨ᠃      ᠠᠭᠤᠰᠬᠢᠨ ᠥᠮᠡᠨ ᠤ ᠡᠬᠢᠨ ᠤ ᠦᠶ᠎ᠡ ᠶᠢᠨ ᠡᠪᠡᠳᠴᠢᠨ ᠤ ᠢᠯᠡᠷᠡᠯ      ᠣᠯᠠᠨ ᠵᠢᠯ ᠤᠨ ᠡᠮᠴᠢᠯᠡᠭᠡᠨ ᠤ ᠪᠦᠷᠢᠳᠬᠡᠯ ᠠᠴᠠ ᠦᠵᠡᠪᠡᠯ᠂ ᠵᠠᠷᠢᠮ ᠡᠮᠴᠢᠯᠡᠭᠡᠨ ᠳᠤ ᠦᠷᠭᠦᠯᠵᠢ ᠲᠣᠬᠢᠶᠠᠯᠳᠤᠳᠠᠭ ᠡᠪᠡᠳᠴᠢᠨ ᠤ ᠢᠯᠡᠷᠡᠯ ᠨᠢ ᠪᠠᠷᠤᠭ ᠠᠩᠬᠠᠨ ᠤ ᠬᠤᠭᠤᠴᠠᠭᠠᠨ ᠤ ᠠᠭᠤᠰᠬᠢᠨ ᠥᠮᠡᠨ ᠤ ᠤᠯᠠ ᠮᠥᠷ ᠪᠠᠶᠢᠵᠤ ᠮᠡᠳᠡᠨ᠎ᠡ᠃      ᠬᠠᠨᠢᠶᠠᠬᠤ ᠳᠤ ᠬᠠᠪᠤᠳᠠᠷ ᠰᠠᠯᠪᠤᠷᠢ ᠮᠥᠭᠡᠷᠰᠦᠨ ᠬᠤᠭᠤᠯᠠᠶ ᠳᠤ ᠰᠡᠳᠦᠯᠲᠡ ᠥᠭᠪᠡᠯ ᠬᠠᠨᠢᠶᠠᠯᠭᠠᠨ᠎ᠠ᠂ ᠣᠯᠠᠩᠬᠢ ᠳᠠᠭᠠᠨ ᠰᠡᠳᠦᠯᠲᠡ ᠶᠢᠨ ᠴᠢᠨᠠᠷᠲᠠᠶ ᠬᠠᠭᠤᠷᠠᠶ ᠪᠠᠷ ᠬᠠᠨᠢᠶᠠᠬᠤ ᠪᠠᠷ ᠢᠯᠡᠷᠡᠨ᠎ᠡ᠂ ᠳᠠᠷᠤᠶ ᠬᠠᠨᠢᠶᠠᠬᠤ ᠦᠶ᠎ᠡ ᠳᠤ ᠴᠡᠷ ᠦᠭᠡᠢ ᠪᠤᠶᠤ ᠵᠥᠪᠬᠡᠨ ᠪᠠᠭ᠎ᠠ ᠬᠡᠮᠵᠢᠶᠡᠨ ᠤ ᠴᠡᠷ ᠪᠠᠶᠢᠬᠤ ᠶᠢ ᠬᠡᠯᠡᠨ᠎ᠡ᠃ ᠬᠠᠨᠢᠶᠠᠬᠤ ᠦᠶ᠎ᠡ ᠳᠤ ᠪᠠᠰᠠ ᠶᠡᠭᠡ ᠬᠡᠮᠵᠢᠶᠡᠨ ᠤ ᠰᠠᠯᠢᠰᠤᠯᠢᠭ ᠴᠡᠷ ᠭᠠᠷᠴᠤ ᠮᠡᠳᠡᠨ᠎ᠡ᠃ ᠬᠡᠷᠪᠡ ᠡᠪᠡᠳᠴᠢᠲᠡᠨ ᠦᠷᠭᠦᠯᠵᠢᠯᠡᠨ ᠬᠤᠶᠠᠷ ᠭᠠᠷᠠᠭ ᠠᠴᠠ ᠢᠯᠡᠭᠦᠦ ᠬᠠᠨᠢᠶᠠᠯᠭᠠᠪᠠᠯ ᠡᠷᠬᠡᠪᠰᠢ ᠠᠩᠬᠠᠷᠬᠤ ᠬᠡᠷᠡᠭᠲᠡᠶ᠃      ᠴᠡᠷ ᠲᠤ ᠴᠢᠰᠤ ᠲᠠᠢ ᠪᠤᠶᠤ ᠴᠢᠰᠤ ᠪᠠᠷ ᠬᠠᠨᠢᠶᠠᠬᠤ ᠪᠡᠲᠡᠭᠢᠲᠦ ᠬᠠᠪᠤᠳᠠᠷ ᠲᠤ ᠴᠢᠰᠤᠨ ᠰᠤᠳᠠᠯ ᠡᠯᠪᠡᠭ ᠠᠭᠤᠯᠤᠭᠳᠠᠵᠤ ᠪᠠᠶᠢᠳᠠᠭ᠂ ᠡᠪᠡᠳᠴᠢᠲᠡᠨ ᠬᠠᠨᠢᠶᠠᠬᠤ ᠦᠶ᠎ᠡ ᠳᠤ ᠴᠢᠰᠤᠨ ᠰᠤᠳᠠᠯ ᠳᠡᠯᠪᠡᠷᠡᠭᠰᠡᠨ ᠠᠴᠠ ᠪᠣᠯᠵᠤ ᠴᠢᠰᠤ ᠭᠠᠷᠳᠠᠭ᠂ ᠴᠢᠰᠤ ᠨᠢ ᠴᠡᠷ ᠢ ᠳᠠᠭᠠᠯᠳᠤᠨ ᠭᠠᠳᠠᠭᠰᠢᠯᠠᠵᠤ᠂ ᠴᠡᠷ ᠲᠤ ᠴᠢᠰᠤ ᠲᠠᠢ ᠪᠠᠶᠢᠬᠤ ᠪᠠᠷ ᠢᠯᠡᠷᠡᠨ᠎ᠡ᠃ ᠬᠡᠷᠪᠡ ᠬᠠᠪᠤᠳᠠᠷ ᠤᠨ ᠨᠡᠬᠡᠳᠡᠰᠦ ᠳᠠᠬᠢ ᠴᠢᠰᠤᠨ ᠤᠷᠤᠰᠬᠠᠯ ᠡᠯᠪᠡᠭ ᠪᠤᠶᠤ ᠨᠡᠯᠢᠶᠡᠳ ᠶᠡᠭᠡ ᠴᠢᠰᠤᠨ ᠰᠤᠳᠠᠯ ᠲᠠᠢ ᠣᠶᠢᠷᠠᠯᠴᠠᠭ᠎ᠠ ᠪᠠᠶᠢᠪᠠᠯ᠂ ᠬᠠᠨᠢᠶᠠᠬᠤ ᠦᠶ᠎ᠡ ᠳᠤ ᠢᠯᠭᠠᠷᠠᠭᠤᠯᠬᠤ ᠴᠢᠰᠤᠨ ᠤ ᠬᠡᠮᠵᠢᠶ᠎ᠡ ᠨᠢ ᠠᠷᠪᠢᠳᠴᠤ᠂ ᠴᠢᠰᠤ ᠪᠠᠷ ᠬᠠᠨᠢᠶᠠᠬᠤ ᠢᠯᠡᠷᠡᠯ ᠭᠠᠷᠤᠨ᠎ᠠ᠃      ᠠᠮᠢᠰᠬᠤᠯ ᠴᠢᠬᠤᠯᠳᠠᠬᠤ ᠨᠢ ᠠᠭᠤᠰᠬᠢᠨ ᠤ ᠥᠮᠡᠨ ᠤ ᠪᠠᠰᠠ ᠨᠢᠭᠡᠨ ᠠᠩᠬᠠᠨ ᠤ ᠢᠯᠡᠷᠡᠯ ᠮᠥᠨ᠂ ᠠᠮᠢᠰᠬᠤᠯ ᠴᠢᠬᠤᠯᠳᠠᠬᠤ ᠨᠢ ᠠᠮᠠᠷᠬᠠᠨ ᠨᠠᠰᠤ ᠠᠬᠢᠭᠰᠠᠨ ᠠᠴᠠ ᠪᠣᠯᠤᠭᠰᠠᠨ᠂ ᠪᠡᠶ᠎ᠡ ᠮᠠᠬᠠᠪᠣᠳ ᠮᠠᠭᠤ ᠪᠤᠶᠤ ᠮᠠᠷᠢᠶᠠᠯᠠᠭᠰᠠᠨ ᠠᠴᠠ ᠪᠣᠯᠤᠭᠰᠠᠨ ᠭᠡᠵᠦ ᠦᠵᠡᠳᠡᠭ᠃ ᠬᠡᠷᠪᠡ ᠡᠪᠡᠳᠴᠢᠲᠡᠨ ᠡᠳᠦᠷ ᠲᠤᠲᠤᠮ ᠤᠨ ᠬᠥᠳᠡᠯᠭᠡᠭᠡᠨ ᠤ ᠳᠤᠮᠳᠠ ᠠᠮᠢᠰᠬᠤᠯ ᠳᠠᠪᠬᠤᠴᠠᠵᠤ᠂ ᠵᠢᠷᠦᠬᠡ ᠴᠢᠰᠤᠨ ᠰᠤᠳᠠᠯ ᠤᠨ ᠲᠠᠯ᠎ᠠ ᠶᠢᠨ ᠡᠪᠡᠳᠴᠢᠨ ᠦᠭᠡᠢ ᠪᠣᠯ ᠠᠭᠤᠰᠬᠢᠨ ᠤ ᠥᠮᠡᠨ ᠢ ᠰᠢᠭᠰᠢᠨ ᠪᠠᠶᠢᠴᠠᠭᠠᠬᠤ ᠶᠢ ᠠᠩᠬᠠᠷᠬᠤ ᠬᠡᠷᠡᠭᠲᠡᠶ᠃      ᠮᠥᠷᠥ᠂ ᠨᠢᠷᠤᠭᠤ᠂ ᠴᠡᠭᠡᠵᠢ᠂ ᠭᠠᠷ ᠡᠪᠡᠳᠬᠦ ᠠᠭᠤᠰᠬᠢᠨ ᠤ ᠬᠡᠰᠡᠭ ᠤᠨ ᠪᠡᠲᠡᠭᠢᠲᠦ ᠬᠠᠪᠤᠳᠠᠷ ᠨᠢ ᠮᠡᠳᠡᠷᠡᠯ ᠢ ᠳᠠᠷᠤᠵᠤ᠂ ᠡᠪᠡᠳᠴᠢᠲᠡᠨ ᠤ ᠮᠥᠷᠥ᠂ ᠨᠢᠷᠤᠭᠤ᠂ ᠴᠡᠭᠡᠵᠢᠨ ᠬᠡᠰᠡᠭ ᠪᠤᠶᠤ ᠭᠠᠷ ᠤᠨ ᠲᠣᠬᠤᠢ ᠶᠢ ᠡᠪᠡᠳᠬᠡᠵᠦ ᠮᠡᠳᠡᠨ᠎ᠡ᠃ ᠡᠨᠡ ᠬᠦ ᠡᠪᠡᠳᠴᠢᠨ ᠤ ᠢᠯᠡᠷᠡᠯ ᠨᠢ ᠬᠠᠨᠢᠶᠠᠬᠤ ᠪᠠ ᠠᠮᠢᠰᠬᠤᠯ ᠳᠠᠪᠬᠤᠴᠠᠬᠤ ᠠᠴᠠ ᠡᠮᠦᠨ᠎ᠡ ᠴᠦ ᠢᠯᠡᠷᠡᠵᠦ ᠮᠡᠳᠡᠨ᠎ᠡ᠃ ᠬᠡᠷᠪᠡ ᠡᠳᠡᠭᠡᠷ ᠬᠡᠰᠡᠭ ᠲᠤ ᠡᠪᠡᠳᠬᠦ ᠶᠢᠨ ᠢᠯᠡᠷᠡᠯ ᠭᠠᠷᠤᠭᠠᠳ ᠠᠩᠬᠠᠨ ᠤ ᠭᠡᠮᠲᠦᠯ᠂ ᠣᠨᠴᠠᠭᠠᠶᠢᠯᠠᠨ ᠬᠠᠨᠢᠶᠠᠬᠤ ᠪᠠ ᠠᠮᠢᠰᠬᠤᠬᠤ ᠳᠤ ᠬᠦᠨᠳᠦᠷᠡᠭᠰᠡᠨ ᠡᠪᠡᠳᠬᠦ ᠶᠢᠨ ᠢᠯᠡᠷᠡᠯ ᠢ ᠰᠠᠶᠢᠲᠤᠷ ᠠᠩᠬᠠᠷᠬᠤ ᠬᠡᠷᠡᠭᠲᠡᠶ᠃ 50%᠎ ᠶᠢᠨ ᠠᠭᠤᠰᠬᠢᠨ ᠥᠮᠡᠨ ᠳᠤ ᠨᠡᠷᠪᠡᠭᠳᠡᠭᠰᠡᠳ ᠢ ᠣᠨᠣᠰᠢᠯᠠᠬᠤ ᠳᠤ ᠴᠡᠭᠡᠵᠢ ᠡᠪᠡᠳᠬᠦ ᠪᠤᠶᠤ ᠮᠥᠷᠥ ᠡᠪᠡᠳᠬᠦ ᠢᠯᠡᠷᠡᠯ ᠲᠠᠢ᠃      ᠳᠠᠬᠢᠨ ᠳᠠᠪᠲᠠᠨ ᠬᠠᠯᠳᠠᠪᠤᠷᠢᠯᠠᠭᠰᠠᠨ ︵ᠰᠠᠯᠪᠤᠷᠢ ᠮᠥᠭᠡᠷᠰᠦᠨ ᠬᠤᠭᠤᠯᠠᠶ ᠶᠢᠨ ᠦᠷᠪᠢᠰᠦᠯ ᠪᠠ ᠠᠭᠤᠰᠬᠢᠨ ᠤ ᠦᠷᠪᠢᠰᠦᠯ︶ ᠳᠠᠬᠢᠨ ᠳᠠᠪᠲᠠᠨ ᠠᠭᠤᠰᠬᠢᠨ ᠤ ᠦᠷᠪᠢᠰᠦᠯ ᠪᠤᠶᠤ ᠰᠠᠯᠪᠤᠷᠢ ᠮᠥᠭᠡᠷᠰᠦᠨ ᠬᠤᠭᠤᠯᠠᠶ ᠶᠢᠨ ᠦᠷᠪᠢᠰᠦᠯ ᠲᠠᠢ ᠡᠪᠡᠳᠴᠢᠲᠡᠨ ᠠᠭᠤᠰᠬᠢᠨ ᠥᠮᠡᠨ ᠢᠶᠠᠷ ᠣᠨᠣᠰᠢᠯᠠᠭᠳᠠᠬᠤ ᠨᠢ ᠡᠮᠴᠢᠯᠡᠭᠡᠨ ᠳᠤ ᠴᠥᠭᠡᠨ ᠪᠤᠰᠤ ᠲᠣᠬᠢᠶᠠᠯᠳᠤᠨ᠎ᠠ᠃ ᠬᠡᠷᠪᠡ ᠬᠠᠪᠤᠳᠠᠷ ᠨᠢ ᠠᠮᠢᠰᠬᠤᠯ ᠤᠨ ᠵᠠᠮ ᠳᠤ ᠣᠶᠢᠷᠠᠳᠪᠠᠯ᠂ ᠡᠪᠡᠳᠴᠢᠲᠡᠨ ᠳᠤ ᠨᠡᠩ ᠠᠮᠠᠷᠬᠠᠨ ᠠᠭᠤᠰᠬᠢᠨ ᠤ ᠬᠡᠰᠡᠭ ᠤᠨ ᠬᠠᠯᠳᠠᠪᠤᠷᠢᠯᠠᠯ ᠡᠭᠦᠰᠭᠡᠨ᠎ᠡ᠃      ᠬᠡᠪ ᠤᠨ ᠪᠤᠰᠤ ᠡᠪᠡᠳᠴᠢᠨ ᠤ ᠢᠯᠡᠷᠡᠯ ᠪᠤᠶᠤ ᠪᠡᠶ᠎ᠡ ᠶᠢᠨ ᠬᠦᠨᠳᠦ ᠶᠢᠨ ᠪᠠᠭᠤᠷᠠᠯᠲᠠ ᠨᠢ ᠵᠠᠷᠢᠮ ᠳᠠᠭᠠᠨ ᠦᠵᠡᠬᠦ ᠳᠤ ᠬᠠᠮᠢᠶ᠎ᠠ ᠦᠭᠡᠢ ᠡᠪᠡᠳᠴᠢᠨ ᠤ ᠢᠯᠡᠷᠡᠯ ᠴᠦ ᠠᠭᠤᠰᠬᠢᠨ ᠥᠮᠡᠨ ᠲᠠᠢ ᠬᠤᠯᠪᠣᠭ᠎ᠠ ᠲᠠᠢ᠂ ᠣᠨᠴᠠᠭᠠᠶᠢᠯᠠᠨ ᠲᠠᠮᠠᠬᠢ ᠲᠠᠲᠠᠳᠠᠭ ᠡᠪᠡᠳᠴᠢᠲᠡᠨ᠃ ᠵᠢᠱᠢᠶᠡᠯᠡᠪᠡᠯ 1.7%᠎ ᠶᠢᠨ ᠵᠢᠵᠢᠭ ᠡᠰ ᠤᠨ ᠪᠤᠰᠤ ᠠᠭᠤᠰᠬᠢᠨ ᠥᠮᠡᠨ ᠳᠤ ᠨᠡᠷᠪᠡᠭᠳᠡᠭᠰᠡᠳ ᠤᠨ ᠡᠬᠢᠨ ᠤ ᠬᠤᠭᠤᠴᠠᠭᠠᠨ ᠳᠤ ᠡᠪᠦᠳᠦᠭ ᠨᠢ ᠡᠪᠡᠳᠳᠡᠭ᠃ ᠡᠭᠦᠨ ᠠᠴᠠ ᠭᠠᠳᠠᠨ᠎ᠠ᠂ ᠵᠠᠷᠢᠮ ᠶᠡᠷᠦᠩᠬᠡᠶ ᠡᠪᠡᠳᠴᠢᠨ ᠤ ᠢᠯᠡᠷᠡᠯ᠂ ᠵᠢᠱᠢᠶᠡᠯᠡᠪᠡᠯ ᠶᠠᠳᠠᠷᠠᠬᠤ᠂ ᠢᠳᠡᠭᠡᠨ ᠤ ᠳᠤᠷᠠᠰᠢᠯ ᠮᠠᠭᠤᠳᠠᠬᠤ᠂ ᠲᠠᠶᠢᠯᠪᠤᠷᠢᠯᠠᠬᠤ ᠶᠢᠨ ᠠᠷᠭ᠎ᠠ ᠥᠬᠡᠶ ᠪᠡᠶ᠎ᠡ ᠶᠢᠨ ᠬᠦᠨᠳᠦ ᠪᠠᠭᠤᠷᠠᠬᠤ᠂ ᠴᠢᠨᠠᠭᠰᠢᠯᠠᠪᠠᠯ ᠪᠤᠬᠢᠨᠢᠳᠤᠯ ᠬᠡᠮ ᠡᠭᠦᠰᠬᠦ ᠵᠡᠷᠭᠡ ᠨᠢ ᠴᠥᠮ ᠠᠭᠤᠰᠬᠢᠨ ᠤ ᠥᠮᠡᠨ ᠢ ᠬᠠᠷᠠᠭᠤᠯᠵᠤ ᠮᠡᠳᠡᠨ᠎ᠡ᠃      ᠠᠭᠤᠰᠬᠢᠨ ᠤ ᠥᠮᠡᠨ ᠢ ᠡᠷᠲᠡ ᠠᠴᠠ ᠢᠯᠡᠷᠡᠭᠦᠯᠬᠦ ᠳᠤ ᠲᠤᠰᠠᠯᠠᠮᠵᠢ ᠦᠵᠡᠭᠦᠯᠦᠨ᠎ᠡ      ᠠᠭᠤᠰᠬᠢᠨ ᠥᠮᠡᠨ ᠤ ᠡᠬᠢᠨ ᠤ ᠬᠤᠭᠤᠴᠠᠭᠠᠨ ᠤ ᠡᠪᠡᠳᠴᠢᠨ ᠤ ᠢᠯᠡᠷᠡᠯ ᠨᠢ ᠲᠡᠶᠢᠮᠦ ᠢᠯᠡᠷᠬᠡᠶ ᠪᠢᠰᠢ᠂ ᠴᠢᠨᠠᠭᠰᠢᠯᠠᠪᠠᠯ ᠶᠠᠮᠠᠷ ᠴᠤ ᠡᠪ ᠦᠭᠡᠶᠢᠷᠡᠯ ᠥᠬᠡᠶ ᠪᠠᠶᠢᠳᠠᠭ᠃ ᠲᠥᠪ ᠬᠡᠯᠪᠡᠷᠢ ᠶᠢᠨ ᠠᠭᠤᠰᠬᠢᠨ ᠥᠮᠡᠨ ᠤ ᠡᠪᠡᠳᠴᠢᠨ ᠤ ᠢᠯᠡᠷᠡᠯ ᠨᠢ ᠡᠷᠲᠡ ᠮᠥᠷᠲᠡᠭᠡᠨ ᠬᠦᠨᠳᠦ᠂ ᠣᠷᠴᠢᠨ ᠲᠣᠭᠤᠷᠢᠨ ᠤ ᠬᠡᠯᠪᠡᠷᠢ ᠶᠢᠨ ᠠᠭᠤᠰᠬᠢᠨ ᠥᠮᠡᠨ ᠤ ᠡᠪᠡᠳᠴᠢᠨ ᠤ ᠢᠯᠡᠷᠡᠯ ᠨᠢ ᠣᠷᠣᠢ ᠮᠥᠷᠲᠡᠭᠡᠨ ᠬᠥᠩᠭᠡᠨ᠂ ᠴᠢᠨᠠᠭᠰᠢᠯᠠᠪᠠᠯ ᠡᠪᠡᠳᠴᠢᠨ ᠤ ᠢᠯᠡᠷᠡᠯ ᠦᠭᠡᠢ ᠪᠠᠶᠢᠳᠠᠭ᠃ ᠡᠶᠢᠮᠦ ᠠᠴᠠ ᠡᠮᠴᠢᠯᠡᠭᠡᠨ ᠳᠤ ᠡᠪᠡᠳᠴᠢᠨ ᠤ ᠢᠯᠡᠷᠡᠯ ᠠᠴᠠ ᠭᠠᠳᠠᠨ᠎ᠠ᠂ ᠡᠮᠴᠢ ᠠᠴᠠ ᠪᠠᠰᠠ ᠰᠡᠭᠦᠳᠡᠷ ᠤᠨ ᠤᠬᠠᠭᠠᠨ ᠤ ᠪᠠᠶᠢᠴᠠᠭᠠᠯᠲᠠ ᠲᠠᠢ ᠤᠶᠠᠯᠳᠤᠭᠤᠯᠤᠨ ᠠᠭᠤᠰᠬᠢᠨ ᠤ ᠠᠩᠬᠠᠨ ᠤ ᠡᠭᠦᠰᠦᠯ ᠪᠠ ᠰᠢᠯᠵᠢᠭᠰᠡᠨ ᠬᠡᠰᠡᠭ ᠤᠨ ᠥᠮᠡᠨ ᠤ ᠭᠤᠯᠣᠮᠲᠠ ᠶᠢ ᠣᠯᠵᠤ ᠮᠡᠳᠡᠳᠡᠭ᠃      ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 25%᠎ ᠶᠢᠨ ᠠᠭᠤᠰᠬᠢᠨ ᠤ ᠥᠮᠡᠨ ᠲᠠᠢ ᠡᠪᠡᠳᠴᠢᠲᠡᠨ ᠠᠭᠤᠰᠬᠢᠨ ᠤ ᠥᠮᠡᠨ ᠢᠶᠠᠷ ᠣᠨᠣᠰᠢᠯᠠᠭᠳᠠᠬᠤ ᠦᠶ᠎ᠡ ᠳᠤ ᠣᠨᠴᠠᠭᠠᠶ ᠰᠢᠨᠵᠢ ᠲᠡᠮᠳᠡᠭ ᠥᠬᠡᠶ᠂ ᠣᠯᠠᠩᠬᠢ ᠨᠢ ᠪᠤᠰᠤᠳ ᠰᠢᠯᠲᠠᠭᠠᠨ ᠠᠴᠠ ᠪᠣᠯᠵᠣ CT ᠪᠤᠶᠤ X ᠰᠠᠴᠤᠷᠠᠭ ᠤᠨ ᠪᠠᠶᠢᠴᠠᠭᠠᠯᠲᠠ ᠬᠢᠭᠡᠳ ᠰᠠᠶ᠋ᠢ ᠣᠯᠵᠤ ᠮᠡᠳᠡᠭᠰᠡᠨ ᠪᠠᠶᠢᠳᠠᠭ᠃      ᠠᠭᠤᠰᠬᠢᠨ ᠤ ᠥᠮᠡᠨ ᠤ ᠲᠤᠰᠠᠯᠠᠬᠤ ᠳᠦᠷᠰᠦ ᠰᠢᠩᠭᠡᠭᠡᠯᠲᠡ ᠶᠢᠨ ᠤᠬᠠᠭᠠᠨ ᠤ ᠪᠠᠶᠢᠴᠠᠭᠠᠯᠲᠠ ᠶᠢᠨ ᠠᠷᠭ᠎ᠠ ᠳᠤ ᠭᠤᠣᠯᠳᠠᠭᠤ X ᠰᠠᠴᠤᠷᠠᠭ᠂ CT᠂ ᠰᠣᠷᠢᠨᠵᠢᠨ ᠳᠠᠷᠪᠢᠯᠲᠠ ᠪᠠᠷ ᠳᠦᠷᠰᠦ ᠪᠦᠲᠦᠭᠡᠬᠦ ︵MRI︶᠂ ᠡᠶᠡᠷᠭᠦ ᠡᠯᠧᠺᠲᠷᠣᠨ ᠰᠠᠴᠤᠷᠠᠭᠤᠯᠭ᠎ᠠ ᠶᠢᠨ ᠺᠣᠮᠫᠢᠦ᠋ᠲ᠋ᠧᠷ ᠤᠨ ᠵᠥᠷᠢᠭᠳᠡᠯ ᠰᠢᠷᠪᠢᠯᠲᠡ ︵PET-CT︶᠂ ᠭᠡᠳᠦ ᠲᠡᠭᠤᠠ᠂ ᠴᠥᠮ᠎ᠡ ᠶᠢᠨ ᠡᠯᠧᠮᠧᠨ᠋ᠲ ᠤᠨ ᠳᠦᠷᠰᠦ ᠢᠯᠡᠷᠡᠭᠦᠯᠬᠦ ᠵᠡᠷᠭᠡ ᠠᠷᠭ᠎ᠠ ᠪᠠᠭᠲᠠᠨ᠎ᠠ᠃ ᠰᠡᠭᠦᠳᠡᠷ ᠤᠨ ᠤᠬᠠᠭᠠᠨ ᠤ ᠪᠠᠶᠢᠴᠠᠭᠠᠯᠲᠠ ᠶᠢ ᠭᠤᠣᠯᠳᠠᠭᠤ ᠠᠭᠤᠰᠬᠢᠨ ᠤ ᠥᠮᠡᠨ ᠢ ᠣᠨᠣᠰᠢᠯᠠᠬᠤ᠂ ᠬᠤᠭᠤᠴᠠᠭ᠎ᠠ ᠬᠤᠪᠢᠶᠠᠬᠤ᠂ ᠡᠮᠴᠢᠯᠡᠭᠡᠨ ᠤ ᠠᠴᠢ ᠲᠤᠰᠠ ᠶᠢ ᠬᠢᠨᠠᠨ ᠬᠡᠮᠵᠢᠬᠦ᠂ ᠳᠠᠬᠢᠨ ᠬᠤᠭᠤᠴᠠᠭ᠎ᠠ ᠬᠤᠪᠢᠶᠠᠬᠤ ᠵᠢᠴᠢ ᠬᠤᠶᠢᠰᠢᠳᠠ ᠶᠢᠨ ᠵᠢᠱᠢᠯᠲᠡ ᠶᠢ ᠦᠨᠡᠯᠡᠨ ᠵᠢᠱᠢᠬᠦ ᠵᠡᠷᠭᠡ ᠳᠤ ᠬᠡᠷᠡᠭᠯᠡᠨ᠎ᠡ᠃      ᠠᠭᠤᠰᠬᠢᠨ ᠥᠮᠡᠨ ᠪᠠᠶᠢᠵᠤ ᠮᠡᠳᠡᠨ᠎ᠡ ᠭᠡᠵᠦ ᠰᠡᠵᠢᠭᠯᠡᠵᠦ ᠪᠠᠶᠢᠬᠤ ᠦᠶ᠎ᠡ ᠳᠤ᠂ ᠡᠪᠡᠳᠴᠢᠲᠡᠨ ᠪᠠᠰᠠ ᠨᠡᠬᠡᠳᠡᠰᠦ ᠶᠢᠨ ᠡᠪᠡᠳᠴᠢᠨ ᠤ ᠵᠦᠢ ᠶᠢᠨ ᠪᠠᠶᠢᠴᠠᠭᠠᠯᠲᠠ ᠬᠢᠬᠦ ᠴᠢᠬᠤᠯᠠᠲᠠᠶ᠃ ᠡᠪᠡᠳᠴᠢᠨ ᠤ ᠵᠦᠶ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠣᠯ ᠠᠭᠤᠰᠬᠢᠨ ᠥᠮᠡᠨ ᠢ ᠣᠨᠣᠰᠢᠯᠠᠬᠤ ︽ᠠᠯᠲᠠᠨ ᠪᠠᠷᠢᠮᠵᠢᠶ᠎ᠠ︾ ᠮᠥᠨ᠃ ᠲᠤᠰ ᠪᠠᠶᠢᠴᠠᠭᠠᠯᠲᠠ ᠪᠣᠯ ᠪᠡᠶ᠎ᠡ ᠮᠠᠬᠠᠪᠣᠳ ᠤᠨ ᠡᠷᠬᠡᠲᠡᠨ᠂ ᠨᠡᠬᠡᠳᠡᠰᠦ ᠪᠤᠶᠤ ᠡᠰ ᠤᠨ ᠳᠣᠲᠣᠷᠠᠬᠢ ᠡᠪᠡᠳᠴᠢᠨ ᠤ ᠵᠦᠢ ᠶᠢᠨ ᠬᠤᠪᠢᠷᠠᠯᠲᠠ ᠶᠢ ᠪᠠᠶᠢᠴᠠᠭᠠᠬᠤ ᠳᠤ ᠬᠡᠷᠡᠭᠯᠡᠳᠡᠭ ᠡᠪᠡᠳᠴᠢᠨ ᠤ ᠵᠦᠢ ᠶᠢᠨ ᠬᠡᠯᠪᠡᠷᠢ ᠳᠦᠷᠰᠦ ᠶᠢᠨ ᠰᠤᠳᠤᠯᠤᠯ ᠤᠨ ᠠᠷᠭ᠎ᠠ ᠪᠣᠯᠤᠨ᠎ᠠ᠂ ᠮᠢᠺᠷᠣᠰᠺᠣᠫ ᠢᠶᠠᠷ ᠬᠥᠮᠦᠨ ᠤ ᠪᠡᠶ᠎ᠡ ᠶᠢᠨ ᠨᠡᠬᠡᠳᠡᠰᠦ ᠶᠢᠨ ᠪᠦᠲᠦᠴᠡ ᠳᠠᠬᠢ ᠡᠰ ᠤᠨ ᠥᠮᠡᠨ ᠤ ᠬᠤᠪᠢᠷᠠᠯᠲᠠ ᠪᠠᠶᠢᠬᠤ ᠡᠰᠡᠬᠦ ᠶᠢ ᠰᠢᠭᠤᠳ ᠠᠵᠢᠭᠯᠠᠨ᠎ᠠ᠃      ᠡᠪᠡᠳᠴᠢᠨ ᠤ ᠵᠦᠢ ᠶᠢᠨ ᠣᠨᠣᠰᠢᠯᠠᠯᠲᠠ ᠨᠢ ᠠᠭᠤᠰᠬᠢᠨ ᠤ ᠥᠮᠡᠨ ᠤ ᠬᠤᠭᠤᠴᠠᠭ᠎ᠠ ᠬᠤᠪᠢᠶᠠᠬᠤ᠂ ᠬᠡᠯᠪᠡᠷᠢ ᠬᠤᠪᠢᠶᠠᠬᠤ ᠶᠢ ᠲᠣᠳᠣᠷᠬᠠᠶᠢᠯᠠᠵᠤ ᠴᠢᠳᠠᠨ᠎ᠠ᠃ ᠡᠪᠡᠳᠴᠢᠨ ᠤ ᠵᠦᠢ ᠶᠢᠨ ᠣᠨᠣᠰᠢᠯᠠᠯᠲᠠ ᠨᠢ ᠡᠪᠡᠳᠴᠢᠲᠡᠨ ᠤ ᠡᠮᠨᠡᠨ ᠵᠠᠰᠠᠬᠤ ᠲᠥᠰᠦᠯ ᠤᠨ ᠰᠣᠩᠭᠤᠯᠲᠠ ᠪᠠ ᠬᠤᠶᠢᠰᠢᠳᠠ ᠶᠢᠨ ᠵᠢᠱᠢᠯᠲᠡ ᠳᠤ ᠰᠢᠶ᠋ᠳᠪᠦᠷᠢᠯᠡᠭᠴᠢ ᠦᠢᠯᠡᠳᠦᠯ ᠲᠠᠢ ᠶᠤᠮ᠂ ᠡᠶᠢᠮᠦ ᠠᠴᠠ ᠠᠭᠤᠰᠬᠢᠨ ᠤ ᠥᠮᠡᠨ ᠢ ᠡᠮᠨᠡᠨ ᠵᠠᠰᠠᠬᠤ ᠠᠴᠠ ᠡᠮᠦᠨ᠎ᠡ ᠡᠷᠬᠡᠪᠰᠢ ᠴᠡᠷ ᠤᠨ ᠡᠰ ᠤᠨ ᠰᠤᠳᠤᠯᠤᠯ ᠤᠨ ᠪᠠᠶᠢᠴᠠᠭᠠᠯᠲᠠ᠂ ᠴᠡᠭᠡᠵᠢᠨ ᠬᠥᠨᠳᠡᠶ ᠶᠢ ᠰᠢᠪᠡᠬᠦ ᠵᠠᠰᠠᠯ᠂ ᠬᠦᠢᠬᠡᠨ ᠭᠠᠳᠠᠷᠭᠤ ᠶᠢᠨ ᠯᠢᠮᠹᠠ ᠶᠢᠨ ᠵᠠᠩᠭᠢᠯᠠᠭ᠎ᠠ ᠪᠠ ᠠᠷᠠᠰᠤᠨ ᠤ ᠳᠣᠣᠷ᠎ᠠ ᠰᠢᠯᠵᠢᠭᠰᠡᠨ ᠡᠪᠡᠳᠴᠢᠨ ᠤ ᠭᠤᠯᠣᠮᠲᠠ ᠶᠢᠨ ᠠᠮᠢᠳᠤ ᠨᠡᠬᠡᠳᠡᠰᠦ ᠶᠢᠨ ᠪᠠᠶᠢᠴᠠᠭᠠᠯᠲᠠ᠂ ᠴᠡᠭᠡᠵᠢᠨ ᠬᠠᠨ᠎ᠠ ᠶᠢᠨ ᠠᠭᠤᠰᠬᠢ ᠶᠢ ᠰᠢᠪᠡᠬᠦ ᠵᠠᠰᠠᠯ᠂ ᠰᠠᠯᠪᠤᠷᠢ ᠮᠥᠭᠡᠷᠰᠦᠨ ᠬᠤᠭᠤᠯᠠᠶ ᠶᠢᠨ ᠳᠤᠷᠠᠨ ᠤ ᠪᠠᠶᠢᠴᠠᠭᠠᠯᠲᠠ ᠵᠡᠷᠭᠡ ᠡᠪᠡᠳᠴᠢᠨ ᠤ ᠵᠦᠢ ᠶᠢᠨ ᠣᠨᠣᠰᠢᠯᠠᠯᠲᠠ ᠲᠠᠢ ᠪᠠᠶᠢᠬᠤ ᠬᠡᠷᠡᠭᠲᠡᠶ᠃      ᠡᠭᠦᠨ ᠠᠴᠠ ᠭᠠᠳᠠᠨ᠎ᠠ᠂ ᠲᠤᠷᠰᠢᠯᠲᠠ ᠶᠢᠨ ᠲᠠᠰᠤᠭ ᠤᠨ ᠴᠢᠰᠤ ᠠᠪᠬᠤ ᠪᠠᠶᠢᠴᠠᠭᠠᠯᠲᠠ ᠨᠢ ᠠᠭᠤᠰᠬᠢᠨ ᠤ ᠥᠮᠡᠨ ᠤ ᠣᠨᠣᠰᠢᠯᠠᠯᠲᠠ ᠪᠠ ᠡᠮᠴᠢᠯᠡᠭᠡᠨ ᠤ ᠦᠷ᠎ᠡ ᠳ᠋ᠦᠩ ᠤᠨ ᠦᠨᠡᠯᠡᠯᠲᠡ ᠳᠤ ᠪᠠᠰᠠ ᠬᠠᠪᠰᠤᠷᠤᠮᠵᠢ ᠪᠣᠯᠬᠤ ᠯᠠᠪᠯᠠᠯᠲᠠ ᠶᠢᠨ ᠦᠢᠯᠡᠳᠦᠯ ᠦᠵᠡᠭᠦᠯᠳᠡᠭ᠂ ᠡᠭᠦᠨ ᠳᠤ ᠬᠠᠪᠤᠳᠠᠷ ᠤᠨ ᠲᠡᠮᠳᠡᠭ ᠪᠣᠳᠠᠰ᠂ ᠵᠢᠱᠢᠶᠡᠯᠡᠪᠡᠯ ᠥᠮᠡᠨ ᠤ ᠬᠦᠪᠦᠷᠡᠯ ᠤᠨ ᠥᠳᠥᠭᠡᠭᠴᠢ ︵CEA︶᠂ ᠮᠡᠳᠡᠷᠡᠯ ᠤᠨ ᠨᠢᠭᠡᠴᠢ ᠶᠢᠨ ᠥᠪᠡᠷᠮᠢᠴᠡ ᠴᠢᠨᠠᠷ ᠤᠨ ᠠᠯᠺᠤᠯ ᠤᠨ ᠢᠰᠬᠡᠭᠦᠷ ︵NSE︶᠂ ᠬᠠᠶᠢᠷᠰᠤᠯᠢᠭ ᠥᠩᠭᠡᠨ ᠬᠥᠷᠥᠰᠥᠨ ᠡᠰ ᠤᠨ ᠥᠮᠡᠨ ᠤ ᠥᠳᠥᠭᠡᠭᠴᠢ ︵SCC︶ ᠵᠡᠷᠭᠡ ᠶᠢᠨ ᠪᠠᠶᠢᠴᠠᠭᠠᠯᠲᠠ ᠪᠠᠭᠲᠠᠨ᠎ᠠ᠃      ᠣᠳᠣᠬᠠᠨ ᠳᠤ ᠮᠠᠨ ᠤ ᠤᠯᠤᠰ ᠤᠨ ᠠᠭᠤᠰᠬᠢᠨ ᠤ ᠥᠮᠡᠨ ᠳᠤ ᠨᠡᠷᠪᠡᠭᠳᠡᠭᠰᠡᠳ ᠤᠨ ᠲᠤᠭ᠎ᠠ ᠮᠥᠨ ᠬᠦ ᠨᠡᠮᠡᠭᠳᠡᠬᠦ ᠬᠤᠭᠤᠴᠠᠭᠠᠨ ᠳᠠᠭᠠᠨ ᠪᠠᠶᠢᠭᠰᠠᠭᠠᠷ᠂ ᠡᠬᠢᠨ ᠤ ᠬᠤᠭᠤᠴᠠᠭᠠᠨ ᠤ ᠰᠢᠭᠰᠢᠨ ᠪᠠᠶᠢᠴᠠᠭᠠᠯᠲᠠ ᠨᠢ ᠡᠪᠡᠳᠴᠢᠲᠡᠨ ᠤ ᠠᠮᠢᠳᠤᠷᠠᠬᠤ ᠨᠣᠷᠮ᠎ᠠ ᠶᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠬᠢᠨ ᠤ ᠬᠤᠭᠤᠴᠠᠭᠠᠨ ᠤ ᠡᠮᠴᠢᠯᠡᠭᠡᠨ ᠤ ᠰᠢᠨᠵᠢ ᠲᠡᠮᠳᠡᠭ ᠢ ᠴᠢᠬᠤᠯᠠᠴᠢᠯᠠᠬᠤ ᠨᠢ ᠴᠦ ᠡᠮᠴᠢᠯᠡᠭᠡ ᠳᠤ ᠠᠯᠢ ᠲᠦᠷᠭᠡᠨ ᠢᠶᠠᠷ ᠭᠠᠷ ᠳᠦᠷᠦᠵᠦ᠂ ᠡᠪᠡᠳᠴᠢᠲᠡᠨ ᠤ ᠠᠮᠢ ᠨᠠᠰᠤ ᠶᠢ ᠠᠪᠤᠷᠠᠵᠤ ᠪᠣᠯᠤᠨ᠎ᠠ᠃       ᠵᠣᠬᠢᠶᠠᠭᠴᠢ᠄ ᠤᠯᠤᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ       ᠬᠠᠭᠤᠷᠠᠶ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠰᠢᠨ ᠴᠢᠶᠣᠤ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠰᠠᠯᠠᠭᠠᠨ ᠤ ᠡᠷᠬᠢᠯᠡᠭᠴᠢ ᠡᠮᠴᠢ  ᠵᠦ᠋ ᠪᠥᠸᠧ       ᠤᠷᠴᠢᠭᠤᠯᠤᠭᠴᠢ᠄ ᠨᠠᠷᠠᠰᠤ       ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3