| ᠠᠭᠤᠰᠬᠢᠨ ᠤ ᠥᠮᠡᠨ ᠤ ᠳᠤᠮᠳᠠᠳᠤ ᠤᠯᠤᠰ ᠲᠠᠬᠢ ᠡᠪᠡᠳᠴᠢᠯᠡᠬᠦ ᠨᠣᠷᠮ᠎ᠠ ᠪᠠ ᠥᠭᠦᠬᠦ ᠨᠣᠷᠮ᠎ᠠ ᠨᠢ ᠴᠥᠮ | ᠬᠤᠤᠷᠲᠤ ᠬᠠᠪᠤᠳᠠᠷ ᠤᠨ ᠳᠣᠲᠣᠷ᠎ᠠ ᠨᠢᠭᠡᠳᠦᠭᠡᠷ ᠲᠤ ᠣᠷᠣᠨ᠎ᠠ᠃ ᠠᠭᠤᠰᠬᠢᠨ ᠤ ᠥᠮᠡᠨ ᠤ ᠠᠮᠢᠳᠤᠷᠠᠬᠤ ᠨᠣᠷᠮ᠎ᠠ ᠨᠢ | ᠣᠯᠵᠤ ᠮᠡᠳᠡᠬᠦ ᠦᠶ᠎ᠡ ᠶᠢᠨ ᠬᠤᠭᠤᠴᠠᠭ᠎ᠠ ᠬᠤᠪᠢᠶᠠᠬᠤ ᠲᠠᠢ ᠮᠠᠰᠢ ᠶᠡᠭᠡ ᠬᠠᠷᠢᠴᠠᠭ᠎ᠠ ᠲᠠᠢ ᠪᠠᠶᠢᠳᠠᠭ᠃ ᠡᠷᠲᠡ | ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠨᠢ ᠠᠭᠤᠰᠬᠢᠨ ᠤ ᠥᠮᠡᠨ ᠳᠤ ᠨᠡᠷᠪᠡᠭᠳᠡᠭᠰᠡᠳ ᠤᠨ | ᠤᠷᠲᠤ ᠬᠤᠭᠤᠴᠠᠭ᠎ᠠ ᠪᠠᠷ ᠣᠷᠣᠰᠢᠨ ᠲᠣᠭᠲᠠᠨᠢᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠳᠡᠭ᠃ ᠠᠭᠤᠰᠬᠢᠨ ᠤ | ᠥᠮᠡᠨ ᠳᠤ ᠡᠪᠡᠳᠴᠢᠨ ᠤ ᠢᠯᠡᠷᠡᠯ ᠭᠠᠷᠬᠤ ᠠᠴᠠ ᠡᠮᠦᠨ᠎ᠡ ᠬᠥᠳᠡᠯᠵᠦ᠂ ᠠᠯᠢ ᠲᠦᠷᠭᠡᠨ ᠢᠶᠠᠷ ᠠᠭᠤᠰᠬᠢᠨ ᠤ | ᠥᠮᠡᠨ ᠢ ᠰᠢᠭᠰᠢᠨ ᠪᠠᠶᠢᠴᠠᠭᠠᠪᠠᠯ᠂ ᠲᠡᠭᠦᠨ ᠢ ᠡᠷᠲᠡ ᠠᠴᠠ ᠣᠯᠵᠤ ᠮᠡᠳᠡᠬᠦ ᠳᠤ ᠲᠤᠰᠠ ᠪᠣᠯᠤᠨ᠎ᠠ᠃ | ᠶᠠᠮᠠᠷ ᠬᠥᠮᠦᠰ ᠠᠭᠤᠰᠬᠢᠨ ᠤ ᠥᠮᠡᠨ ᠤ ᠪᠠᠶᠢᠴᠠᠭᠠᠯᠲᠠ ᠬᠢᠪᠡᠯ ᠵᠣᠬᠢᠬᠤ ᠪᠣᠢ | ᠬᠡᠷᠪᠡ ᠴᠢ 50~74 ᠨᠠᠰᠤᠨ ᠤ ᠦᠶ᠎ᠡ ᠳᠤ ᠳᠣᠣᠷᠠᠬᠢ ᠨᠥᠬᠦᠴᠡᠯ ᠳᠤ ᠨᠡᠶᠢᠴᠡᠪᠡᠯ ᠠᠭᠤᠰᠬᠢᠨ ᠤ ᠥᠮᠡᠨ ᠢ | ᠰᠢᠭᠰᠢᠨ ᠪᠠᠶᠢᠴᠠᠭᠠᠬᠤ ᠶᠢ ᠰᠠᠨᠠᠭᠤᠯᠤᠶ᠎ᠠ᠄ | ᠨᠢᠭᠡᠳᠦᠭᠡᠷ ᠲᠤ᠂ ᠲᠠᠮᠠᠬᠢ ᠲᠠᠲᠠᠬᠤ᠄ ᠲᠠᠮᠠᠬᠢ ᠲᠠᠲᠠᠬᠤ ᠳᠠᠭᠠᠭᠠᠴᠢᠯᠠᠯᠲᠠ ᠶᠢᠨ ᠵᠢᠯ ᠤᠨ ᠲᠤᠭ᠎ᠠ ᠠᠴᠠ 30 | ᠳᠠᠭᠠᠭᠠᠴᠢᠯᠠᠯᠲᠠ ᠶᠢᠨ ᠵᠢᠯ ︵ᠲᠠᠮᠠᠬᠢ ᠲᠠᠲᠠᠬᠤ ᠳᠠᠭᠠᠭᠠᠴᠢᠯᠠᠯᠲᠠ ᠶᠢᠨ ᠵᠢᠯ ᠤᠨ ᠲᠤᠭ᠎ᠠ = ᠡᠳᠦᠷ ᠪᠦᠷᠢ ᠶᠢᠨ | ᠲᠠᠮᠠᠬᠢ ᠲᠠᠲᠠᠬᠤ ᠳᠠᠭᠠᠭᠠᠴᠢᠯᠠᠯᠲᠠ ᠶᠢᠨ ᠲᠤᠭ᠎ᠠ ᠶᠢ ᠲᠠᠮᠠᠬᠢ ᠲᠠᠲᠠᠭᠰᠠᠨ ᠵᠢᠯ ᠤᠨ ᠲᠤᠭ᠎ᠠ ᠪᠠᠷ ᠦᠷᠡᠵᠢᠭᠦᠯᠦᠨ᠎ᠡ᠂ | ᠵᠢᠱᠢᠶᠡᠯᠡᠪᠡᠯ 1 ᠳᠠᠭᠠᠭᠠᠴᠢᠯᠠᠯᠲᠠ ᠶᠢᠨ ᠵᠢᠯ ᠨᠢ ᠡᠳᠦᠷ ᠪᠦᠷᠢ 1 ᠳᠠᠭᠠᠭᠠᠴᠢᠯᠠᠯᠲᠠ ᠶᠢᠨ ᠲᠠᠮᠠᠬᠢ ᠲᠠᠲᠠᠬᠤ᠂ | ᠲᠤᠬᠠᠶᠢᠯᠠᠪᠠᠯ 20 ᠰᠢᠷᠬᠡᠭ ᠲᠠᠮᠠᠬᠢ ᠲᠠᠲᠠᠬᠤ᠂ 1 ᠵᠢᠯ ᠲᠠᠮᠠᠬᠢ ᠲᠠᠲᠠᠬᠤ ᠲᠠᠢ ᠲᠡᠩᠴᠡᠨ᠎ᠡ︶᠂ ᠡᠭᠦᠨ ᠳᠤ | ᠥᠩᠭᠡᠷᠡᠭᠰᠡᠨ ᠳᠤ ᠲᠠᠮᠠᠬᠢ ᠲᠠᠲᠠᠵᠤ ᠪᠠᠶᠢᠭᠰᠠᠨ ᠳᠠᠭᠠᠭᠠᠴᠢᠯᠠᠯᠲᠠ ᠶᠢᠨ ᠵᠢᠯ ᠤᠨ ᠲᠤᠭ᠎ᠠ ᠠᠴᠠ 30 | ᠳᠠᠭᠠᠭᠠᠴᠢᠯᠠᠯᠲᠠ ᠶᠢᠨ ᠵᠢᠯ ᠪᠠᠭᠲᠠᠨ᠎ᠠ᠂ ᠭᠡᠪᠡᠴᠦ ᠲᠠᠮᠠᠬᠢ ᠲᠠᠲᠠᠬᠤ ᠪᠠᠨ ᠵᠣᠭᠰᠣᠭᠠᠳ 15 ᠵᠢᠯ ᠬᠦᠷᠬᠦ ᠦᠭᠡᠢ︔ | ᠬᠤᠶᠠᠳᠤᠭᠠᠷ ᠲᠤ᠂ ᠳᠠᠮ ᠢᠶᠠᠷ ᠲᠠᠮᠠᠬᠢᠨ ᠳᠤ ᠬᠤᠣᠷᠳᠠᠬᠤ ᠠᠵᠢᠯᠯᠠᠭ᠎ᠠ᠄ ᠲᠠᠮᠠᠬᠢ ᠲᠠᠲᠠᠭᠰᠠᠳ ᠲᠠᠢ ᠬᠠᠮᠲᠤ | ᠠᠮᠢᠳᠤᠷᠠᠬᠤ ᠪᠤᠶᠤ ᠨᠢᠭᠡ ᠥᠷᠥᠭᠡᠨ ᠳᠤ ᠬᠠᠮᠲᠤ ᠠᠵᠢᠯᠯᠠᠬᠤ 20 ᠵᠢᠯ᠃ | ᠭᠤᠷᠪᠠᠳᠤᠭᠠᠷ ᠲᠤ᠂ ᠤᠳᠠᠭᠠᠨ ᠴᠢᠨᠠᠷᠲᠠᠶ ᠲᠦᠭᠵᠢᠷᠡᠯ ᠤᠨ ᠴᠢᠨᠠᠷᠲᠠᠶ ᠠᠭᠤᠰᠬᠢᠨ ᠡᠪᠡᠳᠴᠢᠨ ᠳᠤ | ᠨᠡᠷᠪᠡᠭᠳᠡᠭᠰᠡᠨ᠃ | ᠳᠥᠷᠪᠡᠳᠦᠭᠡᠷ ᠲᠤ᠂ ᠲᠤᠬᠠᠶᠢᠯᠠᠭᠰᠠᠨ ᠠᠵᠢᠯ ᠤᠨ ᠢᠯᠡᠷᠡᠯ ᠤᠨ ᠲᠡᠦᠬᠡ ︵ᠰᠢᠷᠪᠥᠰᠥᠨ ᠴᠢᠯᠠᠭᠤ᠂ ᠷᠠᠳᠣᠨ᠂ | ᠪᠤᠷᠢᠯᠢ᠂ ᠾᠷᠣᠮ᠂ ᠺᠠᠳ᠋ᠮᠢ᠂ ᠨᠢᠺᠤᠯ᠂ ᠴᠠᠬᠢᠭᠤᠷ᠂ ᠨᠡᠭᠦᠷᠡᠰᠦᠨ ᠤᠲᠤᠭ᠎ᠠ ᠪᠠ ᠨᠡᠭᠦᠷᠡᠰᠦᠨ ᠤᠲᠤᠭ᠎ᠠ ᠶᠢᠨ | ᠲᠣᠭᠤᠰᠣ ᠶᠢ ᠪᠠᠭᠲᠠᠭᠠᠨ᠎ᠠ︶ ᠶᠢ 1 ᠵᠢᠯ ᠠᠴᠠ ᠳᠡᠭᠡᠭᠰᠢ ᠪᠠᠶᠢᠯᠭᠠᠨ᠎ᠠ︔ | ᠲᠠᠪᠤᠳᠤᠭᠠᠷ ᠲᠤ᠂ ᠨᠢᠭᠡᠳᠦᠭᠡᠷ ᠳᠡᠰ ᠤᠨ ᠲᠥᠷᠥᠯ ᠰᠠᠳᠤᠨ ︵ᠡᠴᠢᠭᠡ ᠡᠬᠡ᠂ ᠦᠷ᠎ᠡ ᠬᠡᠤᠬᠡᠳ ᠵᠢᠴᠢ ᠠᠬ᠎ᠠ | ᠳᠡᠭᠦᠤ ᠡᠭᠡᠴᠢ ᠥᠬᠢᠨ ᠳᠡᠭᠦᠤ ᠶᠢ ᠵᠢᠭᠠᠵᠤ ᠪᠣᠶ︶ ᠠᠭᠤᠰᠬᠢᠨ ᠥᠮᠡᠨ ᠢᠶᠠᠷ ᠣᠨᠣᠰᠢᠯᠠᠭᠰᠠᠨ᠃ | ᠠᠭᠤᠰᠬᠢᠨ ᠥᠮᠡᠨ ᠤ ᠡᠬᠢᠨ ᠤ ᠦᠶ᠎ᠡ ᠶᠢᠨ ᠡᠪᠡᠳᠴᠢᠨ ᠤ ᠢᠯᠡᠷᠡᠯ | ᠣᠯᠠᠨ ᠵᠢᠯ ᠤᠨ ᠡᠮᠴᠢᠯᠡᠭᠡᠨ ᠤ ᠪᠦᠷᠢᠳᠬᠡᠯ ᠠᠴᠠ ᠦᠵᠡᠪᠡᠯ᠂ ᠵᠠᠷᠢᠮ ᠡᠮᠴᠢᠯᠡᠭᠡᠨ ᠳᠤ ᠦᠷᠭᠦᠯᠵᠢ | ᠲᠣᠬᠢᠶᠠᠯᠳᠤᠳᠠᠭ ᠡᠪᠡᠳᠴᠢᠨ ᠤ ᠢᠯᠡᠷᠡᠯ ᠨᠢ ᠪᠠᠷᠤᠭ ᠠᠩᠬᠠᠨ ᠤ ᠬᠤᠭᠤᠴᠠᠭᠠᠨ ᠤ ᠠᠭᠤᠰᠬᠢᠨ ᠥᠮᠡᠨ ᠤ ᠤᠯᠠ ᠮᠥᠷ | ᠪᠠᠶᠢᠵᠤ ᠮᠡᠳᠡᠨ᠎ᠡ᠃ | ᠬᠠᠨᠢᠶᠠᠬᠤ ᠳᠤ ᠬᠠᠪᠤᠳᠠᠷ ᠰᠠᠯᠪᠤᠷᠢ ᠮᠥᠭᠡᠷᠰᠦᠨ ᠬᠤᠭᠤᠯᠠᠶ ᠳᠤ ᠰᠡᠳᠦᠯᠲᠡ ᠥᠭᠪᠡᠯ ᠬᠠᠨᠢᠶᠠᠯᠭᠠᠨ᠎ᠠ᠂ | ᠣᠯᠠᠩᠬᠢ ᠳᠠᠭᠠᠨ ᠰᠡᠳᠦᠯᠲᠡ ᠶᠢᠨ ᠴᠢᠨᠠᠷᠲᠠᠶ ᠬᠠᠭᠤᠷᠠᠶ ᠪᠠᠷ ᠬᠠᠨᠢᠶᠠᠬᠤ ᠪᠠᠷ ᠢᠯᠡᠷᠡᠨ᠎ᠡ᠂ ᠳᠠᠷᠤᠶ ᠬᠠᠨᠢᠶᠠᠬᠤ | ᠦᠶ᠎ᠡ ᠳᠤ ᠴᠡᠷ ᠦᠭᠡᠢ ᠪᠤᠶᠤ ᠵᠥᠪᠬᠡᠨ ᠪᠠᠭ᠎ᠠ ᠬᠡᠮᠵᠢᠶᠡᠨ ᠤ ᠴᠡᠷ ᠪᠠᠶᠢᠬᠤ ᠶᠢ ᠬᠡᠯᠡᠨ᠎ᠡ᠃ ᠬᠠᠨᠢᠶᠠᠬᠤ ᠦᠶ᠎ᠡ ᠳᠤ | ᠪᠠᠰᠠ ᠶᠡᠭᠡ ᠬᠡᠮᠵᠢᠶᠡᠨ ᠤ ᠰᠠᠯᠢᠰᠤᠯᠢᠭ ᠴᠡᠷ ᠭᠠᠷᠴᠤ ᠮᠡᠳᠡᠨ᠎ᠡ᠃ ᠬᠡᠷᠪᠡ ᠡᠪᠡᠳᠴᠢᠲᠡᠨ ᠦᠷᠭᠦᠯᠵᠢᠯᠡᠨ ᠬᠤᠶᠠᠷ | ᠭᠠᠷᠠᠭ ᠠᠴᠠ ᠢᠯᠡᠭᠦᠦ ᠬᠠᠨᠢᠶᠠᠯᠭᠠᠪᠠᠯ ᠡᠷᠬᠡᠪᠰᠢ ᠠᠩᠬᠠᠷᠬᠤ ᠬᠡᠷᠡᠭᠲᠡᠶ᠃ | ᠴᠡᠷ ᠲᠤ ᠴᠢᠰᠤ ᠲᠠᠢ ᠪᠤᠶᠤ ᠴᠢᠰᠤ ᠪᠠᠷ ᠬᠠᠨᠢᠶᠠᠬᠤ ᠪᠡᠲᠡᠭᠢᠲᠦ ᠬᠠᠪᠤᠳᠠᠷ ᠲᠤ ᠴᠢᠰᠤᠨ ᠰᠤᠳᠠᠯ ᠡᠯᠪᠡᠭ | ᠠᠭᠤᠯᠤᠭᠳᠠᠵᠤ ᠪᠠᠶᠢᠳᠠᠭ᠂ ᠡᠪᠡᠳᠴᠢᠲᠡᠨ ᠬᠠᠨᠢᠶᠠᠬᠤ ᠦᠶ᠎ᠡ ᠳᠤ ᠴᠢᠰᠤᠨ ᠰᠤᠳᠠᠯ ᠳᠡᠯᠪᠡᠷᠡᠭᠰᠡᠨ ᠠᠴᠠ ᠪᠣᠯᠵᠤ | ᠴᠢᠰᠤ ᠭᠠᠷᠳᠠᠭ᠂ ᠴᠢᠰᠤ ᠨᠢ ᠴᠡᠷ ᠢ ᠳᠠᠭᠠᠯᠳᠤᠨ ᠭᠠᠳᠠᠭᠰᠢᠯᠠᠵᠤ᠂ ᠴᠡᠷ ᠲᠤ ᠴᠢᠰᠤ ᠲᠠᠢ ᠪᠠᠶᠢᠬᠤ ᠪᠠᠷ ᠢᠯᠡᠷᠡᠨ᠎ᠡ᠃ | ᠬᠡᠷᠪᠡ ᠬᠠᠪᠤᠳᠠᠷ ᠤᠨ ᠨᠡᠬᠡᠳᠡᠰᠦ ᠳᠠᠬᠢ ᠴᠢᠰᠤᠨ ᠤᠷᠤᠰᠬᠠᠯ ᠡᠯᠪᠡᠭ ᠪᠤᠶᠤ ᠨᠡᠯᠢᠶᠡᠳ ᠶᠡᠭᠡ ᠴᠢᠰᠤᠨ ᠰᠤᠳᠠᠯ ᠲᠠᠢ | ᠣᠶᠢᠷᠠᠯᠴᠠᠭ᠎ᠠ ᠪᠠᠶᠢᠪᠠᠯ᠂ ᠬᠠᠨᠢᠶᠠᠬᠤ ᠦᠶ᠎ᠡ ᠳᠤ ᠢᠯᠭᠠᠷᠠᠭᠤᠯᠬᠤ ᠴᠢᠰᠤᠨ ᠤ ᠬᠡᠮᠵᠢᠶ᠎ᠡ ᠨᠢ ᠠᠷᠪᠢᠳᠴᠤ᠂ ᠴᠢᠰᠤ ᠪᠠᠷ | ᠬᠠᠨᠢᠶᠠᠬᠤ ᠢᠯᠡᠷᠡᠯ ᠭᠠᠷᠤᠨ᠎ᠠ᠃ | ᠠᠮᠢᠰᠬᠤᠯ ᠴᠢᠬᠤᠯᠳᠠᠬᠤ ᠨᠢ ᠠᠭᠤᠰᠬᠢᠨ ᠤ ᠥᠮᠡᠨ ᠤ ᠪᠠᠰᠠ ᠨᠢᠭᠡᠨ ᠠᠩᠬᠠᠨ ᠤ ᠢᠯᠡᠷᠡᠯ ᠮᠥᠨ᠂ ᠠᠮᠢᠰᠬᠤᠯ | ᠴᠢᠬᠤᠯᠳᠠᠬᠤ ᠨᠢ ᠠᠮᠠᠷᠬᠠᠨ ᠨᠠᠰᠤ ᠠᠬᠢᠭᠰᠠᠨ ᠠᠴᠠ ᠪᠣᠯᠤᠭᠰᠠᠨ᠂ ᠪᠡᠶ᠎ᠡ ᠮᠠᠬᠠᠪᠣᠳ ᠮᠠᠭᠤ ᠪᠤᠶᠤ ᠮᠠᠷᠢᠶᠠᠯᠠᠭᠰᠠᠨ ᠠᠴᠠ | ᠪᠣᠯᠤᠭᠰᠠᠨ ᠭᠡᠵᠦ ᠦᠵᠡᠳᠡᠭ᠃ ᠬᠡᠷᠪᠡ ᠡᠪᠡᠳᠴᠢᠲᠡᠨ ᠡᠳᠦᠷ ᠲᠤᠲᠤᠮ ᠤᠨ ᠬᠥᠳᠡᠯᠭᠡᠭᠡᠨ ᠤ ᠳᠤᠮᠳᠠ ᠠᠮᠢᠰᠬᠤᠯ | ᠳᠠᠪᠬᠤᠴᠠᠵᠤ᠂ ᠵᠢᠷᠦᠬᠡ ᠴᠢᠰᠤᠨ ᠰᠤᠳᠠᠯ ᠤᠨ ᠲᠠᠯ᠎ᠠ ᠶᠢᠨ ᠡᠪᠡᠳᠴᠢᠨ ᠦᠭᠡᠢ ᠪᠣᠯ ᠠᠭᠤᠰᠬᠢᠨ ᠤ ᠥᠮᠡᠨ ᠢ | ᠰᠢᠭᠰᠢᠨ ᠪᠠᠶᠢᠴᠠᠭᠠᠬᠤ ᠶᠢ ᠠᠩᠬᠠᠷᠬᠤ ᠬᠡᠷᠡᠭᠲᠡᠶ᠃ | ᠮᠥᠷᠥ᠂ ᠨᠢᠷᠤᠭᠤ᠂ ᠴᠡᠭᠡᠵᠢ᠂ ᠭᠠᠷ ᠡᠪᠡᠳᠬᠦ ᠠᠭᠤᠰᠬᠢᠨ ᠤ ᠬᠡᠰᠡᠭ ᠤᠨ ᠪᠡᠲᠡᠭᠢᠲᠦ ᠬᠠᠪᠤᠳᠠᠷ ᠨᠢ ᠮᠡᠳᠡᠷᠡᠯ ᠢ | ᠳᠠᠷᠤᠵᠤ᠂ ᠡᠪᠡᠳᠴᠢᠲᠡᠨ ᠤ ᠮᠥᠷᠥ᠂ ᠨᠢᠷᠤᠭᠤ᠂ ᠴᠡᠭᠡᠵᠢᠨ ᠬᠡᠰᠡᠭ ᠪᠤᠶᠤ ᠭᠠᠷ ᠤᠨ ᠲᠣᠬᠤᠢ ᠶᠢ ᠡᠪᠡᠳᠬᠡᠵᠦ | ᠮᠡᠳᠡᠨ᠎ᠡ᠃ ᠡᠨᠡ ᠬᠦ ᠡᠪᠡᠳᠴᠢᠨ ᠤ ᠢᠯᠡᠷᠡᠯ ᠨᠢ ᠬᠠᠨᠢᠶᠠᠬᠤ ᠪᠠ ᠠᠮᠢᠰᠬᠤᠯ ᠳᠠᠪᠬᠤᠴᠠᠬᠤ ᠠᠴᠠ ᠡᠮᠦᠨ᠎ᠡ ᠴᠦ | ᠢᠯᠡᠷᠡᠵᠦ ᠮᠡᠳᠡᠨ᠎ᠡ᠃ ᠬᠡᠷᠪᠡ ᠡᠳᠡᠭᠡᠷ ᠬᠡᠰᠡᠭ ᠲᠤ ᠡᠪᠡᠳᠬᠦ ᠶᠢᠨ ᠢᠯᠡᠷᠡᠯ ᠭᠠᠷᠤᠭᠠᠳ ᠠᠩᠬᠠᠨ ᠤ ᠭᠡᠮᠲᠦᠯ᠂ | ᠣᠨᠴᠠᠭᠠᠶᠢᠯᠠᠨ ᠬᠠᠨᠢᠶᠠᠬᠤ ᠪᠠ ᠠᠮᠢᠰᠬᠤᠬᠤ ᠳᠤ ᠬᠦᠨᠳᠦᠷᠡᠭᠰᠡᠨ ᠡᠪᠡᠳᠬᠦ ᠶᠢᠨ ᠢᠯᠡᠷᠡᠯ ᠢ ᠰᠠᠶᠢᠲᠤᠷ ᠠᠩᠬᠠᠷᠬᠤ | ᠬᠡᠷᠡᠭᠲᠡᠶ᠃ 50% ᠶᠢᠨ ᠠᠭᠤᠰᠬᠢᠨ ᠥᠮᠡᠨ ᠳᠤ ᠨᠡᠷᠪᠡᠭᠳᠡᠭᠰᠡᠳ ᠢ ᠣᠨᠣᠰᠢᠯᠠᠬᠤ ᠳᠤ ᠴᠡᠭᠡᠵᠢ ᠡᠪᠡᠳᠬᠦ ᠪᠤᠶᠤ | ᠮᠥᠷᠥ ᠡᠪᠡᠳᠬᠦ ᠢᠯᠡᠷᠡᠯ ᠲᠠᠢ᠃ | ᠳᠠᠬᠢᠨ ᠳᠠᠪᠲᠠᠨ ᠬᠠᠯᠳᠠᠪᠤᠷᠢᠯᠠᠭᠰᠠᠨ ︵ᠰᠠᠯᠪᠤᠷᠢ ᠮᠥᠭᠡᠷᠰᠦᠨ ᠬᠤᠭᠤᠯᠠᠶ ᠶᠢᠨ ᠦᠷᠪᠢᠰᠦᠯ ᠪᠠ ᠠᠭᠤᠰᠬᠢᠨ ᠤ | ᠦᠷᠪᠢᠰᠦᠯ︶ ᠳᠠᠬᠢᠨ ᠳᠠᠪᠲᠠᠨ ᠠᠭᠤᠰᠬᠢᠨ ᠤ ᠦᠷᠪᠢᠰᠦᠯ ᠪᠤᠶᠤ ᠰᠠᠯᠪᠤᠷᠢ ᠮᠥᠭᠡᠷᠰᠦᠨ ᠬᠤᠭᠤᠯᠠᠶ ᠶᠢᠨ | ᠦᠷᠪᠢᠰᠦᠯ ᠲᠠᠢ ᠡᠪᠡᠳᠴᠢᠲᠡᠨ ᠠᠭᠤᠰᠬᠢᠨ ᠥᠮᠡᠨ ᠢᠶᠠᠷ ᠣᠨᠣᠰᠢᠯᠠᠭᠳᠠᠬᠤ ᠨᠢ ᠡᠮᠴᠢᠯᠡᠭᠡᠨ ᠳᠤ ᠴᠥᠭᠡᠨ ᠪᠤᠰᠤ | ᠲᠣᠬᠢᠶᠠᠯᠳᠤᠨ᠎ᠠ᠃ ᠬᠡᠷᠪᠡ ᠬᠠᠪᠤᠳᠠᠷ ᠨᠢ ᠠᠮᠢᠰᠬᠤᠯ ᠤᠨ ᠵᠠᠮ ᠳᠤ ᠣᠶᠢᠷᠠᠳᠪᠠᠯ᠂ ᠡᠪᠡᠳᠴᠢᠲᠡᠨ ᠳᠤ ᠨᠡᠩ ᠠᠮᠠᠷᠬᠠᠨ | ᠠᠭᠤᠰᠬᠢᠨ ᠤ ᠬᠡᠰᠡᠭ ᠤᠨ ᠬᠠᠯᠳᠠᠪᠤᠷᠢᠯᠠᠯ ᠡᠭᠦᠰᠭᠡᠨ᠎ᠡ᠃ | ᠬᠡᠪ ᠤᠨ ᠪᠤᠰᠤ ᠡᠪᠡᠳᠴᠢᠨ ᠤ ᠢᠯᠡᠷᠡᠯ ᠪᠤᠶᠤ ᠪᠡᠶ᠎ᠡ ᠶᠢᠨ ᠬᠦᠨᠳᠦ ᠶᠢᠨ ᠪᠠᠭᠤᠷᠠᠯᠲᠠ ᠨᠢ ᠵᠠᠷᠢᠮ ᠳᠠᠭᠠᠨ | ᠦᠵᠡᠬᠦ ᠳᠤ ᠬᠠᠮᠢᠶ᠎ᠠ ᠦᠭᠡᠢ ᠡᠪᠡᠳᠴᠢᠨ ᠤ ᠢᠯᠡᠷᠡᠯ ᠴᠦ ᠠᠭᠤᠰᠬᠢᠨ ᠥᠮᠡᠨ ᠲᠠᠢ ᠬᠤᠯᠪᠣᠭ᠎ᠠ ᠲᠠᠢ᠂ ᠣᠨᠴᠠᠭᠠᠶᠢᠯᠠᠨ | ᠲᠠᠮᠠᠬᠢ ᠲᠠᠲᠠᠳᠠᠭ ᠡᠪᠡᠳᠴᠢᠲᠡᠨ᠃ ᠵᠢᠱᠢᠶᠡᠯᠡᠪᠡᠯ 1.7% ᠶᠢᠨ ᠵᠢᠵᠢᠭ ᠡᠰ ᠤᠨ ᠪᠤᠰᠤ ᠠᠭᠤᠰᠬᠢᠨ ᠥᠮᠡᠨ ᠳᠤ | ᠨᠡᠷᠪᠡᠭᠳᠡᠭᠰᠡᠳ ᠤᠨ ᠡᠬᠢᠨ ᠤ ᠬᠤᠭᠤᠴᠠᠭᠠᠨ ᠳᠤ ᠡᠪᠦᠳᠦᠭ ᠨᠢ ᠡᠪᠡᠳᠳᠡᠭ᠃ ᠡᠭᠦᠨ ᠠᠴᠠ ᠭᠠᠳᠠᠨ᠎ᠠ᠂ ᠵᠠᠷᠢᠮ | ᠶᠡᠷᠦᠩᠬᠡᠶ ᠡᠪᠡᠳᠴᠢᠨ ᠤ ᠢᠯᠡᠷᠡᠯ᠂ ᠵᠢᠱᠢᠶᠡᠯᠡᠪᠡᠯ ᠶᠠᠳᠠᠷᠠᠬᠤ᠂ ᠢᠳᠡᠭᠡᠨ ᠤ ᠳᠤᠷᠠᠰᠢᠯ ᠮᠠᠭᠤᠳᠠᠬᠤ᠂ | ᠲᠠᠶᠢᠯᠪᠤᠷᠢᠯᠠᠬᠤ ᠶᠢᠨ ᠠᠷᠭ᠎ᠠ ᠥᠬᠡᠶ ᠪᠡᠶ᠎ᠡ ᠶᠢᠨ ᠬᠦᠨᠳᠦ ᠪᠠᠭᠤᠷᠠᠬᠤ᠂ ᠴᠢᠨᠠᠭᠰᠢᠯᠠᠪᠠᠯ ᠪᠤᠬᠢᠨᠢᠳᠤᠯ ᠬᠡᠮ ᠡᠭᠦᠰᠬᠦ | ᠵᠡᠷᠭᠡ ᠨᠢ ᠴᠥᠮ ᠠᠭᠤᠰᠬᠢᠨ ᠤ ᠥᠮᠡᠨ ᠢ ᠬᠠᠷᠠᠭᠤᠯᠵᠤ ᠮᠡᠳᠡᠨ᠎ᠡ᠃ | ᠠᠭᠤᠰᠬᠢᠨ ᠤ ᠥᠮᠡᠨ ᠢ ᠡᠷᠲᠡ ᠠᠴᠠ ᠢᠯᠡᠷᠡᠭᠦᠯᠬᠦ ᠳᠤ ᠲᠤᠰᠠᠯᠠᠮᠵᠢ ᠦᠵᠡᠭᠦᠯᠦᠨ᠎ᠡ | ᠠᠭᠤᠰᠬᠢᠨ ᠥᠮᠡᠨ ᠤ ᠡᠬᠢᠨ ᠤ ᠬᠤᠭᠤᠴᠠᠭᠠᠨ ᠤ ᠡᠪᠡᠳᠴᠢᠨ ᠤ ᠢᠯᠡᠷᠡᠯ ᠨᠢ ᠲᠡᠶᠢᠮᠦ ᠢᠯᠡᠷᠬᠡᠶ ᠪᠢᠰᠢ᠂ | ᠴᠢᠨᠠᠭᠰᠢᠯᠠᠪᠠᠯ ᠶᠠᠮᠠᠷ ᠴᠤ ᠡᠪ ᠦᠭᠡᠶᠢᠷᠡᠯ ᠥᠬᠡᠶ ᠪᠠᠶᠢᠳᠠᠭ᠃ ᠲᠥᠪ ᠬᠡᠯᠪᠡᠷᠢ ᠶᠢᠨ ᠠᠭᠤᠰᠬᠢᠨ ᠥᠮᠡᠨ ᠤ | ᠡᠪᠡᠳᠴᠢᠨ ᠤ ᠢᠯᠡᠷᠡᠯ ᠨᠢ ᠡᠷᠲᠡ ᠮᠥᠷᠲᠡᠭᠡᠨ ᠬᠦᠨᠳᠦ᠂ ᠣᠷᠴᠢᠨ ᠲᠣᠭᠤᠷᠢᠨ ᠤ ᠬᠡᠯᠪᠡᠷᠢ ᠶᠢᠨ ᠠᠭᠤᠰᠬᠢᠨ | ᠥᠮᠡᠨ ᠤ ᠡᠪᠡᠳᠴᠢᠨ ᠤ ᠢᠯᠡᠷᠡᠯ ᠨᠢ ᠣᠷᠣᠢ ᠮᠥᠷᠲᠡᠭᠡᠨ ᠬᠥᠩᠭᠡᠨ᠂ ᠴᠢᠨᠠᠭᠰᠢᠯᠠᠪᠠᠯ ᠡᠪᠡᠳᠴᠢᠨ ᠤ ᠢᠯᠡᠷᠡᠯ ᠦᠭᠡᠢ | ᠪᠠᠶᠢᠳᠠᠭ᠃ ᠡᠶᠢᠮᠦ ᠠᠴᠠ ᠡᠮᠴᠢᠯᠡᠭᠡᠨ ᠳᠤ ᠡᠪᠡᠳᠴᠢᠨ ᠤ ᠢᠯᠡᠷᠡᠯ ᠠᠴᠠ ᠭᠠᠳᠠᠨ᠎ᠠ᠂ ᠡᠮᠴᠢ ᠠᠴᠠ ᠪᠠᠰᠠ | ᠰᠡᠭᠦᠳᠡᠷ ᠤᠨ ᠤᠬᠠᠭᠠᠨ ᠤ ᠪᠠᠶᠢᠴᠠᠭᠠᠯᠲᠠ ᠲᠠᠢ ᠤᠶᠠᠯᠳᠤᠭᠤᠯᠤᠨ ᠠᠭᠤᠰᠬᠢᠨ ᠤ ᠠᠩᠬᠠᠨ ᠤ ᠡᠭᠦᠰᠦᠯ ᠪᠠ | ᠰᠢᠯᠵᠢᠭᠰᠡᠨ ᠬᠡᠰᠡᠭ ᠤᠨ ᠥᠮᠡᠨ ᠤ ᠭᠤᠯᠣᠮᠲᠠ ᠶᠢ ᠣᠯᠵᠤ ᠮᠡᠳᠡᠳᠡᠭ᠃ | ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 25% ᠶᠢᠨ ᠠᠭᠤᠰᠬᠢᠨ ᠤ ᠥᠮᠡᠨ ᠲᠠᠢ | ᠡᠪᠡᠳᠴᠢᠲᠡᠨ ᠠᠭᠤᠰᠬᠢᠨ ᠤ ᠥᠮᠡᠨ ᠢᠶᠠᠷ ᠣᠨᠣᠰᠢᠯᠠᠭᠳᠠᠬᠤ ᠦᠶ᠎ᠡ ᠳᠤ ᠣᠨᠴᠠᠭᠠᠶ ᠰᠢᠨᠵᠢ ᠲᠡᠮᠳᠡᠭ ᠥᠬᠡᠶ᠂ | ᠣᠯᠠᠩᠬᠢ ᠨᠢ ᠪᠤᠰᠤᠳ ᠰᠢᠯᠲᠠᠭᠠᠨ ᠠᠴᠠ ᠪᠣᠯᠵᠣ CT ᠪᠤᠶᠤ X ᠰᠠᠴᠤᠷᠠᠭ ᠤᠨ ᠪᠠᠶᠢᠴᠠᠭᠠᠯᠲᠠ ᠬᠢᠭᠡᠳ ᠰᠠᠶ᠋ᠢ | ᠣᠯᠵᠤ ᠮᠡᠳᠡᠭᠰᠡᠨ ᠪᠠᠶᠢᠳᠠᠭ᠃ | ᠠᠭᠤᠰᠬᠢᠨ ᠤ ᠥᠮᠡᠨ ᠤ ᠲᠤᠰᠠᠯᠠᠬᠤ ᠳᠦᠷᠰᠦ ᠰᠢᠩᠭᠡᠭᠡᠯᠲᠡ ᠶᠢᠨ ᠤᠬᠠᠭᠠᠨ ᠤ ᠪᠠᠶᠢᠴᠠᠭᠠᠯᠲᠠ ᠶᠢᠨ | ᠠᠷᠭ᠎ᠠ ᠳᠤ ᠭᠤᠣᠯᠳᠠᠭᠤ X ᠰᠠᠴᠤᠷᠠᠭ᠂ CT᠂ ᠰᠣᠷᠢᠨᠵᠢᠨ ᠳᠠᠷᠪᠢᠯᠲᠠ ᠪᠠᠷ ᠳᠦᠷᠰᠦ ᠪᠦᠲᠦᠭᠡᠬᠦ ︵MRI︶᠂ | ᠡᠶᠡᠷᠭᠦ ᠡᠯᠧᠺᠲᠷᠣᠨ ᠰᠠᠴᠤᠷᠠᠭᠤᠯᠭ᠎ᠠ ᠶᠢᠨ ᠺᠣᠮᠫᠢᠦ᠋ᠲ᠋ᠧᠷ ᠤᠨ ᠵᠥᠷᠢᠭᠳᠡᠯ ᠰᠢᠷᠪᠢᠯᠲᠡ ︵PET-CT︶᠂ ᠭᠡᠳᠦ | ᠲᠡᠭᠤᠠ᠂ ᠴᠥᠮ᠎ᠡ ᠶᠢᠨ ᠡᠯᠧᠮᠧᠨ᠋ᠲ ᠤᠨ ᠳᠦᠷᠰᠦ ᠢᠯᠡᠷᠡᠭᠦᠯᠬᠦ ᠵᠡᠷᠭᠡ ᠠᠷᠭ᠎ᠠ ᠪᠠᠭᠲᠠᠨ᠎ᠠ᠃ ᠰᠡᠭᠦᠳᠡᠷ ᠤᠨ | ᠤᠬᠠᠭᠠᠨ ᠤ ᠪᠠᠶᠢᠴᠠᠭᠠᠯᠲᠠ ᠶᠢ ᠭᠤᠣᠯᠳᠠᠭᠤ ᠠᠭᠤᠰᠬᠢᠨ ᠤ ᠥᠮᠡᠨ ᠢ ᠣᠨᠣᠰᠢᠯᠠᠬᠤ᠂ ᠬᠤᠭᠤᠴᠠᠭ᠎ᠠ ᠬᠤᠪᠢᠶᠠᠬᠤ᠂ | ᠡᠮᠴᠢᠯᠡᠭᠡᠨ ᠤ ᠠᠴᠢ ᠲᠤᠰᠠ ᠶᠢ ᠬᠢᠨᠠᠨ ᠬᠡᠮᠵᠢᠬᠦ᠂ ᠳᠠᠬᠢᠨ ᠬᠤᠭᠤᠴᠠᠭ᠎ᠠ ᠬᠤᠪᠢᠶᠠᠬᠤ ᠵᠢᠴᠢ ᠬᠤᠶᠢᠰᠢᠳᠠ ᠶᠢᠨ | ᠵᠢᠱᠢᠯᠲᠡ ᠶᠢ ᠦᠨᠡᠯᠡᠨ ᠵᠢᠱᠢᠬᠦ ᠵᠡᠷᠭᠡ ᠳᠤ ᠬᠡᠷᠡᠭᠯᠡᠨ᠎ᠡ᠃ | ᠠᠭᠤᠰᠬᠢᠨ ᠥᠮᠡᠨ ᠪᠠᠶᠢᠵᠤ ᠮᠡᠳᠡᠨ᠎ᠡ ᠭᠡᠵᠦ ᠰᠡᠵᠢᠭᠯᠡᠵᠦ ᠪᠠᠶᠢᠬᠤ ᠦᠶ᠎ᠡ ᠳᠤ᠂ ᠡᠪᠡᠳᠴᠢᠲᠡᠨ ᠪᠠᠰᠠ | ᠨᠡᠬᠡᠳᠡᠰᠦ ᠶᠢᠨ ᠡᠪᠡᠳᠴᠢᠨ ᠤ ᠵᠦᠢ ᠶᠢᠨ ᠪᠠᠶᠢᠴᠠᠭᠠᠯᠲᠠ ᠬᠢᠬᠦ ᠴᠢᠬᠤᠯᠠᠲᠠᠶ᠃ ᠡᠪᠡᠳᠴᠢᠨ ᠤ ᠵᠦᠶ ᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠣᠯ ᠠᠭᠤᠰᠬᠢᠨ ᠥᠮᠡᠨ ᠢ ᠣᠨᠣᠰᠢᠯᠠᠬᠤ ︽ᠠᠯᠲᠠᠨ ᠪᠠᠷᠢᠮᠵᠢᠶ᠎ᠠ︾ ᠮᠥᠨ᠃ | ᠲᠤᠰ ᠪᠠᠶᠢᠴᠠᠭᠠᠯᠲᠠ ᠪᠣᠯ ᠪᠡᠶ᠎ᠡ ᠮᠠᠬᠠᠪᠣᠳ ᠤᠨ ᠡᠷᠬᠡᠲᠡᠨ᠂ ᠨᠡᠬᠡᠳᠡᠰᠦ ᠪᠤᠶᠤ ᠡᠰ ᠤᠨ ᠳᠣᠲᠣᠷᠠᠬᠢ ᠡᠪᠡᠳᠴᠢᠨ ᠤ | ᠵᠦᠢ ᠶᠢᠨ ᠬᠤᠪᠢᠷᠠᠯᠲᠠ ᠶᠢ ᠪᠠᠶᠢᠴᠠᠭᠠᠬᠤ ᠳᠤ ᠬᠡᠷᠡᠭᠯᠡᠳᠡᠭ ᠡᠪᠡᠳᠴᠢᠨ ᠤ ᠵᠦᠢ ᠶᠢᠨ ᠬᠡᠯᠪᠡᠷᠢ ᠳᠦᠷᠰᠦ ᠶᠢᠨ | ᠰᠤᠳᠤᠯᠤᠯ ᠤᠨ ᠠᠷᠭ᠎ᠠ ᠪᠣᠯᠤᠨ᠎ᠠ᠂ ᠮᠢᠺᠷᠣᠰᠺᠣᠫ ᠢᠶᠠᠷ ᠬᠥᠮᠦᠨ ᠤ ᠪᠡᠶ᠎ᠡ ᠶᠢᠨ ᠨᠡᠬᠡᠳᠡᠰᠦ ᠶᠢᠨ ᠪᠦᠲᠦᠴᠡ ᠳᠠᠬᠢ | ᠡᠰ ᠤᠨ ᠥᠮᠡᠨ ᠤ ᠬᠤᠪᠢᠷᠠᠯᠲᠠ ᠪᠠᠶᠢᠬᠤ ᠡᠰᠡᠬᠦ ᠶᠢ ᠰᠢᠭᠤᠳ ᠠᠵᠢᠭᠯᠠᠨ᠎ᠠ᠃ | ᠡᠪᠡᠳᠴᠢᠨ ᠤ ᠵᠦᠢ ᠶᠢᠨ ᠣᠨᠣᠰᠢᠯᠠᠯᠲᠠ ᠨᠢ ᠠᠭᠤᠰᠬᠢᠨ ᠤ ᠥᠮᠡᠨ ᠤ ᠬᠤᠭᠤᠴᠠᠭ᠎ᠠ ᠬᠤᠪᠢᠶᠠᠬᠤ᠂ ᠬᠡᠯᠪᠡᠷᠢ | ᠬᠤᠪᠢᠶᠠᠬᠤ ᠶᠢ ᠲᠣᠳᠣᠷᠬᠠᠶᠢᠯᠠᠵᠤ ᠴᠢᠳᠠᠨ᠎ᠠ᠃ ᠡᠪᠡᠳᠴᠢᠨ ᠤ ᠵᠦᠢ ᠶᠢᠨ ᠣᠨᠣᠰᠢᠯᠠᠯᠲᠠ ᠨᠢ ᠡᠪᠡᠳᠴᠢᠲᠡᠨ ᠤ ᠡᠮᠨᠡᠨ | ᠵᠠᠰᠠᠬᠤ ᠲᠥᠰᠦᠯ ᠤᠨ ᠰᠣᠩᠭᠤᠯᠲᠠ ᠪᠠ ᠬᠤᠶᠢᠰᠢᠳᠠ ᠶᠢᠨ ᠵᠢᠱᠢᠯᠲᠡ ᠳᠤ ᠰᠢᠶ᠋ᠳᠪᠦᠷᠢᠯᠡᠭᠴᠢ ᠦᠢᠯᠡᠳᠦᠯ ᠲᠠᠢ ᠶᠤᠮ᠂ | ᠡᠶᠢᠮᠦ ᠠᠴᠠ ᠠᠭᠤᠰᠬᠢᠨ ᠤ ᠥᠮᠡᠨ ᠢ ᠡᠮᠨᠡᠨ ᠵᠠᠰᠠᠬᠤ ᠠᠴᠠ ᠡᠮᠦᠨ᠎ᠡ ᠡᠷᠬᠡᠪᠰᠢ ᠴᠡᠷ ᠤᠨ ᠡᠰ ᠤᠨ ᠰᠤᠳᠤᠯᠤᠯ ᠤᠨ | ᠪᠠᠶᠢᠴᠠᠭᠠᠯᠲᠠ᠂ ᠴᠡᠭᠡᠵᠢᠨ ᠬᠥᠨᠳᠡᠶ ᠶᠢ ᠰᠢᠪᠡᠬᠦ ᠵᠠᠰᠠᠯ᠂ ᠬᠦᠢᠬᠡᠨ ᠭᠠᠳᠠᠷᠭᠤ ᠶᠢᠨ ᠯᠢᠮᠹᠠ ᠶᠢᠨ ᠵᠠᠩᠭᠢᠯᠠᠭ᠎ᠠ ᠪᠠ | ᠠᠷᠠᠰᠤᠨ ᠤ ᠳᠣᠣᠷ᠎ᠠ ᠰᠢᠯᠵᠢᠭᠰᠡᠨ ᠡᠪᠡᠳᠴᠢᠨ ᠤ ᠭᠤᠯᠣᠮᠲᠠ ᠶᠢᠨ ᠠᠮᠢᠳᠤ ᠨᠡᠬᠡᠳᠡᠰᠦ ᠶᠢᠨ ᠪᠠᠶᠢᠴᠠᠭᠠᠯᠲᠠ᠂ | ᠴᠡᠭᠡᠵᠢᠨ ᠬᠠᠨ᠎ᠠ ᠶᠢᠨ ᠠᠭᠤᠰᠬᠢ ᠶᠢ ᠰᠢᠪᠡᠬᠦ ᠵᠠᠰᠠᠯ᠂ ᠰᠠᠯᠪᠤᠷᠢ ᠮᠥᠭᠡᠷᠰᠦᠨ ᠬᠤᠭᠤᠯᠠᠶ ᠶᠢᠨ ᠳᠤᠷᠠᠨ ᠤ | ᠪᠠᠶᠢᠴᠠᠭᠠᠯᠲᠠ ᠵᠡᠷᠭᠡ ᠡᠪᠡᠳᠴᠢᠨ ᠤ ᠵᠦᠢ ᠶᠢᠨ ᠣᠨᠣᠰᠢᠯᠠᠯᠲᠠ ᠲᠠᠢ ᠪᠠᠶᠢᠬᠤ ᠬᠡᠷᠡᠭᠲᠡᠶ᠃ | ᠡᠭᠦᠨ ᠠᠴᠠ ᠭᠠᠳᠠᠨ᠎ᠠ᠂ ᠲᠤᠷᠰᠢᠯᠲᠠ ᠶᠢᠨ ᠲᠠᠰᠤᠭ ᠤᠨ ᠴᠢᠰᠤ ᠠᠪᠬᠤ ᠪᠠᠶᠢᠴᠠᠭᠠᠯᠲᠠ ᠨᠢ ᠠᠭᠤᠰᠬᠢᠨ ᠤ | ᠥᠮᠡᠨ ᠤ ᠣᠨᠣᠰᠢᠯᠠᠯᠲᠠ ᠪᠠ ᠡᠮᠴᠢᠯᠡᠭᠡᠨ ᠤ ᠦᠷ᠎ᠡ ᠳ᠋ᠦᠩ ᠤᠨ ᠦᠨᠡᠯᠡᠯᠲᠡ ᠳᠤ ᠪᠠᠰᠠ ᠬᠠᠪᠰᠤᠷᠤᠮᠵᠢ ᠪᠣᠯᠬᠤ | ᠯᠠᠪᠯᠠᠯᠲᠠ ᠶᠢᠨ ᠦᠢᠯᠡᠳᠦᠯ ᠦᠵᠡᠭᠦᠯᠳᠡᠭ᠂ ᠡᠭᠦᠨ ᠳᠤ ᠬᠠᠪᠤᠳᠠᠷ ᠤᠨ ᠲᠡᠮᠳᠡᠭ ᠪᠣᠳᠠᠰ᠂ ᠵᠢᠱᠢᠶᠡᠯᠡᠪᠡᠯ ᠥᠮᠡᠨ ᠤ | ᠬᠦᠪᠦᠷᠡᠯ ᠤᠨ ᠥᠳᠥᠭᠡᠭᠴᠢ ︵CEA︶᠂ ᠮᠡᠳᠡᠷᠡᠯ ᠤᠨ ᠨᠢᠭᠡᠴᠢ ᠶᠢᠨ ᠥᠪᠡᠷᠮᠢᠴᠡ ᠴᠢᠨᠠᠷ ᠤᠨ ᠠᠯᠺᠤᠯ ᠤᠨ | ᠢᠰᠬᠡᠭᠦᠷ ︵NSE︶᠂ ᠬᠠᠶᠢᠷᠰᠤᠯᠢᠭ ᠥᠩᠭᠡᠨ ᠬᠥᠷᠥᠰᠥᠨ ᠡᠰ ᠤᠨ ᠥᠮᠡᠨ ᠤ ᠥᠳᠥᠭᠡᠭᠴᠢ ︵SCC︶ | ᠵᠡᠷᠭᠡ ᠶᠢᠨ ᠪᠠᠶᠢᠴᠠᠭᠠᠯᠲᠠ ᠪᠠᠭᠲᠠᠨ᠎ᠠ᠃ | ᠣᠳᠣᠬᠠᠨ ᠳᠤ ᠮᠠᠨ ᠤ ᠤᠯᠤᠰ ᠤᠨ ᠠᠭᠤᠰᠬᠢᠨ ᠤ ᠥᠮᠡᠨ ᠳᠤ ᠨᠡᠷᠪᠡᠭᠳᠡᠭᠰᠡᠳ ᠤᠨ ᠲᠤᠭ᠎ᠠ ᠮᠥᠨ ᠬᠦ | ᠨᠡᠮᠡᠭᠳᠡᠬᠦ ᠬᠤᠭᠤᠴᠠᠭᠠᠨ ᠳᠠᠭᠠᠨ ᠪᠠᠶᠢᠭᠰᠠᠭᠠᠷ᠂ ᠡᠬᠢᠨ ᠤ ᠬᠤᠭᠤᠴᠠᠭᠠᠨ ᠤ ᠰᠢᠭᠰᠢᠨ ᠪᠠᠶᠢᠴᠠᠭᠠᠯᠲᠠ ᠨᠢ | ᠡᠪᠡᠳᠴᠢᠲᠡᠨ ᠤ ᠠᠮᠢᠳᠤᠷᠠᠬᠤ ᠨᠣᠷᠮ᠎ᠠ ᠶᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ | ᠡᠬᠢᠨ ᠤ ᠬᠤᠭᠤᠴᠠᠭᠠᠨ ᠤ ᠡᠮᠴᠢᠯᠡᠭᠡᠨ ᠤ ᠰᠢᠨᠵᠢ ᠲᠡᠮᠳᠡᠭ ᠢ ᠴᠢᠬᠤᠯᠠᠴᠢᠯᠠᠬᠤ ᠨᠢ ᠴᠦ ᠡᠮᠴᠢᠯᠡᠭᠡ ᠳᠤ ᠠᠯᠢ | ᠲᠦᠷᠭᠡᠨ ᠢᠶᠠᠷ ᠭᠠᠷ ᠳᠦᠷᠦᠵᠦ᠂ ᠡᠪᠡᠳᠴᠢᠲᠡᠨ ᠤ ᠠᠮᠢ ᠨᠠᠰᠤ ᠶᠢ ᠠᠪᠤᠷᠠᠵᠤ ᠪᠣᠯᠤᠨ᠎ᠠ᠃ | ᠵᠣᠬᠢᠶᠠᠭᠴᠢ᠄ ᠤᠯᠤᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ | ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ | ᠬᠠᠭᠤᠷᠠᠶ ᠵᠠᠮ ᠤᠨ ᠴᠡᠷᠢᠭ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠰᠢᠨ ᠴᠢᠶᠣᠤ ᠡᠮᠨᠡᠯᠭᠡ ᠶᠢᠨ | ᠬᠤᠷᠢᠶᠠᠨ ᠤ ᠬᠠᠪᠤᠳᠠᠷ ᠤᠨ ᠰᠠᠯᠠᠭᠠᠨ ᠤ ᠡᠷᠬᠢᠯᠡᠭᠴᠢ ᠡᠮᠴᠢ ᠵᠦ᠋ ᠪᠥᠸᠧ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |