ᠰᠢᠩ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/6/3
     6 ᠰᠠᠷ᠎ᠠ ᠶᠢᠨ 3 ᠤ ᠡᠳᠦᠷ᠂ ᠰᠢᠩ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃
     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠵᠢᠴᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠪᠠᠶᠢᠳᠠᠯ ᠪᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠲᠤᠬᠠᠶ ᠶᠢᠨ ᠲᠠᠯᠠᠪᠠᠶ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠃      6 ᠰᠠᠷ᠎ᠠ ᠶᠢᠨ 2 ᠤᠨ ᠡᠳᠦᠷ᠂ ᠰᠢᠩ ᠾᠧ ᠰᠢᠶᠠᠨ ᠲᠥᠪᠯᠡᠷᠡᠭᠦᠯᠦᠨ ᠲᠤᠰᠠᠭᠠᠷᠯᠠᠬᠤ ᠵᠣᠴᠢᠳ ᠤᠨ ᠪᠠᠭᠤᠳᠠᠯ ᠳᠤ ᠲᠤᠬᠠᠶ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢ 1 ᠢᠯᠡᠷᠡᠭᠦᠯᠪᠡ᠂ ᠲᠣᠰ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠪᠣᠯ 6 ᠰᠠᠷ᠎ᠠ ᠶᠢᠨ 1 ᠤ ᠡᠳᠦᠷ ᠰᠢᠩ ᠾᠧ ᠰᠢᠶᠠᠨ ᠤ ᠠᠩᠬᠠᠨ ᠤ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠤ ᠳᠠᠷᠠᠭ᠎ᠠ ᠴᠠᠭ ᠲᠤᠬᠠᠶ ᠳᠤᠨᠢ ᠾᠧᠪᠧᠢ ᠮᠤᠵᠢ ᠶᠢᠨ ᠼᠤᠤ ᠹᠸᠢ ᠳ᠋ᠢᠶᠠᠨ ᠲᠣᠭᠤᠷᠢᠭ ᠤᠨ ᠬᠠᠮᠢᠶᠠᠷᠤᠨ ᠡᠵᠡᠮᠳᠡᠵᠦ ᠪᠠᠶᠢᠭ᠎ᠠ ᠲᠣᠮᠣ ᠠᠴᠢᠶᠠᠨ ᠤ ᠮᠠᠰᠢᠨ ᠤ ᠵᠢᠯᠣᠭᠤᠴᠢ ᠫᠠᠨ ᠣᠪᠣᠭᠲᠤ ᠬᠤᠩ ᠲᠠᠢ ᠨᠢᠭᠲᠠ ᠣᠶᠢᠷᠠᠲᠤᠭᠰᠠᠳ ᠪᠣᠯᠤᠨ᠎ᠠ᠃ ᠣᠳᠣᠬᠠᠨ ᠳᠤ᠂ ᠲᠣᠰ ᠠᠵᠢᠯᠲᠠᠨ ᠢ ᠨᠢᠭᠡᠨᠲᠡ ᠲᠣᠭᠲᠠᠭᠰᠠᠨ ᠲᠤᠰᠠᠭᠠᠷᠯᠠᠭᠰᠠᠨ ᠡᠮᠨᠡᠯᠭᠡ ᠶᠢᠨ ᠬᠤᠷᠢᠶ᠎ᠠ ᠳᠤ ᠪᠢᠲᠡᠭᠦᠮᠵᠢᠯᠡᠨ ᠰᠢᠯᠵᠢᠭᠦᠯᠦᠨ ᠠᠵᠢᠯᠯᠠᠭᠤᠯᠪᠠ᠃      6 ᠰᠠᠷ᠎ᠠ ᠶᠢᠨ 1 ᠤ ᠡᠳᠦᠷ ᠠᠴᠠ ᠨᠠᠰᠢ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠳᠲᠡᠷ ᠲᠦᠷᠭᠡᠨ ᠲᠤᠰᠬᠠᠯ ᠭᠠᠷᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠷᠡ ᠳᠠᠷᠤᠶ ᠳᠤᠨᠢ ᠡᠬᠢᠯᠡᠭᠦᠯᠵᠦ᠂ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠯ᠎ᠡ ᠠᠵᠢᠯ ᠤᠨ ᠳᠤᠭᠤᠶᠢᠯᠠᠩ᠂ ᠲᠤᠰᠬᠠᠶ ᠠᠩᠭᠢ ᠲᠡᠷᠡ ᠳᠠᠷᠤᠶ ᠳᠤᠨᠢ ᠰᠢᠢᠳᠪᠤᠷᠢᠯᠡᠬᠦ ᠠᠵᠢᠯ ᠥᠷᠨᠢᠭᠦᠯᠪᠡ᠃      ᠤᠷᠤᠰᠤᠯ ᠢ ᠲᠣᠬᠢᠷᠠᠭᠤᠯᠬᠤ ᠡᠬᠢ ᠰᠤᠷᠪᠤᠯᠵᠢ ᠶᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ ᠣᠳᠣᠬᠠᠨ ᠳᠤ ᠨᠢᠭᠡᠨᠲᠡ ᠭᠤᠤᠯ ᠮᠡᠳᠡᠭᠡ ᠵᠠᠩᠭᠢ ᠶᠢ ᠰᠢᠯᠵᠢᠭᠦᠯᠦᠨ ᠲᠣᠬᠢᠷᠠᠭᠤᠯᠬᠤ ᠠᠵᠢᠯ ᠢ ᠳᠠᠭᠤᠰᠬᠠᠵᠤ᠂ 6 ᠰᠠᠷ᠎ᠠ ᠶᠢᠨ 3 ᠤ ᠡᠳᠦᠷ ᠤᠨ 9 ᠴᠠᠭ ᠪᠣᠯᠲᠠᠯ᠎ᠠ 76 ᠬᠥᠮᠦᠨ ᠢ ᠨᠢᠭᠲᠠ ᠪᠠᠶᠢᠴᠠᠭᠠᠵᠤ᠂ ᠲᠤᠰᠠᠭᠠᠷᠯᠠᠭᠰᠠᠨ ᠪᠠᠭᠤᠳᠠᠯ ᠳᠤ ᠰᠢᠯᠵᠢᠭᠦᠯᠦᠨ ᠬᠦᠷᠭᠡᠪᠡ᠃      ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠦᠨᠡᠨ ᠬᠦ ᠴᠢᠩᠭᠠᠳᠬᠠᠨ᠎ᠠ᠃ ᠲᠡᠷᠡ ᠳᠠᠷᠤᠶ ᠳᠤᠨᠢ ᠵᠢᠯᠣᠭᠤᠳᠬᠤ ᠭᠠᠵᠠᠷ ᠤᠨ ᠠᠯᠪᠠᠨ ᠵᠠᠷ ᠨᠡᠶᠢᠲᠡᠯᠡᠵᠦ᠂ ︽ᠭᠤᠷᠪᠠᠨ ᠲᠣᠭᠤᠷᠢᠭ︾ ᠢ ᠵᠠᠭᠠᠭᠯᠠᠨ ᠲᠣᠭᠲᠠᠭᠠᠵᠤ᠂ ᠰᠢᠶᠠᠨ ᠤ ᠬᠡᠪᠴᠢᠶᠡᠨ ᠳᠤ ᠲᠣᠭᠲᠠᠩᠭᠤᠶ ᠬᠠᠮᠢᠶᠠᠷᠤᠯᠲᠠ ᠶᠢ ᠬᠡᠷᠡᠭᠵᠢᠭᠦᠯᠵᠦ᠂ ᠴᠢᠬᠤᠯᠠ ᠪᠤᠰᠤ ᠪᠠᠶᠢᠳᠠᠯ ᠳᠤ ᠶᠠᠪᠤᠬᠤ ᠥᠬᠡᠶ᠃ ᠡᠯ᠎ᠡ ᠵᠠᠮ ᠬᠠᠷᠢᠯᠴᠠᠭᠠᠨ ᠤ ᠵᠠᠮ ᠪᠠ ᠬᠤᠲᠠ ᠶᠢᠨ ᠣᠷᠣᠬᠤ ᠡᠭᠦᠳᠡᠨ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠴᠢᠩᠳᠠᠯᠠᠨ᠎ᠠ᠃ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠢ ᠵᠢᠵᠢᠭ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠤᠶᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠥᠷᠨᠢᠭᠦᠯᠵᠦ᠂ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃          ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠡᠬᠢᠯᠡᠭᠦᠯᠦᠨ᠎ᠡ᠃ 6 ᠰᠠᠷ᠎ᠠ ᠶᠢᠨ 2 ᠤᠨ ᠡᠳᠦᠷ ᠤᠨ 7 ᠴᠠᠭ ᠠᠴᠠ ᠡᠬᠢᠯᠡᠨ᠂ ᠨᠢᠭᠡᠳᠦᠭᠡᠷ ᠡᠭᠡᠯᠵᠢ ᠶᠢᠨ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 6 ᠰᠠᠷ᠎ᠠ ᠶᠢᠨ 2 ᠤᠨ ᠡᠳᠦᠷ ᠤᠨ 24 ᠴᠠᠭ ᠪᠣᠯᠲᠠᠯ᠎ᠠ ᠣᠷᠣᠨ ᠪᠦᠰᠡ ᠶᠢᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠳᠠᠭᠤᠰᠬᠠᠵᠤ᠂ ᠨᠢᠭᠡᠨᠲᠡ ᠪᠠᠶᠢᠴᠠᠭᠠᠵᠤ ᠭᠠᠷᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠵᠤ᠂ ᠦᠯᠡᠳᠡᠭᠰᠡᠨ ᠦᠷ᠎ᠡ ᠳ᠋ᠦᠩ ᠢ ᠭᠠᠷᠭᠠᠬᠤ ᠪᠠᠷ ᠪᠣᠶ᠃      ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠤᠰᠠᠭᠠᠷᠯᠠᠬᠤ ᠥᠷᠥᠭᠡ 952 ᠶᠢ ᠨᠢᠭᠡᠨᠲᠡ ᠡᠬᠢᠯᠡᠭᠦᠯᠵᠦ᠂ 24 ᠴᠠᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠢᠶ᠎ᠠ ᠥᠬᠡᠶ ᠬᠥᠮᠦᠰ ᠤᠨ ᠣᠷᠣᠵᠤ ᠭᠠᠷᠬᠤ ᠶᠢ ᠰᠡᠷᠭᠡᠶᠢᠯᠡᠨ᠂ ᠲᠤᠰᠠᠭᠠᠷᠯᠠᠬᠤ ᠲᠠᠯᠠᠪᠤᠷ ᠤᠨ ᠠᠮᠤᠷ ᠲᠦᠪᠰᠢᠨ ᠢ ᠪᠠᠲᠤᠯᠠᠵᠤ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠡᠷᠬᠢᠨ ᠲᠣᠭᠤᠷᠢᠨ ᠤ ᠪᠣᠬᠢᠷᠲᠤᠯ ᠢ ᠴᠢᠩᠭ᠎ᠠ ᠰᠡᠷᠭᠡᠶᠢᠯᠡᠪᠡ᠃      ᠵᠠᠬ᠎ᠠ ᠳᠡᠯᠭᠡᠭᠦᠷ ᠤᠨ ᠡᠳ᠋ ᠪᠣᠳᠠᠰ ᠤᠨ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠶ᠃ ᠪᠥᠬᠦ ᠰᠢᠶᠠᠨ ᠤ ᠡᠮᠴᠢᠯᠡᠭᠡᠨ ᠤ ᠡᠳ᠋ ᠪᠣᠳᠠᠰ ᠬᠠᠷᠢᠴᠠᠩᠭᠤᠶ ᠪᠠᠷ ᠡᠯᠪᠡᠭ ᠪᠠᠶᠢᠵᠤ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠠᠷᠢᠭᠤᠳᠬᠠᠬᠤ ᠬᠡᠷᠡᠭᠰᠡᠯ ᠤᠨ ᠨᠥᠭᠡᠴᠡ ᠶᠢᠨ ᠬᠡᠮᠵᠢᠶ᠎ᠡ ᠨᠢ ᠰᠢᠩ ᠾᠧ ᠰᠢᠶᠠᠨ ᠤ 15 ᠡᠳᠦᠷ ᠤᠨ ᠬᠡᠷᠡᠭᠴᠡᠭᠡ ᠶᠢ ᠬᠠᠩᠭᠠᠵᠤ᠂ ᠪᠤᠰᠤᠳ ᠰᠡᠷᠭᠡᠶᠢᠯᠡᠨ ᠬᠠᠮᠠᠭᠠᠯᠠᠬᠤ ᠡᠮ ᠤᠨ ᠵᠤᠶᠢᠯ ᠪᠠ ᠡᠯ᠎ᠡ ᠲᠥᠷᠥᠯ ᠤᠨ ᠡᠮ ᠤᠨ ᠵᠤᠶᠢᠯ ᠨᠢ ᠡᠳᠦᠷ ᠲᠤᠲᠤᠮ ᠤᠨ ᠬᠠᠩᠭᠠᠯᠭ᠎ᠠ ᠶᠢ ᠬᠠᠩᠭᠠᠵᠤ ᠪᠣᠯᠤᠨ᠎ᠠ︔ ᠠᠮᠢᠳᠤᠷᠠᠯ ᠤᠨ ᠡᠳ᠋ ᠪᠣᠳᠠᠰ ᠤᠨ ᠨᠥᠭᠡᠴᠡ ᠭᠦᠢᠴᠡᠳ ᠪᠠᠶᠢᠵᠤ᠂ ᠠᠮᠤ ᠪᠤᠳᠠᠭ᠎ᠠ ᠲᠤᠰᠤ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠥᠮᠥᠷᠭᠡ ᠶᠢᠨ ᠬᠠᠳᠠᠭᠠᠯᠠᠯᠲᠠ ᠭᠦᠢᠴᠡᠳ ᠪᠠᠶᠢᠵᠤ᠂ ᠤᠯᠠᠨ ᠲᠦᠮᠡᠨ ᠤ ᠡᠳᠦᠷ ᠲᠤᠳᠤᠮ ᠤᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠬᠤ ᠪᠣᠯᠬᠤᠷ ᠬᠤᠳᠠ ᠶᠢᠨ ᠠᠷᠠᠳ ᠠᠶᠤᠵᠤ ᠰᠠᠨᠳᠤᠷᠬᠤ ᠬᠡᠷᠡᠭ ᠦᠭᠡᠢ ᠶᠤᠮ᠃ ᠪᠠᠷᠠᠭ᠎ᠠ ᠶᠢᠨ ᠲᠡᠭᠡᠭᠡᠪᠦᠷᠢ ᠶᠢᠨ ᠪᠠᠷᠠᠭ᠎ᠠ ᠶᠢᠨ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠠᠢ᠂ ᠲᠡᠭᠡᠭᠡᠪᠦᠷᠢ ᠶᠢᠨ ᠬᠦᠴᠦᠨ ᠤ ᠰᠠᠭᠠᠳ ᠦᠭᠡᠢ ᠪᠥᠭᠡᠳ ᠡᠮᠬᠢ ᠵᠢᠷᠤᠮ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠢᠭᠡᠨᠲᠡ ᠬᠠᠩᠭᠠᠯᠭ᠎ᠠ ᠶᠢᠨ ᠲᠡᠷᠭᠡ ᠬᠥᠰᠬᠡ ᠳᠤ ᠰᠠᠭᠠᠳ ᠦᠭᠡᠢ ᠨᠡᠪᠲᠡᠷᠡᠬᠦ ᠦᠨᠡᠮᠯᠡᠯ ᠣᠯᠭᠤᠵᠤ᠂ ᠲᠤᠬᠢᠷᠠᠭᠤᠯᠤᠨ ᠬᠦᠷᠭᠡᠬᠦ ᠵᠠᠮ ᠢ ᠰᠠᠭᠠᠳ ᠦᠭᠡᠢ ᠨᠡᠪᠲᠡᠷᠡᠭᠦᠯᠪᠡ᠃      ᠲᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠪᠥᠬᠦ ᠰᠢᠶᠠᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠪᠠᠷ ᠲᠡᠷᠢᠭᠦᠨ ᠴᠢᠬᠤᠯᠠ ᠬᠠᠷᠠᠯᠲᠠ ᠪᠣᠯᠭᠠᠵᠤ᠂ ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠯᠲᠡ ᠶᠢᠨ ᠣᠷᠣᠨ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠣᠯᠠᠨ ᠲᠦᠮᠡᠨ ᠤ ᠬᠡᠪ ᠤᠨ ᠠᠮᠢᠳᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠬᠤᠷᠠᠯ ᠡᠷᠬᠢᠯᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3