ᠰᠢᠩ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/6/4
     6 ᠰᠠᠷ᠎ᠠ ᠶᠢᠨ 4᠎ ᠤ ᠡᠳᠦᠷ᠂ ᠰᠢᠩ ᠾᠧ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃
     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠵᠢᠴᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠪᠠᠶᠢᠳᠠᠯ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠪᠡᠯᠡᠳᠬᠡᠯ ᠤᠨ ᠪᠠᠶᠢᠳᠠᠯ ᠢ ᠮᠡᠳᠡᠭᠳᠡᠪᠡ᠃      6 ᠰᠠᠷ᠎ᠠ ᠶᠢᠨ 3᠎ ᠤ ᠡᠳᠦᠷ ᠤᠨ 0 ᠴᠠᠭ 24 ᠴᠠᠭ ᠪᠣᠯᠲᠠᠯ᠎ᠠ᠂ ᠰᠢᠩ ᠾᠧ ᠰᠢᠶᠠᠨ ᠳᠤ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 1 ᠰᠢᠨ᠎ᠡ ᠪᠠᠷ ᠨᠡᠮᠡᠭᠳᠡᠪᠡ᠂ ᠡᠨᠡ ᠨᠢ 6 ᠰᠠᠷ᠎ᠠ ᠶᠢᠨ 3᠎ ᠤ ᠡᠳᠦᠷ ᠬᠠᠮᠢᠶᠠᠷᠤᠨ ᠡᠵᠡᠮᠳᠡᠬᠦ ᠲᠣᠭᠤᠷᠢᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠩᠬᠠᠨ ᠤ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠬᠥᠮᠦᠰ ᠪᠣᠯᠤᠨ᠎ᠠ᠂ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠭᠠᠳ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢᠶᠠᠷ ᠣᠨᠣᠰᠢᠯᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠦᠷᠭᠦᠯᠵᠢᠯᠡᠨ ᠠᠬᠢᠭᠤᠯᠤᠨ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠠᠷᠠᠭᠠᠴᠢ ᠶᠢᠨ ᠠᠯᠬᠤᠮ ᠳᠤ ᠰᠢᠩ ᠾᠧ ᠰᠢᠶᠠᠨ ᠳᠤᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄      ᠤᠷᠤᠰᠬᠠᠯ ᠳᠤ ᠪᠠᠶᠢᠴᠠᠭᠠᠯᠲᠠ ᠬᠢᠬᠦ ᠶᠢ ᠦᠷᠭᠦᠯᠵᠢᠯᠡᠨ ᠥᠷᠨᠢᠭᠦᠯᠦᠨ᠎ᠡ᠃ ᠭᠤᠤᠯᠯᠠᠬᠤ ᠮᠡᠳᠡᠭᠡ ᠵᠠᠩᠭᠢ ᠶᠢ ᠰᠢᠯᠵᠢᠭᠦᠯᠦᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ 6 ᠰᠠᠷ᠎ᠠ ᠶᠢᠨ 4᠎ ᠤ ᠡᠳᠦᠷ ᠤᠨ 11 ᠴᠠᠭ ᠪᠣᠯᠲᠠᠯ᠎ᠠ ᠨᠢᠭᠡᠨᠲᠡ 36 ᠨᠢᠭᠲᠠ ᠣᠶᠢᠷᠠᠲᠤᠭᠰᠠᠳ ᠢ ᠪᠠᠶᠢᠴᠠᠭᠠᠨ ᠭᠠᠷᠭᠠᠵᠤ᠂ ᠴᠥᠮ ᠲᠤᠰᠠᠭᠠᠷᠯᠠᠭᠰᠠᠨ ᠪᠠᠭᠤᠳᠠᠯ ᠳᠤ ᠰᠢᠯᠵᠢᠭᠦᠯᠪᠡ᠃      ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠦᠷᠭᠦᠯᠵᠢᠯᠡᠨ ᠰᠠᠶᠢᠲᠤᠷ ᠬᠢᠨ᠎ᠡ᠃ 6 ᠰᠠᠷ᠎ᠠ ᠶᠢᠨ 4᠎ ᠤ ᠡᠳᠦᠷ ᠤᠨ 7 ᠴᠠᠭ ᠲᠤ᠂ ᠰᠢᠨ᠎ᠡ ᠨᠢᠭᠡ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠡᠬᠢᠯᠡᠭᠦᠯᠦᠨ᠎ᠡ᠃      ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠰᠢᠩ ᠾᠧ ᠰᠢᠶᠠᠨ ᠳᠤ ᠡᠨᠡ ᠵᠢᠯ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠣᠷᠣᠭᠴᠢ ᠨᠡᠶᠢᠲᠡ 1755 ᠪᠠᠶᠢᠵᠤ᠂ ᠰᠢᠯᠭᠠᠯᠲᠠ ᠶᠢᠨ ᠲᠠᠯᠠᠪᠠᠶ 67 ᠪᠠᠶᠢᠨ᠎ᠠ᠂ ᠡᠭᠦᠨ ᠳᠤ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ 60 ᠪᠠᠶᠢᠵᠤ᠂ ᠲᠤᠰᠠᠭᠠᠷᠯᠠᠬᠤ ᠳᠤ ᠪᠡᠯᠡᠳᠬᠡᠭᠰᠡᠨ ᠰᠢᠯᠭᠠᠯᠲᠠ ᠶᠢᠨ ᠲᠠᠯᠠᠪᠠᠶ 7 ᠪᠠᠶᠢᠨ᠎ᠠ᠃ ᠡᠭᠦᠨ ᠤ ᠬᠠᠮᠲᠤ᠂ ᠰᠢᠯᠭᠠᠭᠤᠯᠤᠭᠴᠢ ᠨᠢᠭᠡᠪᠦᠷᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠤᠷᠤᠭᠰᠢᠲᠠᠶ ᠣᠷᠣᠯᠴᠠᠬᠤ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠮᠨᠡᠯᠭᠡ ᠶᠢᠨ ᠬᠤᠷᠢᠶᠠᠨ ᠤ ᠰᠢᠯᠭᠠᠯᠲᠠ ᠶᠢᠨ ᠲᠠᠯᠠᠪᠤᠷ᠂ ᠲᠤᠰᠠᠭᠠᠷᠯᠠᠬᠤ ᠪᠠᠭᠤᠳᠠᠯ ᠤᠨ ᠰᠢᠯᠭᠠᠯᠲᠠ ᠶᠢᠨ ᠲᠠᠯᠠᠪᠤᠷ ᠪᠠ ᠢᠦᠶ ᠼᠠᠢ ᠪᠠᠭ᠎ᠠ ᠰᠤᠷᠭᠠᠭᠤᠯᠢ ᠶᠢᠨ ᠰᠢᠯᠭᠠᠯᠲᠠ ᠶᠢᠨ ᠴᠡᠭ ᠢ ᠨᠠᠮᠠᠨ ᠪᠠᠶᠢᠭᠤᠯᠵᠤ᠂ 258 ᠬᠢᠨᠠᠨ ᠰᠢᠯᠭᠠᠭᠴᠢ᠂ 115 ᠠᠵᠢᠯᠲᠠᠨ ᠰᠣᠩᠭᠤᠨ ᠰᠢᠯᠵᠢᠭᠦᠯᠪᠡ᠃ ᠣᠳᠣᠬᠠᠨ ᠳᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠯ᠎ᠡ ᠵᠤᠶᠢᠯ ᠤᠨ ᠪᠡᠯᠡᠳᠬᠡᠯ ᠠᠵᠢᠯ ᠨᠢᠭᠡᠨᠲᠡ ᠪᠡᠯᠡᠬᠡᠨ ᠪᠣᠯᠪᠠ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3