7 ᠰᠠᠷ᠎ᠠ ᠶᠢᠨ 18 ᠤ ᠡᠳᠦᠷ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠮᠢ | ᠠᠬᠤᠶ ᠶᠢᠨ ᠵᠤᠷᠭᠠᠨ ᠤ ᠳᠡᠳ᠋ ᠳᠠᠷᠤᠭ᠎ᠠ ᠬᠤᠸᠠᠩ ᠵᠧᠩ ᠴᠢᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ | ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠧᠦ ᠪᠥᠸᠧ ᠵᠢᠶᠦ᠋ᠨ᠂ ᠤᠯᠠᠭᠠᠨᠴᠠᠪ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠩ ᠵᠢᠶᠠᠨ ᠨᠠᠷ ᠮᠠᠨ ᠤ ᠰᠢᠶᠠᠨ ᠳᠤ ᠬᠦᠷᠴᠦ᠂ ᠴᠠᠭᠠᠨ | ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ ᠣᠶ ᠰᠢᠭᠤᠶ ᠶᠢ ᠵᠠᠰᠠᠨ ᠰᠡᠷᠭᠦᠭᠡᠬᠦ ᠠᠵᠢᠯ ᠤᠨ ᠲᠤᠬᠠᠶ ᠪᠠᠶᠢᠴᠠᠭᠠᠨ | ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠯᠢ ᠺᠠᠶ ᠳ᠋ᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠥᠩ ᠰᠢᠤ ᠯᠦᠩ ᠪᠠᠶᠢᠴᠠᠭᠠᠨ | ᠰᠤᠳᠤᠯᠤᠯᠲᠠ ᠳᠤ ᠣᠷᠣᠯᠴᠠᠵᠠᠶ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠠᠶᠢᠬᠤᠰᠤ ᠪᠠᠯᠭᠠᠰᠤ᠂ ᠡᠦ ᠭᠦ᠋ | ᠴᠢᠤᠸᠠᠨ ᠰᠢᠶᠠᠩ ᠳᠤ ᠭᠦᠨᠵᠡᠭᠡᠶᠢᠷᠡᠨ ᠮᠠᠨ ᠤ ᠰᠢᠶᠠᠨ ᠤ ︽ᠴᠠᠭᠠᠨ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ | ᠤᠢ ᠶᠢ ᠵᠠᠰᠠᠨ ᠰᠡᠷᠭᠦᠭᠡᠬᠦ ᠲᠦᠷᠦᠯ ᠵᠦᠢᠯ︾ ᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃ ᠪᠠᠶᠢᠴᠠᠭᠠᠨ | ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠮᠠᠭᠤᠳᠠᠭᠰᠠᠨ ᠣᠶ ᠰᠢᠭᠤᠶ ︵ᠡᠪᠡᠰᠦ︶ ᠶᠢ ᠵᠠᠰᠠᠨ | ᠰᠡᠷᠭᠦᠭᠡᠬᠦ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ︾ ᠶᠢᠨ | ᠴᠢᠬᠤᠯᠠ ᠡᠭᠦᠷᠭᠡ ᠪᠣᠯᠤᠨ᠎ᠠ᠂ ᠰᠢᠩ ᠾᠧ ᠰᠢᠶᠠᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠪᠣᠯᠤᠨ ᠴᠠᠭᠠᠨ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠲᠤᠬᠠᠢ ᠴᠢᠬᠤᠯᠠ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠶ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠰᠠᠪᠠ ᠭᠠᠵᠠᠷ ᠤᠨ ᠳᠣᠲᠣᠷᠠᠬᠢ ᠬᠡᠳᠦ ᠪᠣᠯᠪᠠᠰᠤᠷᠠᠭᠰᠠᠨ ᠤᠢ᠂ ᠵᠡᠷᠡᠮᠳᠡᠭ ᠤᠢ ᠶᠢ ᠵᠠᠰᠠᠨ ᠰᠡᠷᠭᠦᠭᠡᠬᠦ ᠪᠠ | ᠥᠭᠡᠷᠡᠴᠢᠯᠡᠵᠦ᠂ ᠰᠠᠪᠠ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠠᠯᠬᠤᠮ ᠠᠯᠬᠤᠮ ᠢᠶᠠᠷ | ᠰᠡᠷᠭᠦᠭᠡᠵᠦ᠂ ᠪᠡᠭᠡᠵᠢᠩ ᠲᠢᠶᠠᠨᠵᠢᠨ ᠾᠤᠪᠸᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ | | ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠴᠠᠭᠠᠨ ᠨᠠᠭᠤᠷ ᠤᠨ ᠰᠠᠪᠠ ᠭᠠᠵᠠᠷ ᠤᠨ | ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠠᠯᠢ ᠶᠢᠨ ᠤᠢ | ᠰᠢᠭᠤᠢ ᠶᠢᠨ ᠦᠢᠯᠡᠰ ᠢ ᠢᠳᠡᠪᠬᠢᠲᠡᠢ ᠪᠤᠶᠢᠵᠢᠭᠤᠯᠵᠤ᠂ ︽ᠴᠠᠷ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ | ᠤᠢ ᠶᠢ ᠵᠠᠰᠠᠨ ᠰᠡᠷᠭᠦᠭᠡᠬᠦ ᠲᠦᠷᠦᠯ ᠵᠦᠢᠯ︾ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠪᠠᠭ᠋ᠠᠶᠢᠷᠠᠵᠤ | ᠦᠬᠦᠭᠰᠡᠨ ᠮᠣᠳᠣ᠂ ᠬᠠᠪᠲᠠᠭᠠᠶ ᠦᠵᠦᠭᠦᠷᠲᠦ ᠮᠣᠳᠣ ᠵᠡᠷᠭᠡ ᠳᠤ ᠲᠣᠬᠤᠨᠢᠭᠤᠯᠤᠨ ᠵᠠᠰᠠᠬᠤ ᠬᠠᠮᠢᠶᠠᠷᠤᠯᠲᠠ | ᠶᠠᠪᠤᠭᠤᠯᠵᠤ᠂ ᠲᠦᠷᠦᠯ ᠵᠦᠢᠯ ᠤᠨ ᠶᠡᠷᠦᠩᠬᠡᠢ ᠡᠭᠦᠷᠭᠡ 1.25 ᠲᠦᠮᠡᠨ ᠮᠦ ᠳᠤ ᠬᠦᠷᠴᠦ᠂ 2021 ᠣᠨ ᠳᠤ 0. | 55 ᠲᠦᠮᠡᠨ ᠮᠦ ᠶᠢ ᠪᠡᠶᠡᠯᠡᠭᠦᠯᠵᠦ᠂ 2022 ᠣᠨ ᠤ 0.2 ᠲᠦᠮᠡᠨ ᠮᠦ ᠶᠢᠨ ᠡᠭᠦᠷᠭᠡ ᠶᠢ 4 ᠰᠠᠷ᠎ᠠ ᠶᠢᠨ | ᠰᠡᠭᠦᠯᠴᠢ ᠪᠠᠷ ᠪᠡᠶᠡᠯᠡᠭᠦᠯᠪᠡ᠃ | ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠡ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |