ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠰᠢᠩ ᠾᠧ ᠰᠢᠶᠠᠨ ᠤ ᠴᠠᠭᠠᠨ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ ᠣᠶ ᠰᠢᠭᠤᠶ ᠶᠢ ᠵᠠᠰᠠᠨ ᠰᠡᠷᠭᠦᠭᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/7/19
     7 ᠰᠠᠷ᠎ᠠ ᠶᠢᠨ 18 ᠤ ᠡᠳᠦᠷ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠮᠢ ᠠᠬᠤᠶ ᠶᠢᠨ ᠵᠤᠷᠭᠠᠨ ᠤ ᠳᠡᠳ᠋ ᠳᠠᠷᠤᠭ᠎ᠠ ᠬᠤᠸᠠᠩ ᠵᠧᠩ ᠴᠢᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠧᠦ ᠪᠥᠸᠧ ᠵᠢᠶᠦ᠋ᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠩ ᠵᠢᠶᠠᠨ ᠨᠠᠷ ᠮᠠᠨ ᠤ ᠰᠢᠶᠠᠨ ᠳᠤ ᠬᠦᠷᠴᠦ᠂ ᠴᠠᠭᠠᠨ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ ᠣᠶ ᠰᠢᠭᠤᠶ ᠶᠢ ᠵᠠᠰᠠᠨ ᠰᠡᠷᠭᠦᠭᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠥᠩ ᠰᠢᠤ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠠᠶᠢᠬᠤᠰᠤ ᠪᠠᠯᠭᠠᠰᠤ᠂ ᠡᠦ ᠭᠦ᠋ ᠴᠢᠤᠸᠠᠨ ᠰᠢᠶᠠᠩ ᠳᠤ ᠭᠦᠨᠵᠡᠭᠡᠶᠢᠷᠡᠨ ᠮᠠᠨ ᠤ ᠰᠢᠶᠠᠨ ᠤ ︽ᠴᠠᠭᠠᠨ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠲᠦᠷᠦᠯ ᠵᠦᠢᠯ︾ ᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠮᠠᠭᠤᠳᠠᠭᠰᠠᠨ ᠣᠶ ᠰᠢᠭᠤᠶ ︵ᠡᠪᠡᠰᠦ︶ ᠶᠢ ᠵᠠᠰᠠᠨ ᠰᠡᠷᠭᠦᠭᠡᠬᠦ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ︾ ᠶᠢᠨ ᠴᠢᠬᠤᠯᠠ ᠡᠭᠦᠷᠭᠡ ᠪᠣᠯᠤᠨ᠎ᠠ᠂ ᠰᠢᠩ ᠾᠧ ᠰᠢᠶᠠᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠴᠠᠭᠠᠨ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠪᠠ ᠭᠠᠵᠠᠷ ᠤᠨ ᠳᠣᠲᠣᠷᠠᠬᠢ ᠬᠡᠳᠦ ᠪᠣᠯᠪᠠᠰᠤᠷᠠᠭᠰᠠᠨ ᠤᠢ᠂ ᠵᠡᠷᠡᠮᠳᠡᠭ ᠤᠢ ᠶᠢ ᠵᠠᠰᠠᠨ ᠰᠡᠷᠭᠦᠭᠡᠬᠦ ᠪᠠ ᠥᠭᠡᠷᠡᠴᠢᠯᠡᠵᠦ᠂ ᠰᠠᠪᠠ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠵᠦ᠂ ᠪᠡᠭᠡᠵᠢᠩ ᠲᠢᠶᠠᠨᠵᠢᠨ ᠾᠤᠪᠸᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃      ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠬᠢᠨ ᠴᠠᠭᠠᠨ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠠᠯᠢ ᠶᠢᠨ ᠤᠢ ᠰᠢᠭᠤᠢ ᠶᠢᠨ ᠦᠢᠯᠡᠰ ᠢ ᠢᠳᠡᠪᠬᠢᠲᠡᠢ ᠪᠤᠶᠢᠵᠢᠭᠤᠯᠵᠤ᠂ ︽ᠴᠠᠷ ᠨᠠᠭᠤᠷ ᠤᠨ ᠰᠠᠪᠠ ᠭᠠᠵᠠᠷ ᠤᠨ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠲᠦᠷᠦᠯ ᠵᠦᠢᠯ︾ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠪᠠᠭ᠋ᠠᠶᠢᠷᠠᠵᠤ ᠦᠬᠦᠭᠰᠡᠨ ᠮᠣᠳᠣ᠂ ᠬᠠᠪᠲᠠᠭᠠᠶ ᠦᠵᠦᠭᠦᠷᠲᠦ ᠮᠣᠳᠣ ᠵᠡᠷᠭᠡ ᠳᠤ ᠲᠣᠬᠤᠨᠢᠭᠤᠯᠤᠨ ᠵᠠᠰᠠᠬᠤ ᠬᠠᠮᠢᠶᠠᠷᠤᠯᠲᠠ ᠶᠠᠪᠤᠭᠤᠯᠵᠤ᠂ ᠲᠦᠷᠦᠯ ᠵᠦᠢᠯ ᠤᠨ ᠶᠡᠷᠦᠩᠬᠡᠢ ᠡᠭᠦᠷᠭᠡ 1.25 ᠲᠦᠮᠡᠨ ᠮᠦ ᠳᠤ ᠬᠦᠷᠴᠦ᠂ 2021 ᠣᠨ ᠳᠤ 0.55 ᠲᠦᠮᠡᠨ ᠮᠦ ᠶᠢ ᠪᠡᠶᠡᠯᠡᠭᠦᠯᠵᠦ᠂ 2022 ᠣᠨ ᠤ 0.2 ᠲᠦᠮᠡᠨ ᠮᠦ ᠶᠢᠨ ᠡᠭᠦᠷᠭᠡ ᠶᠢ 4 ᠰᠠᠷ᠎ᠠ ᠶᠢᠨ ᠰᠡᠭᠦᠯᠴᠢ ᠪᠠᠷ ᠪᠡᠶᠡᠯᠡᠭᠦᠯᠪᠡ᠃      ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠡ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3