ᠮᠠᠨ ᠤ ᠰᠢᠶᠠᠨ ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠵᠦ ᠰᠣᠶᠣᠯ ᠢᠶᠠᠷ ᠠᠷᠠᠳ ᠲᠤ ᠠᠰᠢᠭ ᠬᠦᠷᠲᠡᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/7/20
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ 7 ᠳ᠋ᠤᠭᠠᠷ ᠰᠠᠷ᠎ᠠ ᠶᠢᠨ 20᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠥᠷᠨᠢᠭᠦᠯᠦᠭᠰᠡᠨ 2022 ᠣᠨ ᠤ ᠰᠢ ᠵᠦᠴᠦᠭᠡ ᠶᠢᠨ ᠬᠥᠳᠡᠭᠡ ᠲᠣᠰᠬᠤᠨ ᠳᠤ ᠣᠷᠣᠵᠤ ᠠᠷᠠᠳ ᠲᠤ ᠠᠰᠢᠭ ᠬᠦᠷᠲᠡᠭᠡᠬᠦ ᠵᠢᠱᠢᠶ᠎ᠡ ᠦᠵᠡᠭᠦᠯᠬᠦ ᠴᠢᠨᠠᠷᠲᠠᠶ ᠲᠣᠭᠯᠠᠯᠲᠠ ᠨᠢ ᠰᠢᠩ ᠾᠧ ᠰᠢᠶᠠᠨ ᠳᠤ ᠬᠦᠷᠴᠦ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠲᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃      ᠠᠵᠢᠯᠯᠠᠭ᠎ᠠ ᠨᠢ ᠣᠯᠠᠨ ᠲᠦᠮᠡᠨ ᠤ ᠬᠦᠰᠡᠯ ᠨᠠᠶᠢᠳᠠᠯᠭ᠎ᠠ ᠳᠤᠮᠳᠠ ᠲᠣᠭᠲᠠᠭᠰᠠᠨ ᠴᠠᠭ ᠲᠠᠭᠠᠨ ᠬᠠᠷᠠᠩᠭ᠎ᠠ ᠳᠡᠯᠡᠳᠦᠨ ᠡᠬᠢᠯᠡᠵᠦ᠂ ᠠᠯᠢ ᠤᠯᠠᠨ ᠭᠤᠶᠢᠳᠠ ᠰᠠᠶᠢᠬᠠᠨ ᠲᠣᠭᠯᠠᠯᠲᠠ ᠨᠢ ᠤᠯᠠᠨ ᠲᠦᠮᠡᠨ ᠳᠤ ᠡᠯᠪᠡᠭ ᠪᠠᠶᠠᠯᠢᠭ ︽ᠰᠣᠶᠣᠯ ᠤᠨ ᠲᠠᠩᠰᠤᠭ ᠬᠤᠭᠤᠯᠠ︾᠂ ︽ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾᠂ ᠴᠠᠷᠭᠢᠯ ᠬᠤᠯᠪᠣᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾᠂ ᠡᠯ ᠷᠧᠨ ᠲᠠᠢ ᠶᠢᠨ ︽ᠵᠣᠭᠤᠰ ᠮᠥᠩᠭᠦ ᠴᠤᠭᠯᠠᠭᠤᠯᠤᠶ᠎ᠠ︾ ᠵᠡᠷᠭᠡ ᠲᠣᠭᠯᠠᠯᠲᠠ ᠶᠢ ᠬᠦᠷᠭᠡᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠡᠬᠡᠯᠡᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠳᠤ ᠨᠡᠶᠢᠴᠡᠵᠦ᠂ ᠤᠯᠠᠨ ᠲᠦᠮᠡᠨ ᠲᠠᠢ ᠤᠢᠢᠷᠠᠳᠤᠭᠰᠠᠨ ᠪᠠᠶᠢᠨ᠎ᠠ᠂ ᠭᠤᠶᠢᠳᠠ ᠰᠠᠶᠢᠬᠠᠨ ᠲᠣᠭᠯᠠᠯᠲᠠ ᠨᠢ ᠤᠯᠠᠨ ᠲᠦᠮᠡᠨ ᠤ ᠬᠠᠯᠠᠭᠤᠨ ᠠᠯᠠᠭ᠎ᠠ ᠲᠠᠰᠢᠯᠳᠠ ᠶᠢ ᠪᠠᠶᠢᠨ ᠪᠠᠶᠢᠨ ᠣᠯᠵᠤ ᠪᠠᠶᠢᠨ᠎ᠠ᠃      ᠣᠶᠢᠯᠠᠭᠠᠭᠰᠠᠨ ᠢᠶᠠᠷ᠂ 2022 ᠣᠨ ᠳᠤ ᠪᠦᠬᠦ ᠣᠷᠣᠨ ᠤ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠵᠢᠱᠢᠶ᠎ᠡ ᠦᠵᠡᠭᠦᠯᠬᠦ ᠴᠢᠨᠠᠷᠲᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠰᠢᠩ ᠡᡁᠧ ᠰᠢᠶᠠᠨ ᠳᠤ ᠨᠡᠶᠢᠳᠡ 16 ᠲᠠᠯᠠᠪᠠᠢ ᠲᠣᠭᠯᠠᠵᠤ᠂ ᠲᠣᠰᠬᠤᠨ ᠤ ᠠᠷᠠᠳ ᠲᠤ ᠭᠤᠶᠢᠳᠠ ᠰᠠᠶᠢᠬᠠᠨ ᠰᠣᠶᠣᠯ ᠤᠨ ᠬᠤᠭᠤᠯᠠ ᠶᠢ ᠡᠳ᠋ᠯᠡᠭᠦᠯᠵᠡᠢ᠃ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠵᠢᠱᠢᠶ᠎ᠡ ᠦᠵᠡᠭᠦᠯᠬᠦ ᠴᠢᠨᠠᠷᠲᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠵᠠᠰᠠᠭ ᠤᠨ ᠣᠷᠳᠣᠨ ᠤ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠶᠢ ᠠᠬᠢᠭᠤᠯᠬᠤ᠂ ᠠᠷᠠᠳ ᠠᠴᠠ ᠡᠵᠡᠩᠨᠡᠭᠰᠡᠨ ᠵᠦᠴᠦᠭᠡ ᠶᠢᠨ ᠪᠦᠯᠬᠦᠮ ᠤᠨ ᠬᠥᠭᠵᠢᠯᠲᠡ ᠶᠢ ᠳᠡᠮᠵᠢᠬᠦ᠂ ᠣᠷᠣᠨ ᠨᠤᠲᠤᠭ ᠤᠨ ᠠᠷᠠᠳ ᠠᠴᠠ ᠡᠵᠡᠩᠨᠡᠭᠰᠡᠨ ᠵᠦᠴᠦᠭᠡ ᠶᠢᠨ ᠪᠦᠯᠬᠦᠮ ᠤᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢ ᠠᠬᠢᠭᠤᠯᠬᠤ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠳᠤ ᠢᠳᠡᠪᠬᠢᠲᠡᠢ ᠦᠢᠯᠡᠳᠦᠯ ᠲᠠᠢ ᠶᠤᠮ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3