ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ | ᠪᠠᠲᠤᠳᠬᠠᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ | ᠪᠣᠯᠤᠨ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ 7 ᠳ᠋ᠤᠭᠠᠷ | ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠥᠷᠨᠢᠭᠦᠯᠦᠭᠰᠡᠨ 2022 ᠣᠨ ᠤ ᠰᠢ ᠵᠦᠴᠦᠭᠡ ᠶᠢᠨ ᠬᠥᠳᠡᠭᠡ ᠲᠣᠰᠬᠤᠨ ᠳᠤ ᠣᠷᠣᠵᠤ ᠠᠷᠠᠳ ᠲᠤ ᠠᠰᠢᠭ | ᠬᠦᠷᠲᠡᠭᠡᠬᠦ ᠵᠢᠱᠢᠶ᠎ᠡ ᠦᠵᠡᠭᠦᠯᠬᠦ ᠴᠢᠨᠠᠷᠲᠠᠶ ᠲᠣᠭᠯᠠᠯᠲᠠ ᠨᠢ ᠰᠢᠩ ᠾᠧ ᠰᠢᠶᠠᠨ ᠳᠤ ᠬᠦᠷᠴᠦ ᠲᠤᠬᠠᠶ ᠶᠢᠨ | ᠭᠠᠵᠠᠷ ᠤᠨ ᠲᠣᠰᠬᠤᠨ ᠤ ᠠᠷᠠᠳ ᠲᠤ ᠨᠢᠭᠡ ᠤᠳᠠᠭᠠᠨ ᠤ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ | ᠪᠠᠶᠢᠨ᠎ᠠ᠃ | ᠠᠵᠢᠯᠯᠠᠭ᠎ᠠ ᠨᠢ ᠣᠯᠠᠨ ᠲᠦᠮᠡᠨ ᠤ ᠬᠦᠰᠡᠯ ᠨᠠᠶᠢᠳᠠᠯᠭ᠎ᠠ ᠳᠤᠮᠳᠠ ᠲᠣᠭᠲᠠᠭᠰᠠᠨ ᠴᠠᠭ ᠲᠠᠭᠠᠨ ᠬᠠᠷᠠᠩᠭ᠎ᠠ | ᠳᠡᠯᠡᠳᠦᠨ ᠡᠬᠢᠯᠡᠵᠦ᠂ ᠠᠯᠢ ᠤᠯᠠᠨ ᠭᠤᠶᠢᠳᠠ ᠰᠠᠶᠢᠬᠠᠨ ᠲᠣᠭᠯᠠᠯᠲᠠ ᠨᠢ ᠤᠯᠠᠨ ᠲᠦᠮᠡᠨ ᠳᠤ ᠡᠯᠪᠡᠭ ᠪᠠᠶᠠᠯᠢᠭ ︽ | ᠰᠣᠶᠣᠯ ᠤᠨ ᠲᠠᠩᠰᠤᠭ ᠬᠤᠭᠤᠯᠠ︾᠂ ︽ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾᠂ ᠴᠠᠷᠭᠢᠯ | ᠬᠤᠯᠪᠣᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾᠂ ᠡᠯ ᠷᠧᠨ ᠲᠠᠢ ᠶᠢᠨ ︽ᠵᠣᠭᠤᠰ | ᠮᠥᠩᠭᠦ ᠴᠤᠭᠯᠠᠭᠤᠯᠤᠶ᠎ᠠ︾ ᠵᠡᠷᠭᠡ ᠲᠣᠭᠯᠠᠯᠲᠠ ᠶᠢ ᠬᠦᠷᠭᠡᠵᠦ᠂ ᠨᠠᠮ ᠤᠨ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠤᠳᠤᠯᠭ᠎ᠠ ᠶᠢ ᠤᠬᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠡᠬᠡᠯᠡᠯ ᠢ ᠰᠡᠷᠭᠡᠶᠢᠯᠡᠬᠦ ᠵᠡᠷᠭᠡ ᠠᠮᠤᠷ | ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ | ᠠᠷᠠᠳ ᠤᠨ ᠰᠡᠳᠬᠢᠯ ᠳᠤ ᠨᠡᠶᠢᠴᠡᠵᠦ᠂ ᠤᠯᠠᠨ ᠲᠦᠮᠡᠨ ᠲᠠᠢ ᠤᠢᠢᠷᠠᠳᠤᠭᠰᠠᠨ ᠪᠠᠶᠢᠨ᠎ᠠ᠂ ᠭᠤᠶᠢᠳᠠ ᠰᠠᠶᠢᠬᠠᠨ | ᠲᠣᠭᠯᠠᠯᠲᠠ ᠨᠢ ᠤᠯᠠᠨ ᠲᠦᠮᠡᠨ ᠤ ᠬᠠᠯᠠᠭᠤᠨ ᠠᠯᠠᠭ᠎ᠠ ᠲᠠᠰᠢᠯᠳᠠ ᠶᠢ ᠪᠠᠶᠢᠨ ᠪᠠᠶᠢᠨ ᠣᠯᠵᠤ ᠪᠠᠶᠢᠨ᠎ᠠ᠃ | ᠣᠶᠢᠯᠠᠭᠠᠭᠰᠠᠨ ᠢᠶᠠᠷ᠂ 2022 ᠣᠨ ᠳᠤ ᠪᠦᠬᠦ ᠣᠷᠣᠨ ᠤ ︽ᠰᠢ ᠵᠦᠴᠦᠭᠡ ᠶᠢ ᠬᠥᠳᠡᠭᠡ ᠲᠣᠰᠬᠤᠨ ᠳᠤ | ᠣᠷᠣᠭᠤᠯᠬᠤ︾ ᠵᠢᠱᠢᠶ᠎ᠡ ᠦᠵᠡᠭᠦᠯᠬᠦ ᠴᠢᠨᠠᠷᠲᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠰᠢᠩ ᠡᡁᠧ | ᠰᠢᠶᠠᠨ ᠳᠤ ᠨᠡᠶᠢᠳᠡ 16 ᠲᠠᠯᠠᠪᠠᠢ ᠲᠣᠭᠯᠠᠵᠤ᠂ ᠲᠣᠰᠬᠤᠨ ᠤ ᠠᠷᠠᠳ ᠲᠤ ᠭᠤᠶᠢᠳᠠ ᠰᠠᠶᠢᠬᠠᠨ ᠰᠣᠶᠣᠯ ᠤᠨ | ᠬᠤᠭᠤᠯᠠ ᠶᠢ ᠡᠳ᠋ᠯᠡᠭᠦᠯᠵᠡᠢ᠃ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠵᠢᠱᠢᠶ᠎ᠡ ᠦᠵᠡᠭᠦᠯᠬᠦ | ᠴᠢᠨᠠᠷᠲᠠᠢ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ᠵᠠᠰᠠᠭ ᠤᠨ ᠣᠷᠳᠣᠨ ᠤ ᠨᠡᠶᠢᠭᠡᠮ ᠤᠨ ᠦᠢᠯᠡᠴᠢᠯᠡᠭᠡ | ᠬᠤᠳᠠᠯᠳᠤᠨ ᠠᠪᠬᠤ ᠶᠢ ᠠᠬᠢᠭᠤᠯᠬᠤ᠂ ᠠᠷᠠᠳ ᠠᠴᠠ ᠡᠵᠡᠩᠨᠡᠭᠰᠡᠨ ᠵᠦᠴᠦᠭᠡ ᠶᠢᠨ ᠪᠦᠯᠬᠦᠮ ᠤᠨ ᠬᠥᠭᠵᠢᠯᠲᠡ ᠶᠢ | ᠳᠡᠮᠵᠢᠬᠦ᠂ ᠣᠷᠣᠨ ᠨᠤᠲᠤᠭ ᠤᠨ ᠠᠷᠠᠳ ᠠᠴᠠ ᠡᠵᠡᠩᠨᠡᠭᠰᠡᠨ ᠵᠦᠴᠦᠭᠡ ᠶᠢᠨ ᠪᠦᠯᠬᠦᠮ ᠤᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠬᠤ ᠶᠢ ᠠᠬᠢᠭᠤᠯᠬᠤ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ᠂ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠦᠢᠯᠡᠴᠢᠯᠡᠬᠦ᠂ ᠤᠯᠠᠨ ᠲᠦᠮᠡᠨ ᠤ ᠰᠣᠶᠣᠯ ᠤᠨ | ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ ᠳᠤ ᠢᠳᠡᠪᠬᠢᠲᠡᠢ ᠦᠢᠯᠡᠳᠦᠯ ᠲᠠᠢ ᠶᠤᠮ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |