ᠤᠰᠤᠨ ᠳᠤ ᠵᠢᠪᠬᠦ ᠶᠢ ᠴᠢᠩᠭ᠎ᠠ ᠰᠡᠷᠭᠡᠶᠢᠯᠡᠬᠦ᠂ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠨᠢᠭᠡᠳᠦᠭᠡᠷ ᠬᠢᠴᠢᠶᠡᠯ
ᠨᠡᠶᠢᠲᠡᠯᠡᠭᠰᠡᠨ ᠴᠠᠭ᠄
2022/7/22
     ᠵᠤᠨ ᠤ ᠠᠮᠠᠷᠠᠯᠲᠠ ᠲᠠᠯᠪᠢᠯ᠎ᠠ︕      ᠬᠡᠦᠬᠡᠳ ᠲᠤ ᠠᠪᠴᠤ ᠬᠡᠯᠡᠪᠡᠯ᠂ ᠵᠤᠨ ᠤ ᠠᠮᠠᠷᠠᠯᠲᠠ ᠪᠣᠯ ᠬᠥᠮᠦᠰ ᠢ ᠪᠠᠶᠠᠷᠯᠠᠭᠤᠯᠤᠮ᠎ᠠ ᠰᠠᠶᠢᠬᠠᠨ ᠴᠠᠭ ᠮᠥᠴᠡ ᠪᠣᠯᠤᠨ᠎ᠠ᠃ ᠵᠤᠨ ᠤ ᠠᠮᠠᠷᠠᠯᠲᠠ ᠶᠢᠨ ᠬᠤᠭᠤᠴᠠᠭᠠᠨ ᠳᠤ ᠪᠠᠰᠠ ᠡᠯ᠎ᠡ ᠲᠥᠷᠥᠯ ᠤᠨ ᠬᠡᠦᠬᠡᠳ ᠤᠨ ᠰᠠᠨᠠᠭᠠᠨ ᠳᠤ ᠦᠭᠡᠶ ᠭᠡᠮᠲᠦᠯ ᠣᠯᠠᠨ ᠭᠠᠷᠳᠠᠭ ᠴᠠᠭ ᠬᠤᠭᠤᠴᠠᠭ᠎ᠠ ᠪᠣᠯᠳᠠᠭ᠃ ᠬᠡᠦᠬᠡᠳ ᠢᠶᠠᠨ ᠳᠤᠷ᠎ᠠ ᠪᠠᠷ ᠢᠶᠠᠨ ᠭᠦᠶᠦᠬᠦ ᠦᠭᠡᠢ ᠪᠣᠯ ᠠᠮᠤᠷ ᠲᠦᠪᠰᠢᠨ ᠭᠡᠵᠦ ᠣᠯᠠᠩᠬᠢ ᠭᠡᠷ ᠤᠨ ᠠᠬᠠᠮᠠᠳ ᠦᠵᠡᠳᠡᠭ᠃ ᠭᠡᠪᠡᠴᠦ ᠦᠨᠡᠨ ᠳᠡᠭᠡᠨ ᠮᠠᠰᠢ ᠣᠯᠠᠨ ᠰᠠᠨᠠᠭᠠᠨ ᠳᠤ ᠥᠬᠡᠶ ᠰᠢᠷᠬᠠᠲᠤᠯ ᠨᠢ ︽ᠳᠤᠷ᠎ᠠ ᠪᠠᠷ ᠢᠶᠠᠨ ᠭᠦᠶᠦᠭᠰᠡᠨ︾ ᠠᠴᠠ ᠪᠣᠯᠤᠭᠰᠠᠨ ᠪᠢᠰᠢ ᠶᠤᠮ᠂ ᠵᠢᠱᠢᠶᠡᠯᠡᠪᠡᠯ ᠤᠰᠤᠨ ᠳᠤ ᠴᠠᠴᠠᠬᠤ ᠵᠡᠷᠭᠡ᠃     ᠵᠤᠨ ᠤ ᠠᠮᠠᠷᠠᠯᠲᠠ ᠳᠤ᠂ ᠤᠰᠤᠨ ᠳᠤ ᠤᠮᠪᠠᠭ᠋ᠤ ᠪᠠ ᠤᠰᠤᠨ ᠳᠤ ᠨᠠᠭᠠᠳᠬᠤ ᠪᠣᠯ ᠬᠡᠦᠬᠡᠳ ᠤᠨ ᠬᠠᠮᠤᠭ ᠳᠤᠷᠠᠲᠠᠶ ᠬᠥᠳᠡᠯᠭᠡᠭᠡᠨ ᠪᠣᠯᠤᠨ᠎ᠠ᠂ ᠵᠤᠨ ᠠᠴᠠ ᠵᠠᠶᠢᠯᠠᠵᠤ ᠰᠡᠷᠢᠭᠦᠴᠡᠬᠦ ᠮᠥᠷᠲᠡᠭᠡᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠪᠣᠯᠬᠤ ᠮᠥᠷᠲᠡᠭᠡᠨ ᠪᠠᠰᠠ ᠮᠠᠰᠢ ᠰᠠᠶᠢᠬᠠᠨ ᠨᠠᠭᠠᠳᠳᠠᠭ ᠶᠤᠮ᠃ ᠡᠨᠡ ᠪᠣᠯ ᠬᠡᠦᠬᠡᠳ ᠤᠨ ᠬᠠᠮᠤᠭ ᠤᠨ ᠳᠤᠷᠠᠲᠠᠶ ᠬᠥᠳᠡᠯᠭᠡᠭᠡᠨ ᠪᠣᠯᠬᠤ ᠶᠤᠮ᠂ ᠲᠡᠷᠡ ᠨᠢ ᠵᠤᠨ ᠤ ᠬᠠᠯᠠᠭᠤᠨ ᠠᠴᠠ ᠵᠠᠶᠢᠯᠠᠵᠤ ᠰᠡᠷᠢᠭᠦᠴᠡᠬᠦ ᠮᠥᠷᠲᠡᠭᠡᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠢᠨ ᠲᠥᠯᠥᠭᠡ ᠶᠤᠮ᠃ ᠭᠡᠪᠡᠴᠦ ᠤᠰᠤᠨ ᠳᠤ ᠴᠠᠴᠠᠬᠤ ᠪᠣᠯ ᠪᠠᠰᠠ ᠴᠤ ᠵᠤᠨ ᠤ ᠠᠮᠠᠷᠠᠯᠲᠠ ᠳᠤ ᠦᠷᠭᠦᠯᠵᠢ ᠲᠣᠬᠢᠶᠠᠯᠳᠤᠳᠠᠭ ᠰᠠᠨᠠᠭᠠᠨ ᠳᠤ ᠦᠭᠡᠶ ᠠᠳᠡᠯ ᠪᠣᠯᠤᠨ᠎ᠠ᠃ ᠤᠰᠤᠨ ᠳᠤ ᠴᠠᠴᠠᠬᠤ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠪ ᠤᠨ ᠪᠤᠰᠤ ᠪᠠᠷ ᠥᠭᠦᠭᠰᠡᠨ ᠤ ︽ᠠᠩᠬᠠᠨ ᠤ ᠶᠠᠷᠭᠠᠴᠢᠨ︾ ᠮᠥᠨ᠂ ᠮᠠᠨ ᠤ ᠤᠯᠤᠰ ᠤᠨ 1~14 ᠨᠠᠰᠤᠨ ᠤ ᠬᠡᠤᠬᠡᠳ ᠤᠨ ᠬᠠᠮᠤᠭ ᠲᠦᠷᠦᠭᠦᠨ ᠳᠤ ᠥᠭᠦᠭᠰᠡᠨ ᠤ ᠰᠢᠯᠲᠠᠭᠠᠨ ᠮᠥᠨ᠃ ᠡᠶᠢᠮᠦ ᠠᠴᠠ ᠭᠡᠷ ᠤᠨ ᠠᠬᠠᠮᠠᠳ ᠤᠰᠤᠨ ᠳᠤ ᠴᠠᠴᠠᠬᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠤᠬᠠᠮᠰᠠᠷ ᠲᠠᠢ ᠪᠣᠯᠵᠤ᠂ ᠬᠡᠦᠬᠡᠳ ᠲᠡᠭᠡᠨ ᠥᠪᠡᠷ ᠢ ᠪᠠᠨ ᠠᠪᠤᠷᠠᠬᠤ ᠪᠠ ᠠᠪᠤᠷᠠᠬᠤ ᠮᠡᠳᠡᠯᠭᠡ ᠶᠢ ᠡᠵᠡᠮᠰᠢᠭᠦᠯᠬᠦ ᠪᠠᠷ ᠰᠤᠷᠭᠠᠬᠤ ᠬᠡᠷᠡᠭᠲᠡᠶ᠃ ᠡᠨᠡ ᠪᠣᠯ ᠭᠡᠷ ᠪᠦᠯᠢ ᠶᠢᠨ ᠬᠥᠮᠦᠵᠢᠯ ᠤᠨ ᠴᠢᠬᠤᠯᠠ ᠠᠭᠤᠯᠭ᠎ᠠ ᠪᠣᠯᠤᠨ᠎ᠠ᠃      ᠵᠣᠠ ᠤ ᠠᠮᠠᠷᠠᠯᠲᠠ ᠪᠣᠯ ᠤᠰᠤᠨ ᠳᠤ ᠴᠠᠴᠠᠬᠤ ᠠᠳᠡᠯ ᠣᠯᠠᠨ ᠭᠠᠷᠬᠤ ᠬᠤᠭᠤᠴᠠᠭ᠎ᠠ      ᠤᠰᠤᠨ ᠳᠤ ᠴᠠᠴᠠᠬᠤ ᠨᠢ ᠣᠯᠠᠩᠬᠢ ᠳᠠᠭᠠᠨ ᠭᠤᠣᠯ ᠮᠥᠷᠡᠨ᠂ ᠨᠠᠭᠤᠷ ᠴᠥᠭᠦᠷᠥᠮ᠂ ᠤᠰᠤᠨ ᠴᠥᠭᠦᠷᠥᠮ᠂ ᠳᠠᠯᠠᠶ ᠶᠢᠨ ᠬᠥᠪᠡᠭᠡ᠂ ᠨᠠᠭᠤᠷ ᠴᠥᠭᠦᠷᠥᠮ᠂ ᠤᠰᠤᠨ ᠭᠤᠤ ᠳᠤ ᠡᠭᠦᠰᠳᠡᠭ᠃ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠭᠤᠣᠯ ᠮᠥᠷᠡᠨ ᠨᠠᠭᠤᠷ ᠲᠠᠩᠭᠢᠰ ᠤᠯᠠᠨ᠂ ᠲᠠᠯᠠᠢ ᠶᠢᠨ ᠡᠷᠭᠢ ᠶᠢᠨ ᠱᠤᠭᠤᠮ ᠤᠷᠲᠤ᠂ ᠡᠳᠡᠭᠡᠷ ᠨᠡᠭᠡᠭᠡᠯᠳᠡ ᠲᠠᠢ ᠣᠷᠣᠨ ᠪᠦᠰᠡ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤᠲᠠᠭᠳᠠᠵᠤ᠂ ᠤᠯᠠᠨ ᠢᠶᠠᠷ ᠢᠶᠠᠨ ᠮᠠᠰᠢ ᠠᠮᠠᠷᠬᠠᠨ ᠣᠶᠢᠷᠠᠲᠤᠬᠤ ᠪᠤᠶᠤ ᠣᠷᠣᠵᠤ ᠢᠷᠡᠳᠡᠭ᠃ ᠵᠤᠨ ᠤ ᠠᠮᠠᠷᠠᠯᠲᠠ ᠪᠣᠯ ᠶᠠᠭ ᠰᠠᠶᠢᠬᠠᠨ ᠦᠶᠡᠷ ᠤᠨ ᠬᠤᠭᠤᠴᠠᠭᠠᠨ ᠳᠤ ᠪᠠᠶᠢᠵᠤ᠂ ᠬᠤᠷ᠎ᠠ ᠪᠣᠷᠣᠭᠠᠨ ᠠᠷᠪᠢᠨ᠂ ᠤᠰᠤᠨ ᠤ ᠬᠡᠮᠵᠢᠶ᠎ᠡ ᠭᠦᠢᠴᠡᠳ᠂ ᠳᠠᠯᠠᠶ ᠶᠢᠨ ᠬᠥᠪᠡᠭᠡᠨ ᠤ ᠲᠦᠯᠬᠢᠭᠡᠨ ᠤ ᠥᠰᠥᠯᠲᠡ ᠪᠠᠭᠤᠷᠠᠯᠲᠠ ᠵᠡᠷᠭᠡ ᠨᠢ ᠪᠦᠷ ᠡᠳᠡᠭᠡᠷ ᠤᠰᠤᠨ ᠤ ᠪᠠᠶᠢᠳᠠᠯ ᠢ ᠨᠡᠩ ᠪᠤᠳᠤᠯᠢᠶᠠᠨᠲᠠᠶ ᠪᠣᠯᠭᠠᠵᠠᠶ᠃      4 ᠨᠠᠰᠤᠨ ᠠᠴᠠ ᠳᠣᠷᠣᠭᠰᠢᠬᠢ ᠬᠡᠦᠬᠡᠳ ᠤᠨ ᠤᠰᠤᠨ ᠳᠤ ᠴᠠᠴᠠᠭᠰᠠᠨ ᠭᠠᠵᠠᠷ ᠨᠢ ᠭᠡᠷ ᠳᠣᠲᠣᠷᠠᠬᠢ ᠤᠰᠤ ᠬᠠᠳᠠᠭᠠᠯᠠᠬᠤ ᠰᠠᠪᠠ ᠪᠣᠯᠤᠨ᠎ᠠ᠂ ᠵᠢᠱᠢᠶᠡᠯᠡᠪᠡᠯ ᠤᠰᠤᠨ ᠰᠠᠪᠠ᠂ ᠤᠬᠢᠶᠠᠯᠭ᠎ᠠ ᠶᠢᠨ ᠰᠠᠪᠠ ᠵᠡᠷᠭᠡ ᠪᠣᠯᠤᠨ᠎ᠠ᠃      5~9 ᠨᠠᠰᠤᠨ ᠤ ᠬᠡᠦᠬᠡᠳ ᠤᠨ ᠤᠰᠤᠨ ᠳᠤ ᠴᠠᠴᠠᠬᠤ ᠭᠠᠵᠠᠷ ᠨᠢ ᠨᠡᠩ ᠣᠯᠠᠨ ᠪᠠᠶᠢᠳᠠᠭ ᠨᠢ ᠤᠰᠤᠨ ᠰᠤᠪᠠᠭ᠂ ᠴᠥᠭᠦᠷᠥᠮ ᠵᠡᠷᠭᠡ ᠪᠣᠯᠤᠨ᠎ᠠ᠃    10 ᠨᠠᠰᠤᠨ ᠠᠴᠠ ᠳᠡᠭᠡᠭᠰᠢᠬᠢ ᠬᠡᠦᠬᠡᠳ ᠤᠨ ᠬᠥᠳᠡᠯᠭᠡᠭᠡᠨ ᠤ ᠬᠡᠪᠴᠢᠶ᠎ᠡ ᠨᠢ ᠨᠡᠩ ᠶᠡᠭᠡ᠂ ᠨᠠᠭᠤᠷ ᠴᠥᠭᠦᠷᠥᠮ ᠪᠠ ᠭᠤᠣᠯ ᠮᠥᠷᠡᠨ ᠵᠡᠷᠭᠡ ᠣᠯᠠᠨ ᠭᠠᠷᠳᠠᠭ᠃      ᠬᠤᠣᠷᠯᠠᠭᠳᠠᠭᠰᠠᠳ ᠤᠨ ᠣᠯᠠᠩᠬᠢ ᠨᠢ ᠡᠷᠡᠭᠲᠡᠶ ᠪᠠᠶᠢᠵᠤ᠂ ᠡᠭᠦᠨ ᠤ ᠳᠣᠲᠣᠷ᠎ᠠ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠲᠡᠶ ᠰᠤᠷᠤᠭᠴᠢᠳ ᠨᠢ ᠨᠡᠩ ᠴᠤ ᠴᠠᠴᠠᠵᠤ ᠥᠭᠦᠭᠰᠡᠨ ᠭᠤᠨᠢᠭᠲᠤ ᠵᠦᠴᠦᠭᠡ ᠶᠢᠨ ᠣᠯᠠᠨ ᠡᠭᠦᠰᠳᠡᠭ ᠬᠥᠮᠦᠰ ᠪᠣᠯᠤᠨ᠎ᠠ᠃      ᠤᠰᠤᠨ ᠳᠤ ᠴᠠᠴᠠᠬᠤ ᠲᠤᠬᠠᠶ ᠪᠤᠷᠤᠭᠤ ᠲᠠᠨᠢᠯᠲᠠ       1 .ᠣᠯᠠᠩᠬᠢ ᠬᠥᠮᠦᠰ ᠤᠰᠤᠨ ᠳᠤ ᠴᠠᠴᠠᠬᠤ ᠦᠶ᠎ᠡ ᠳᠤ ᠬᠡᠦᠬᠡᠳ ᠠᠮᠢ ᠴᠦᠯᠡᠨ ᠤᠰᠤ ᠠᠯᠠᠭᠠᠳᠠᠬᠤ ᠪᠤᠶᠤ ᠶᠡᠭᠡ ᠳᠠᠭᠤᠨ ᠢᠶᠠᠷ ᠠᠪᠤᠷᠠᠯ ᠳᠠᠭᠤᠳᠠᠨ᠎ᠠ ᠭᠡᠵᠦ ᠦᠵᠡᠳᠡᠭ᠃ ᠦᠨᠡᠨ ᠳᠡᠭᠡᠨ ᠠᠮᠠ ᠬᠠᠮᠠᠷ ᠨᠢ ᠤᠰᠤᠨ ᠳᠤ ᠬᠠᠭ᠋ᠠᠭᠰᠠᠨ ᠤ ᠳᠠᠷᠠᠭ᠎ᠠ ᠬᠡᠪ ᠤᠨ ᠪᠠᠶᠢᠳᠠᠯ ᠢᠶᠠᠷ ᠳᠤᠤᠭᠠᠷᠴᠤ ᠳᠡᠶᠢᠯᠬᠦ ᠦᠭᠡᠢ ᠪᠠᠶᠢᠳᠠᠭ᠃ ᠡᠶᠢᠮᠦ ᠠᠴᠠ ᠠᠪᠤ ᠡᠵᠢ ᠪᠣᠯᠤᠭᠰᠠᠳ ᠬᠡᠦᠬᠡᠳ ᠢᠶᠠᠨ ᠴᠠᠭ ᠢᠮᠠᠭᠲᠠ ᠴᠢᠩᠭ᠎ᠠ ᠭᠡᠲᠡᠬᠦ ᠬᠡᠷᠡᠭᠲᠡᠶ᠃      2.ᠤᠰᠤᠨ ᠳᠤ ᠤᠮᠪᠠᠵᠤ ᠴᠢᠳᠠᠪᠠᠯ ᠤᠰᠤᠨ ᠳᠤ ᠴᠠᠴᠠᠬᠤ ᠦᠭᠡᠶ ᠭᠡᠵᠦ ᠬᠥᠮᠦᠰ ᠦᠵᠡᠳᠡᠭ᠃ ᠦᠨᠡᠨ ᠳᠡᠭᠡᠨ ᠬᠡᠭᠡᠷ᠎ᠡ ᠶᠢᠨ ᠪᠠᠶᠢᠳᠠᠯ ᠪᠤᠳᠤᠯᠢᠶᠠᠨᠲᠠᠶ᠂ ᠪᠡᠶ᠎ᠡ ᠶᠠᠳᠠᠷᠠᠬᠤ᠂ ᠤᠰᠤ ᠡᠪᠡᠰᠦᠨ ᠳᠤ ᠣᠷᠢᠶᠠᠭᠳᠠᠬᠤ᠂ ᠰᠠᠯᠬᠢ ᠳᠠᠪᠠᠯᠭᠠᠨ ᠬᠡᠲᠦᠷᠬᠡᠶ ᠶᠡᠭᠡ ᠪᠣᠯᠬᠤ ᠵᠡᠷᠭᠡ ᠨᠢ ᠪᠦᠷ ᠤᠰᠤᠨ ᠳᠤ ᠴᠠᠴᠠᠬᠤ ᠶᠢᠨ ᠰᠢᠯᠲᠠᠭᠠᠨ ᠪᠣᠯᠤᠨ᠎ᠠ᠃      3.ᠣᠯᠠᠩᠬᠢ ᠬᠥᠮᠦᠰ ᠤᠮᠪᠠᠯᠲᠠ ᠶᠢᠨ ᠴᠠᠭᠠᠷᠢᠭ ᠪᠠ ᠬᠡᠶᠢᠲᠦ ᠲᠣᠭᠯᠠᠭᠠᠮ ᠵᠡᠭᠦᠪᠡᠯ ᠤᠰᠤᠨ ᠳᠤ ᠵᠢᠪᠬᠦ ᠥᠬᠡᠶ ᠭᠡᠵᠦ ᠦᠵᠡᠳᠡᠭ᠃ ᠦᠨᠡᠨ ᠳᠡᠭᠡᠨ ᠤᠮᠪᠠᠯᠲᠠ ᠶᠢᠨ ᠴᠠᠭᠠᠷᠢᠭ ᠪᠣᠯ ᠠᠪᠤᠷᠠᠯᠳᠠ ᠶᠢᠨ ᠲᠥᠬᠦᠭᠡᠷᠦᠮᠵᠢ ᠪᠢᠰᠢ᠂ ᠶᠠᠮᠠᠷ ᠴᠤ ᠬᠡᠶᠢᠲᠦ ᠲᠣᠭᠯᠠᠭᠠᠮ ᠢᠶᠠᠷ ᠭᠡᠷ ᠤᠨ ᠠᠬᠠᠮᠠᠳ ᠤᠨ ᠬᠠᠮᠢᠶᠠᠷᠤᠯᠲᠠ ᠶᠢ ᠣᠷᠣᠯᠠᠭᠤᠯᠵᠤ ᠪᠣᠯᠬᠤ ᠦᠭᠡᠢ᠃      4.ᠣᠯᠠᠩᠬᠢ ᠬᠥᠮᠦᠰ ᠵᠢᠩᠬᠢᠨᠢ ᠤᠮᠪᠠᠯᠲᠠ ᠶᠢᠨ ᠲᠠᠯᠠᠪᠤᠷ ᠲᠤ ᠬᠠᠮᠢᠶᠠᠷᠤᠭᠴᠢ ᠪᠠ ᠠᠪᠤᠷᠠᠭᠴᠢ ᠪᠠᠶᠢᠵᠤ᠂ ᠤᠰᠤᠨ ᠳᠤ ᠴᠠᠴᠠᠬᠤ ᠦᠭᠡᠶ ᠭᠡᠵᠦ ᠦᠵᠡᠳᠡᠭ᠃ ᠦᠨᠡᠨ ᠳᠡᠭᠡᠨ ᠠᠪᠤᠷᠠᠭᠴᠢ ᠬᠡᠦᠬᠡᠳ ᠢᠶᠠᠨ ᠴᠠᠭ ᠢᠮᠠᠭᠲᠠ ᠬᠠᠷᠠᠵᠤ ᠳᠡᠶᠢᠯᠬᠦ ᠦᠭᠡᠢ᠂ ᠵᠥᠪᠬᠡᠨ ᠭᠡᠷ ᠤᠨ ᠠᠬᠠᠮᠠᠳ ᠯᠠ ᠬᠠᠷᠠᠵᠤ ᠪᠠᠶᠢᠳᠠᠭ᠃      5.ᠤᠰᠤᠨ ᠳᠤ ᠤᠮᠪᠠᠵᠤ ᠴᠢᠳᠠᠪᠠᠯ ᠬᠥᠮᠦᠨ ᠢ ᠠᠪᠤᠷᠠᠵᠤ ᠴᠢᠳᠠᠨ᠎ᠠ ᠭᠡᠵᠦ ᠮᠠᠰᠢ ᠣᠯᠠᠨ ᠬᠥᠮᠦᠰ ᠦᠵᠡᠳᠡᠭ ᠃ ᠦᠨᠡᠨ ᠳᠡᠭᠡᠨ ᠤᠰᠤᠨ ᠳᠣᠲᠣᠷ᠎ᠠ ᠠᠪᠤᠷᠠᠨ ᠲᠤᠰᠠᠯᠠᠬᠤ ᠪᠣᠯ ᠨᠢᠭᠡ ᠵᠦᠢᠯ ᠤᠨ ᠲᠤᠰᠬᠠᠶ ᠮᠡᠷᠭᠡᠵᠢᠯ ᠤᠨ ᠴᠢᠨᠠᠷᠲᠠᠶ ᠠᠵᠢᠯ ᠪᠣᠯᠬᠤ ᠶᠤᠮ᠃ ᠨᠠᠰᠤ ᠪᠠᠷ ᠪᠠᠭ᠎ᠠ ᠰᠤᠷᠤᠭᠴᠢᠳ ᠢ ᠤᠰᠤᠨ ᠳᠤ ᠤᠨᠠᠭᠰᠠᠨ ᠦᠶ᠎ᠡ ᠳᠤ ᠪᠣᠯᠭᠤᠮᠵᠢ ᠦᠭᠡᠶ ᠪᠠᠷ ᠠᠪᠤᠷᠠᠬᠤ ᠶᠢ ᠰᠠᠨᠠᠭᠤᠯᠬᠤ ᠦᠭᠡᠶ᠃      ᠤᠰᠤᠨ ᠳᠤ ᠴᠠᠴᠠᠵᠤ ᠥᠪᠡᠷ ᠢ ᠪᠠᠨ ᠠᠪᠤᠷᠠᠬᠤ ᠵᠥᠪ ᠠᠷᠭ᠎ᠠ       1.ᠲᠠᠶᠢᠪᠤᠭᠤᠨ ᠪᠠᠶᠢᠬᠤ ᠨᠢ ᠬᠠᠮᠤᠭ ᠴᠢᠬᠤᠯᠠ᠂ ᠠᠮᠢᠰᠬᠤᠯ ᠢᠶᠠᠨ ᠳᠠᠷᠤᠵᠤ᠂ ᠪᠦᠬᠦ ᠪᠡᠶ᠎ᠡ ᠪᠠᠨ ᠰᠤᠯᠠ ᠲᠠᠯᠪᠢᠨ᠎ᠠ᠂ ᠡᠨᠡ ᠦᠶ᠎ᠡ ᠳᠤ ᠪᠡᠶ᠎ᠡ ᠠᠶᠠᠨᠳᠠᠭᠠᠨ ᠬᠥᠪᠬᠦ ᠪᠣᠯᠤᠨ᠎ᠠ᠃       2.ᠠᠯᠢ ᠴᠢᠳᠠᠬᠤ ᠪᠠᠷ ᠲᠣᠯᠣᠭᠠᠶ ᠪᠠᠨ ᠠᠷᠤᠨᠰᠢ ᠭᠡᠳᠡᠶᠢᠯᠭᠡᠵᠦ᠂ ᠠᠮᠠ ᠬᠠᠮᠠᠷ ᠢᠶᠠᠨ ᠤᠰᠤᠨ ᠠᠴᠠ ᠭᠠᠷᠭᠠᠨ᠎ᠠ᠃       3. ᠪᠡᠶ᠎ᠡ ᠳᠡᠭᠡᠷᠡᠬᠢ ᠬᠦᠨᠳᠦ ᠶᠠᠭᠤᠮ᠎ᠠ ᠪᠠᠨ ᠴᠢᠳᠠᠬᠤ ᠶᠢᠨ ᠬᠢᠷᠢ ᠪᠠᠷ ᠬᠠᠶᠠᠵᠤ ᠣᠷᠬᠢ᠂ ᠵᠢᠱᠢᠶᠡᠯᠡᠪᠡᠯ ᠪᠢᠴᠢᠭ ᠤᠨ ᠪᠣᠭᠴᠣ᠂ ᠱᠠᠬᠠᠶ᠃       4 .ᠬᠠᠵᠠᠭᠤ ᠳᠠᠬᠢ ᠠᠯᠢᠪᠠ ᠬᠥᠪᠦᠮᠡᠯ ᠪᠣᠳᠠᠰ ᠢ ᠪᠦᠷ ᠴᠢᠳᠠᠬᠤ ᠶᠢᠨ ᠬᠢᠷᠢ ᠪᠠᠷ ᠠᠳᠬᠤᠵᠤ ᠠᠪᠬᠤ ᠬᠡᠷᠡᠭᠲᠡᠶ᠂ ᠵᠢᠱᠢᠶᠡᠯᠡᠪᠡᠯ ᠮᠣᠳᠣᠨ ᠬᠠᠪᠲᠠᠰᠤ᠂ ᠮᠣᠳᠣᠨ ᠰᠠᠯᠠᠭ᠎ᠠ ᠵᠡᠷᠭᠡ ᠶᠢ ᠠᠳᠬᠤᠵᠤ ᠠᠪᠬᠤ ᠬᠡᠷᠡᠭᠲᠡᠶ᠂ ᠲᠡᠳᠡᠨ ᠤ ᠬᠦᠪᠦᠬᠦᠯᠬᠦ ᠬᠦᠴᠦ ᠶᠢ ᠠᠰᠢᠭᠯᠠᠨ ᠤᠰᠤᠨ ᠤ ᠭᠠᠳᠠᠷᠭᠤ ᠳᠤ ᠬᠦᠪᠦᠭᠦᠯᠵᠦ᠂ ᠵᠠᠪᠰᠢᠶᠠᠨ ᠡᠷᠢᠵᠦ ᠪᠠᠷᠢᠯᠭ᠎ᠠ ᠂ ᠪᠦᠳᠦᠭᠦᠨ ᠮᠣᠳᠣ ᠵᠡᠷᠭᠡ ᠲᠣᠭᠲᠠᠮᠠᠯ ᠪᠣᠳᠠᠰ ᠢ ᠠᠳᠬᠤᠵᠤ ᠠᠪᠬᠤ ᠬᠡᠷᠡᠭᠲᠡᠶ᠃    ᠬᠠᠨᠢᠲᠠᠨ ᠤ ᠤᠰᠤᠨ ᠳᠤ ᠤᠨᠠᠭᠰᠠᠨ ᠢ ᠠᠪᠤᠷᠠᠬᠤ ᠠᠷᠭ᠎ᠠ      1.ᠶᠡᠭᠡ ᠲᠠᠭᠤᠨ ᠢᠶᠠᠷ ᠠᠪᠤᠷᠠᠯ ᠭᠤᠶᠤᠵᠤ᠂ ᠡᠷᠬᠢᠨ ᠲᠣᠭᠤᠷᠢᠨ ᠤ ᠬᠥᠮᠦᠰ ᠠᠴᠠ ᠪᠠᠨ ᠠᠪᠤᠷᠠᠯ ᠭᠤᠶᠤᠵᠤ᠂ ᠨᠥᠬᠦᠴᠡᠯ ᠲᠠᠢ ᠪᠣᠯ ᠳᠠᠷᠦ᠋ᠢᠬᠠᠨ ︽110︾ ᠳᠤ ᠤᠲᠠᠰᠤᠳᠠᠵᠤ ᠴᠠᠭᠳᠠᠭ᠎ᠠ ᠳᠤ ᠮᠡᠳᠡᠭᠦᠯᠦᠨ᠎ᠡ᠃      2.ᠲᠤᠬᠠᠶ ᠶᠢᠨ ᠭᠠᠵᠠᠷ ᠠᠴᠠ ᠮᠠᠲ᠋ᠧᠷᠢᠶᠠᠯ ᠠᠪᠴᠤ᠂ ᠣᠷᠴᠢᠨ ᠲᠣᠭᠤᠷᠢᠨ ᠳᠤᠨᠢ ᠠᠪᠤᠷᠠᠯᠳᠠ ᠶᠢᠨ ᠴᠠᠭᠠᠷᠢᠭ ᠂ ᠬᠤᠯᠤᠰᠤᠨ ᠡᠰᠢ᠂ ᠮᠣᠳᠣᠨ ᠬᠠᠪᠲᠠᠰᠤ ᠵᠡᠷᠭᠡ ᠪᠠᠭᠠᠵᠢ ᠬᠡᠷᠡᠭᠰᠡᠯ ᠪᠠᠶᠢᠬᠤ ᠡᠰᠡᠬᠦ ᠶᠢ ᠦᠵᠡᠵᠦ᠂ ᠲᠡᠭᠦᠨ ᠢ ᠤᠰᠤᠨ ᠳᠤ ᠤᠨᠠᠭᠰᠠᠨ ᠬᠠᠨᠢ ᠨᠠᠶᠢᠵᠠ ᠳᠠᠭᠠᠨ ᠬᠠᠶᠠᠵᠤ᠂ ᠲᠡᠭᠦᠨ ᠢ ᠲᠦᠰᠢᠵᠦ᠂ ᠡᠷᠭᠢ ᠳᠤ ᠴᠢᠷᠴᠦ ᠭᠠᠷᠭᠠᠨ᠎ᠠ᠃ ᠴᠢᠷᠬᠦ ᠦᠶ᠎ᠡ ᠳᠤ ᠬᠦᠨᠳᠦ ᠶᠢᠨ ᠲᠥᠪ ᠢᠶᠠᠨ ᠳᠣᠷᠣᠭᠰᠢᠯᠠᠭᠤᠯᠵᠤ᠂ ᠤᠰᠤᠨ ᠳᠤ ᠲᠠᠲᠠᠭᠳᠠᠨ ᠣᠷᠣᠬᠤ ᠠᠴᠠ ᠵᠠᠶᠢᠯᠠᠰᠬᠢᠬᠦ ᠬᠡᠷᠡᠭᠲᠡᠶ᠃      3.ᠤᠰᠤᠨ ᠳᠤ ᠴᠠᠴᠠᠭᠰᠠᠳ ᠢ ᠡᠷᠭᠢ ᠳᠤ ᠠᠪᠤᠷᠠᠭᠰᠠᠨ ᠤ ᠳᠠᠷᠠᠭ᠎ᠠ ᠲᠡᠷᠡ ᠳᠠᠷᠤᠶ ᠳᠤᠨᠢ ᠠᠮᠠ ᠬᠠᠮᠠᠷ ᠤᠨ ᠳᠣᠲᠣᠷᠠᠬᠢ ᠭᠬᠢᠷ ᠪᠤᠷᠲᠠᠭ ᠢ ᠴᠡᠪᠡᠷᠯᠡᠨ ᠠᠷᠢᠯᠭᠠᠵᠤ᠂ ᠤᠰᠤᠨ ᠳᠤ ᠴᠠᠴᠠᠭᠰᠠᠳ ᠢ ᠳᠡᠭᠡᠭᠰᠢ ᠬᠠᠨᠳᠤᠭᠤᠯᠤᠨ᠂ ᠡᠷᠡᠦ ᠶᠢ ᠨᠢ ᠡᠷᠭᠦᠵᠦ ᠠᠮᠢᠰᠬᠤᠯ ᠤᠨ ᠵᠠᠮ ᠢ ᠨᠢ ᠨᠡᠭᠡᠭᠡᠬᠦ ᠶᠢᠨ ᠬᠠᠮᠲᠤ ︽120︾ ᠲᠦᠷᠭᠡᠨ ᠠᠪᠤᠷᠠᠯᠲᠠ ᠶᠢᠨ ᠤᠲᠠᠰᠤ ᠪᠠᠷ ᠤᠲᠠᠰᠤᠳᠠᠨ᠎ᠠ᠃      4.ᠤᠰᠤᠨ ᠳᠤ ᠴᠠᠴᠠᠭᠰᠠᠳ ᠤᠨ ᠠᠮᠢᠰᠬᠤᠯ᠂ ᠵᠢᠷᠦᠬᠡᠨ ᠴᠣᠬᠢᠯᠭ᠎ᠠ ᠨᠢ ᠰᠤᠯᠠᠬᠠᠨ ᠪᠤᠶᠤ ᠪᠦᠷ ᠵᠣᠭᠰᠣᠭᠰᠠᠨ ᠪᠠᠶᠢᠪᠠᠯ᠂ ᠳᠠᠷᠤᠶ ᠲᠦᠷᠭᠡᠨ ᠬᠥᠮᠦᠨ ᠤ ᠬᠦᠴᠦ ᠪᠠᠷ ᠠᠮᠢᠰᠬᠤᠭᠤᠯᠬᠤ ᠪᠠ ᠴᠡᠭᠡᠵᠢᠨ ᠭᠠᠳᠠᠨ᠎ᠠ ᠠᠴᠠ ᠨᠢ ᠵᠢᠷᠦᠬᠡᠨ ᠳᠤ ᠳᠠᠷᠤᠯᠲᠠ ᠥᠭᠬᠦ ᠬᠡᠷᠡᠭᠲᠡᠶ᠃ ᠢᠯᠠᠩᠭᠤᠶ᠎ᠠ ᠪᠡᠶ᠎ᠡ ᠶᠢᠨ ᠳᠤᠯᠠᠭᠠᠨ ᠳᠣᠣᠷ᠎ᠠ ᠪᠠᠶᠢᠳᠠᠯ ᠳᠣᠣᠷ᠎ᠠ᠂ ᠨᠡᠩ ᠤᠷᠲᠤ ᠬᠤᠭᠤᠴᠠᠭ᠎ᠠ ᠠᠪᠤᠷᠠᠯᠲᠠ ᠬᠢᠵᠦ᠂ ᠲᠤᠰᠬᠠᠶ ᠡᠮᠨᠡᠯᠭᠡ ᠶᠢᠨ ᠠᠵᠢᠯᠲᠠᠨ ᠲᠤᠬᠠᠶ ᠶᠢᠨ ᠲᠠᠯᠠᠪᠤᠷ ᠲᠤ ᠬᠦᠷᠴᠦ ᠢᠷᠡᠲᠡᠯ᠎ᠡ ᠲᠦᠷᠭᠡᠨ ᠠᠪᠤᠷᠠᠯᠲᠠ ᠬᠢᠬᠦ ᠬᠡᠷᠡᠭᠲᠡᠶ᠃      5.ᠤᠰᠤᠨ ᠳᠤ ᠤᠨᠠᠭᠰᠠᠨ ᠬᠥᠮᠦᠨ ᠤ ᠨᠦᠢᠲᠠᠨ ᠭᠠᠳᠠᠷ ᠬᠤᠪᠴᠠᠰᠤ ᠶᠢ ᠲᠠᠶᠢᠯᠵᠤ᠂ ᠤᠰᠤᠨ ᠳᠤ ᠤᠨᠠᠭᠰᠠᠨ ᠬᠥᠮᠦᠨ ᠤ ᠪᠡᠶ᠎ᠡ ᠶᠢ ᠵᠦᠯᠭᠦᠵᠦ ᠬᠠᠲᠠᠭᠠᠨ᠂ ᠪᠤᠰᠤᠳ ᠬᠠᠭᠤᠷᠠᠶ ᠬᠤᠪᠴᠠᠰᠤ ᠬᠤᠨᠠᠷ ᠢ ᠬᠤᠴᠢᠵᠤ᠂ ᠬᠠᠯᠠᠭᠤᠨ ᠢ ᠨᠢ ᠠᠯᠳᠠᠬᠤ ᠠᠴᠠ ᠰᠡᠷᠭᠡᠶᠢᠯᠡᠨ᠎ᠡ᠃      ᠭᠡᠷ ᠤᠨ ᠠᠬᠠᠮᠠᠳ ᠶᠠᠮᠠᠷ ᠶᠠᠮᠠᠷ ᠬᠠᠷᠢᠭᠤᠴᠠᠯᠭ᠎ᠠ ᠲᠠᠢ ᠪᠣᠢ      ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠨᠢ ᠭᠠᠳᠠᠭᠰᠢ ᠭᠠᠷᠴᠤ ᠨᠠᠭᠠᠳᠬᠤ ᠳᠠᠭᠠᠨ ᠭᠡᠷ ᠤᠨ ᠠᠬᠠᠮᠠᠳ ᠨᠢ ᠵᠠᠪᠠᠯ ︽ᠳᠥᠷᠪᠡ ᠶᠢ ᠮᠡᠳᠡᠬᠦ︾ ᠬᠡᠷᠡᠭᠲᠡᠶ᠃      ᠬᠡᠦᠬᠡᠳ ᠬᠠᠮᠢᠭ᠎ᠠ ᠶᠠᠪᠤᠬᠤ ᠶᠢ ᠮᠡᠳᠡᠨ᠎ᠡ      ᠬᠡᠦᠬᠡᠳ ᠬᠡᠨ ᠲᠠᠢ ᠬᠠᠮᠲᠤ ᠨᠠᠭᠠᠳᠬᠤ ᠪᠠᠷ ᠶᠠᠪᠤᠬᠤ ᠶᠢ ᠮᠡᠳᠡᠨ᠎ᠡ      ᠬᠡᠦᠬᠡᠳ ᠶᠠᠭᠤ ᠨᠠᠭᠠᠳᠴᠤ ᠪᠠᠶᠢᠬᠤ ᠶᠢ ᠮᠡᠳᠡᠨ᠎ᠡ      ᠬᠡᠦᠬᠡᠳ ᠬᠡᠵᠢᠶ᠎ᠡ ᠬᠠᠷᠢᠵᠤ ᠢᠷᠡᠬᠦ ᠶᠢ ᠮᠡᠳᠡᠨ᠎ᠡ      ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠤᠰᠤᠨ ᠳᠤ ᠤᠮᠪᠠᠭ᠋ᠤ ᠳᠠᠭᠠᠨ ᠪᠠᠰᠠ ᠳᠥᠷᠪᠡᠨ ᠲᠠᠯ᠎ᠠ ᠶᠢ ᠠᠩᠬᠠᠷᠬᠤ ᠬᠡᠷᠡᠭᠲᠡᠶ᠄      ᠭᠡᠨᠡᠨ ᠠᠵᠢᠯᠯᠠᠭ᠎ᠠ ᠬᠢᠬᠦ ᠦᠭᠡᠢ᠄ ᠵᠢᠩᠬᠢᠨᠢ ᠤᠮᠪᠠᠯᠲᠠ ᠶᠢᠨ ᠲᠠᠯᠠᠪᠠᠢ ᠳᠤ ᠣᠴᠢᠨ᠎ᠠ᠂ ᠵᠢᠱᠢᠶᠡᠯᠡᠪᠡᠯ ᠤᠮᠪᠠᠯᠲᠠ ᠶᠢᠨ ᠲᠠᠯᠠᠪᠠᠢ ᠳᠤ ᠣᠴᠢᠨ᠎ᠠ᠂ ᠬᠡᠦᠬᠡᠳ ᠢ ᠭᠠᠭᠴᠠᠭᠠᠷ ᠢ ᠨᠢ ᠤᠰᠤᠨ ᠳᠤ ᠤᠮᠪᠠᠭᠤᠯᠬᠤ ᠪᠤᠶᠤ ᠤᠰᠤᠨ ᠳᠤ ᠲᠣᠭᠯᠠᠭᠤᠯᠬᠤ ᠠᠴᠠ ᠵᠠᠶᠢᠯᠠᠰᠬᠢᠨ᠎ᠡ᠃      ᠰᠡᠳᠬᠢᠯ ᠬᠤᠪᠢᠶᠠᠭᠳᠠᠬᠤ ᠦᠭᠡᠢ᠄ ᠬᠡᠦᠬᠡᠳ ᠢᠶᠠᠨ ᠤᠰᠤ ᠪᠠᠷ ᠨᠠᠭᠠᠳᠴᠤ ᠪᠠᠶᠢᠬᠤ ᠦᠶ᠎ᠡ ᠳᠤ ᠭᠡᠷ ᠤᠨ ᠠᠬᠠᠮᠠᠳ ᠨᠢ ᠴᠠᠭ ᠢᠮᠠᠭᠲᠠ ᠬᠠᠷᠠᠵᠤ ᠬᠠᠷᠠᠭᠠᠯᠵᠠᠬᠤ ᠬᠡᠷᠡᠭᠲᠡᠶ᠃      ᠬᠤᠯᠠ ᠪᠠᠶᠢᠵᠤ ᠪᠣᠯᠬᠤ ᠦᠭᠡᠢ᠄ ᠬᠡᠦᠬᠡᠳ ᠢ ᠡᠷᠬᠡᠪᠰᠢ ᠣᠶᠢᠷᠠᠲᠤᠭᠤᠯᠬᠤ ᠮᠠᠶ᠋ᠢᠭ ᠢᠶᠠᠷ ᠬᠠᠷᠠᠵᠤ ᠬᠠᠮᠢᠶᠠᠷᠴᠤ ᠂ ᠬᠡᠦᠬᠡᠳ ᠢ ᠥᠪᠡᠷ ᠤᠨ ᠬᠢᠨᠢ ᠬᠠᠵᠠᠭᠤ ᠳᠤ ᠪᠠ ᠡᠷᠭᠢᠨ ᠲᠣᠭᠤᠷᠢᠨ ᠳᠤᠨᠢ ᠪᠠᠶᠢᠯᠭᠠᠬᠤ ᠶᠢ ᠪᠠᠲᠤᠯᠠᠬᠤ ᠬᠡᠷᠡᠭᠲᠡᠶ᠃      ᠪᠣᠯᠭᠤᠮᠵᠢ ᠦᠭᠡᠢ᠄ ᠬᠡᠦᠬᠡᠳ ᠲᠤ ᠠᠮᠤᠷ ᠲᠦᠪᠰᠢᠨ ᠤ ᠬᠥᠮᠦᠵᠢᠯ ᠢ ᠤᠷᠢᠳᠴᠢᠯᠠᠨ ᠰᠠᠶᠢᠲᠤᠷ ᠬᠢᠵᠦ᠂ ᠤᠰᠤᠨ ᠳᠤ ᠣᠷᠣᠬᠤ ᠠᠴᠠ ᠡᠮᠦᠨ᠎ᠡ ᠣᠷᠴᠢᠨ ᠲᠣᠭᠤᠷᠢᠨ ᠢ ᠨᠢ ᠣᠶᠢᠯᠠᠭᠠᠬᠤ ᠬᠡᠷᠡᠭᠲᠡᠢ᠃              ᠠᠭᠤᠯᠭ᠎ᠠ᠄ ᠲᠢᠶᠠᠨᠵᠢᠨ ᠬᠤᠲᠠ ᠶᠢᠨ ᠡᠷᠡᠭᠦᠯ ᠮᠡᠨᠳᠦ ᠶᠢᠨ ᠬᠥᠮᠦᠵᠢᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠱᠠᠨ ᠰᠢᠤᠸᠠᠢ ᠰᠢᠶᠠᠨ          ᠬᠢᠨᠠᠨ ᠬᠠᠷᠭᠤᠭᠤᠯᠤᠭᠴᠢ᠄ ᠤᠯᠤᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ          ᠲᠦᠩ ᠵᠢᠶ ᠶᠡᠭᠡ ᠰᠤᠷᠭᠠᠭᠤᠯᠢ ᠶᠢᠨ ᠭᠠᠶ ᠭᠠᠮᠰᠢᠭ ᠤᠨ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢᠦ ᠵᠥᠩ ᠮᠢᠨ ᠫᠷᠤᠹᠧᠰᠰᠤᠷ          ᠤᠷᠴᠢᠭᠤᠯᠤᠭᠴᠢ᠄ ᠨᠠᠷᠠᠰᠤ          ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3