ᠴᠢ ᠰᠢᠶᠠᠩ ᠶᠠᠩ ᠮᠠᠨ ᠤ ᠰᠢᠶᠠᠨ ᠤ ᠲᠠᠯ᠎ᠠ ᠨᠤᠲᠤᠭ ᠤᠨ ᠨᠣᠮ ᠤᠨ ᠥᠷᠥᠭᠡ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/27
     7 ᠳ᠋ᠤᠭᠠᠷ ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠡᠪᠯᠡᠯ ᠬᠡᠪᠯᠡᠨ ᠲᠠᠷᠬᠠᠭᠠᠬᠤ ᠭᠠᠵᠠᠷ ᠤᠨ ᠳᠠᠷᠤᠭ᠎ᠠ ᠴᠢ ᠰᠢᠶᠠᠩ ᠶᠠᠩ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠯᠢᠶᠠᠩ ᡁᠢ ᠬᠤᠸᠠ ᠨᠠᠷ ᠮᠠᠨ ᠤ ᠰᠢᠶᠠᠨ ᠳᠤ ᠭᠦᠨᠵᠡᠭᠡᠶᠢᠷᠡᠨ ᠲᠠᠯ᠎ᠠ ᠨᠤᠲᠤᠭ ᠤᠨ ᠨᠣᠮ ᠤᠨ ᠥᠷᠥᠭᠡ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠴᠢ ᠰᠢᠶᠠᠩ ᠶᠠᠩ ᠨᠠᠷ ᠤᠷᠢᠳ ᠬᠤᠵᠢᠳ ᠶᠡᠭᠡ ᠺᠦ᠋ ᠯᠢᠶᠠᠨ ᠰᠢᠶᠠᠩ ᠤᠨ ᠶᠡᠭᠡ  ᠬᠦᠷᠢᠶ᠎ᠡ ᠰᠢᠶᠠᠩ  ᠂ ᠦᠨᠳᠦᠰᠦᠲᠡᠨ ᠤ ᠪᠦᠯᠬᠦᠮᠳᠡᠯ ᠰᠢᠶᠠᠩ ᠤᠨ ᠶᠡᠭᠡ ᠲᠠᠪᠤᠳᠤᠭᠠᠷ ᠲᠣᠰᠬᠤᠨ᠂ ᠰᠢᠶᠠᠨ ᠤ ᠰᠢᠨᠬᠤᠸᠠ ᠨᠣᠮ ᠤᠨ ᠳᠡᠯᠭᠡᠭᠦᠷ᠂ ᠴᠧᠩ ᠭᠤᠸᠠᠨ ᠪᠠᠯᠭᠠᠰᠤ ᠶᠢᠨ ᠡᠯ ᠲᠠᠢ ᠽᠢ ᠲᠣᠰᠬᠤᠨ ᠤ ᠠᠷᠠᠳ ᠤᠨ ᠵᠥᠪᠯᠡᠯ᠂ ᠵᠠᠩ ᠭᠤᠤ ᠪᠠᠯᠭᠠᠰᠤ ᠶᠢᠨ ᠰᠣᠶᠣᠯ ᠤᠨ ᠶᠡᠭᠡ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠠᠵᠢᠯ ᠢ ᠠᠬᠢᠭᠤᠯᠤᠭᠰᠠᠨ ᠪᠠ ᠲᠠᠯ᠎ᠠ ᠨᠤᠲᠤᠭ ᠤᠨ ᠨᠣᠮ ᠤᠨ ᠦᠷᠳᠡᠭᠡ ᠶᠢᠨ ᠰᠠᠭᠤᠷᠢ ᠪᠦᠳᠦᠭᠡᠨ ᠪᠠᠶᠢᠭᠤᠯᠤᠯᠲᠠ᠂ ᠨᠣᠮ ᠵᠢᠭᠡᠯᠡᠨ ᠤᠩᠰᠢᠬᠤ᠂ ᠰᠢᠨ᠎ᠡ ᠨᠣᠮ ᠨᠥᠬᠦᠪᠥᠷᠢᠯᠡᠬᠦ᠂ ᠠᠵᠢᠯᠯᠠᠭ᠎ᠠ ᠥᠷᠨᠢᠭᠦᠯᠦᠭᠰᠡᠨ ᠵᠢᠴᠢ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠴᠢ ᠰᠢᠶᠠᠩ ᠶᠠᠩ ᠵᠢᠭᠠᠵᠤ ᠭᠠᠷᠭᠠᠭᠰᠠᠨ ᠨᠢ᠂ ᠲᠠᠯ᠎ᠠ ᠨᠤᠲᠤᠭ ᠤᠨ ᠨᠣᠮ ᠤᠨ ᠥᠷᠥᠭᠡ ᠪᠣᠯ ᠦᠨᠳᠦᠰᠦᠨ ᠱᠠᠲᠤᠨ ᠳᠤ ᠰᠠᠭᠤᠷᠢᠯᠠᠭᠰᠠᠨ ᠨᠣᠮ ᠤᠨ ᠥᠷᠥᠭᠡ ᠮᠥᠨ ᠪᠣᠯᠬᠤᠷ ᠪᠥᠲᠥᠭᠡᠨ ᠪᠠᠶᠢᠭᠤᠯᠬᠤ ᠨᠢ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠡᠯ᠎ᠡ ᠲᠠᠯ᠎ᠠ ᠨᠤᠲᠤᠭ ᠤᠨ ᠨᠣᠮ ᠤᠨ ᠥᠷᠥᠭᠡ ᠨᠢ ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯᠯᠠᠭᠠᠨ ᠤ ᠪᠠᠶᠢᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠲᠠ ᠬᠢᠵᠦ᠂ ︽ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠲᠦᠷᠢᠮ︾᠂ ︽ᠵᠢᠭᠡᠯᠡᠨ ᠤᠩᠰᠢᠬᠤ ᠲᠦᠷᠢᠮ︾᠎ ᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠠᠶᠢᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ︔ ᠣᠲᠣ ᠶᠢᠨ ᠪᠠᠶᠢᠭ᠎ᠠ ᠪᠠᠶᠢᠳᠠᠯ ᠳᠣᠤᠷ᠎ᠠ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠵᠦᠶ ᠵᠣᠬᠢᠰᠲᠠᠶ ᠠᠰᠢᠭᠯᠠᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ  ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠣᠯᠠᠨ ᠲᠦᠮᠡᠨ ᠳᠤ ᠦᠨᠳᠦᠰᠦᠨ ᠰᠣᠶᠣᠯ ᠤᠨ  ᠦᠢᠯᠡᠴᠢᠯᠡᠭᠡ ᠬᠠᠩᠭᠠᠵᠤ᠂ ᠨᠣᠮ ᠤᠨ ᠥᠷᠥᠭᠡ ᠶᠢᠨ ᠦᠢᠯᠡᠳᠦᠯ ᠢ ᠨᠠᠩ ᠶᠡᠭᠡ ᠪᠦᠲᠦᠮᠵᠢᠲᠡᠶ ᠪᠠᠷ ᠪᠠᠳᠠᠷᠠᠭᠤᠯᠵᠤ᠂ ᠪᠥᠬᠦ ᠠᠷᠠᠳ ᠢᠶᠠᠷ ᠢᠶᠠᠨ ᠨᠣᠮ ᠤᠩᠰᠢᠬᠤ᠂ ᠪᠥᠬᠦ ᠠᠷᠠᠳ ᠢᠶᠠᠷ ᠢᠶᠠᠨ ᠣᠷᠣᠯᠴᠠᠬᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠥᠷᠨᠢᠯᠲᠡ ᠶᠢ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠠᠯᠢ ᠤᠯᠠᠨ ᠤᠶᠤᠨ ᠰᠠᠨᠠᠭᠠᠨ ᠤ ᠠᠭᠤᠯᠤᠭᠳᠠᠬᠤᠨ ᠲᠠᠢ ᠮᠥᠷᠲᠡᠭᠡᠨ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ︔ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠵᠡᠷᠭᠡ ᠵᠢᠭᠰᠠᠭᠠᠯ ᠤᠨ ᠭᠠᠵᠠᠷ ᠤᠨ ᠳᠠᠪᠠᠭᠤᠯᠢᠭ ᠲᠤ ᠲᠦᠰᠢᠭᠯᠡᠨ᠂ ᠥᠪᠡᠷᠮᠢᠴᠡ ᠣᠨᠴᠠᠯᠢᠭ ᠲᠠᠢ ᠣᠯᠠᠨ ᠲᠦᠮᠡᠨᠴᠢ ᠴᠢᠨᠠᠷᠲᠠᠶ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ ᠂ ᠦᠨᠳᠦᠰᠦᠨ ᠱᠠᠲᠤᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3