7 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠤᠨ ᠬᠡᠪᠯᠡᠯ ᠬᠡᠪᠯᠡᠨ ᠲᠠᠷᠬᠠᠭᠠᠬᠤ ᠭᠠᠵᠠᠷ ᠤᠨ ᠳᠠᠷᠤᠭ᠎ᠠ ᠴᠢ ᠰᠢᠶᠠᠩ ᠶᠠᠩ᠂ ᠬᠤᠲᠠ ᠶᠢᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠰᠣᠨᠢᠨ ᠮᠡᠳᠡᠭᠡ ᠬᠡᠪᠯᠡᠯ ᠷᠠᠳᠢᠣ᠋ | ᠲᠧᠯᠸᠢᠰ ᠤᠨ ᠲᠣᠪᠴᠢᠶ᠎ᠠ ᠶᠢᠨ ᠳᠠᠷᠤᠭ᠎ᠠ ᠯᠢᠶᠠᠩ ᡁᠢ ᠬᠤᠸᠠ ᠨᠠᠷ ᠮᠠᠨ ᠤ ᠰᠢᠶᠠᠨ ᠳᠤ ᠭᠦᠨᠵᠡᠭᠡᠶᠢᠷᠡᠨ ᠲᠠᠯ᠎ᠠ | ᠨᠤᠲᠤᠭ ᠤᠨ ᠨᠣᠮ ᠤᠨ ᠥᠷᠥᠭᠡ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠢ ᠵᠢᠶᠦ᠋ᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | | | ᠴᠢ ᠰᠢᠶᠠᠩ ᠶᠠᠩ ᠨᠠᠷ ᠤᠷᠢᠳ ᠬᠤᠵᠢᠳ ᠶᠡᠭᠡ ᠺᠦ᠋ ᠯᠢᠶᠠᠨ ᠰᠢᠶᠠᠩ ᠤᠨ ᠶᠡᠭᠡ ᠬᠦᠷᠢᠶ᠎ᠡ ᠰᠢᠶᠠᠩ ᠂ | ᠦᠨᠳᠦᠰᠦᠲᠡᠨ ᠤ ᠪᠦᠯᠬᠦᠮᠳᠡᠯ ᠰᠢᠶᠠᠩ ᠤᠨ ᠶᠡᠭᠡ ᠲᠠᠪᠤᠳᠤᠭᠠᠷ ᠲᠣᠰᠬᠤᠨ᠂ ᠰᠢᠶᠠᠨ ᠤ ᠰᠢᠨᠬᠤᠸᠠ ᠨᠣᠮ ᠤᠨ | ᠳᠡᠯᠭᠡᠭᠦᠷ᠂ ᠴᠧᠩ ᠭᠤᠸᠠᠨ ᠪᠠᠯᠭᠠᠰᠤ ᠶᠢᠨ ᠡᠯ ᠲᠠᠢ ᠽᠢ ᠲᠣᠰᠬᠤᠨ ᠤ ᠠᠷᠠᠳ ᠤᠨ ᠵᠥᠪᠯᠡᠯ᠂ ᠵᠠᠩ ᠭᠤᠤ | ᠪᠠᠯᠭᠠᠰᠤ ᠶᠢᠨ ᠰᠣᠶᠣᠯ ᠤᠨ ᠶᠡᠭᠡ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠠᠵᠢᠯ ᠢ ᠠᠬᠢᠭᠤᠯᠤᠭᠰᠠᠨ ᠪᠠ ᠲᠠᠯ᠎ᠠ ᠨᠤᠲᠤᠭ ᠤᠨ ᠨᠣᠮ ᠤᠨ | ᠦᠷᠳᠡᠭᠡ ᠶᠢᠨ ᠰᠠᠭᠤᠷᠢ ᠪᠦᠳᠦᠭᠡᠨ ᠪᠠᠶᠢᠭᠤᠯᠤᠯᠲᠠ᠂ ᠨᠣᠮ ᠵᠢᠭᠡᠯᠡᠨ ᠤᠩᠰᠢᠬᠤ᠂ ᠰᠢᠨ᠎ᠡ ᠨᠣᠮ ᠨᠥᠬᠦᠪᠥᠷᠢᠯᠡᠬᠦ᠂ | ᠠᠵᠢᠯᠯᠠᠭ᠎ᠠ ᠥᠷᠨᠢᠭᠦᠯᠦᠭᠰᠡᠨ ᠵᠢᠴᠢ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠴᠢ ᠰᠢᠶᠠᠩ ᠶᠠᠩ ᠵᠢᠭᠠᠵᠤ ᠭᠠᠷᠭᠠᠭᠰᠠᠨ ᠨᠢ᠂ ᠲᠠᠯ᠎ᠠ ᠨᠤᠲᠤᠭ ᠤᠨ ᠨᠣᠮ ᠤᠨ ᠥᠷᠥᠭᠡ ᠪᠣᠯ ᠦᠨᠳᠦᠰᠦᠨ | ᠱᠠᠲᠤᠨ ᠳᠤ ᠰᠠᠭᠤᠷᠢᠯᠠᠭᠰᠠᠨ ᠨᠣᠮ ᠤᠨ ᠥᠷᠥᠭᠡ ᠮᠥᠨ ᠪᠣᠯᠬᠤᠷ ᠪᠥᠲᠥᠭᠡᠨ ᠪᠠᠶᠢᠭᠤᠯᠬᠤ ᠨᠢ ᠲᠦᠢᠯ ᠤᠨ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠷᠤᠮᠵᠢᠭᠰᠠᠨ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠡᠯ᠎ᠡ ᠲᠠᠯ᠎ᠠ ᠨᠤᠲᠤᠭ ᠤᠨ ᠨᠣᠮ ᠤᠨ ᠥᠷᠥᠭᠡ ᠨᠢ | ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠠᠵᠢᠯᠯᠠᠭᠠᠨ ᠤ ᠪᠠᠶᠢᠳᠠᠯ ᠳᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠲᠠ ᠬᠢᠵᠦ᠂ ︽ᠲᠠᠯ᠎ᠠ ᠨᠤᠲᠤᠭ ᠤᠨ ᠨᠣᠮ ᠤᠨ ᠥᠷᠥᠭᠡ ᠶᠢᠨ | ᠬᠠᠮᠢᠶᠠᠷᠤᠯᠲᠠ ᠶᠢᠨ ᠲᠦᠷᠢᠮ︾᠂ ︽ᠵᠢᠭᠡᠯᠡᠨ ᠤᠩᠰᠢᠬᠤ ᠲᠦᠷᠢᠮ︾ ᠢ ᠪᠣᠳᠠᠲᠠᠶ ᠨᠠᠶᠢᠳᠠᠪᠤᠷᠢᠵᠢᠭᠤᠯᠤᠭᠰᠠᠨ | ᠡᠰᠡᠬᠦ ᠶᠢ ᠦᠵᠡᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ | ᠵᠠᠯᠠᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠠᠶᠢᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ︔ | ᠣᠲᠣ ᠶᠢᠨ ᠪᠠᠶᠢᠭ᠎ᠠ ᠪᠠᠶᠢᠳᠠᠯ ᠳᠣᠤᠷ᠎ᠠ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠵᠦᠶ | ᠵᠣᠬᠢᠰᠲᠠᠶ ᠠᠰᠢᠭᠯᠠᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠳᠦᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠳᠠᠷᠠᠭᠤᠯᠵᠤ᠂ ᠣᠯᠠᠨ ᠲᠦᠮᠡᠨ ᠳᠤ ᠦᠨᠳᠦᠰᠦᠨ ᠰᠣᠶᠣᠯ ᠤᠨ ᠦᠢᠯᠡᠴᠢᠯᠡᠭᠡ ᠬᠠᠩᠭᠠᠵᠤ᠂ | ᠨᠣᠮ ᠤᠨ ᠥᠷᠥᠭᠡ ᠶᠢᠨ ᠦᠢᠯᠡᠳᠦᠯ ᠢ ᠨᠠᠩ ᠶᠡᠭᠡ ᠪᠦᠲᠦᠮᠵᠢᠲᠡᠶ ᠪᠠᠷ ᠪᠠᠳᠠᠷᠠᠭᠤᠯᠵᠤ᠂ ᠪᠥᠬᠦ ᠠᠷᠠᠳ ᠢᠶᠠᠷ ᠢᠶᠠᠨ | ᠨᠣᠮ ᠤᠩᠰᠢᠬᠤ᠂ ᠪᠥᠬᠦ ᠠᠷᠠᠳ ᠢᠶᠠᠷ ᠢᠶᠠᠨ ᠣᠷᠣᠯᠴᠠᠬᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ | ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠥᠷᠨᠢᠯᠲᠡ ᠶᠢ ᠳᠡᠭᠡᠳᠦ ᠬᠡᠮᠵᠢ᠊ ᠡᠶ᠎ᠡ ᠪᠠᠷ | ᠴᠢᠬᠤᠯᠠᠴᠢᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠠᠯᠢ ᠤᠯᠠᠨ ᠤᠶᠤᠨ | ᠰᠠᠨᠠᠭᠠᠨ ᠤ ᠠᠭᠤᠯᠤᠭᠳᠠᠬᠤᠨ ᠲᠠᠢ ᠮᠥᠷᠲᠡᠭᠡᠨ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ︔ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠵᠡᠷᠭᠡ ᠵᠢᠭᠰᠠᠭᠠᠯ ᠤᠨ ᠭᠠᠵᠠᠷ ᠤᠨ ᠳᠠᠪᠠᠭᠤᠯᠢᠭ ᠲᠤ ᠲᠦᠰᠢᠭᠯᠡᠨ᠂ | ᠥᠪᠡᠷᠮᠢᠴᠡ ᠣᠨᠴᠠᠯᠢᠭ ᠲᠠᠢ ᠣᠯᠠᠨ ᠲᠦᠮᠡᠨᠴᠢ ᠴᠢᠨᠠᠷᠲᠠᠶ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ | ᠂ ᠦᠨᠳᠦᠰᠦᠨ ᠱᠠᠲᠤᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠰᠢᠰᠲ᠋ᠧᠮᠵᠢ ᠶᠢ | ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |