ᠨᠢᠳᠦᠨ ᠰᠢᠯ ᠵᠡᠭᠦᠪᠡᠯ ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠶᠢ ᠨᠡᠮᠡᠭᠳᠡᠭᠦᠯᠳᠡᠭ ᠤᠤ︖ | ᠣᠶᠢᠷ᠎ᠠ ᠬᠠᠷᠠᠭ᠎ᠠ ᠶᠢ ᠵᠠᠰᠠᠬᠤ ᠮᠡᠰᠡ ᠵᠠᠰᠠᠯ ᠬᠢᠵᠦ ᠪᠣᠯᠬᠤ ᠤᠤ︖ | ᠣᠶᠢᠷ᠎ᠠ ᠬᠠᠷᠠᠭ᠎ᠠ ᠶᠢ ᠬᠡᠷᠬᠢᠨ ᠰᠡᠷᠭᠡᠶᠢᠯᠡᠬᠦ ᠪᠣᠢ︖ | ᠡᠳᠡᠭᠡᠷ ᠠᠰᠠᠭᠤᠳᠠᠯ ᠤᠨ ᠲᠤᠬᠠᠶ ᠮᠡᠷᠭᠡᠵᠢᠯᠲᠡᠨ ᠨᠡᠷ ᠬᠠᠷᠢᠭᠤᠯᠲᠠ ᠥᠭᠭᠦᠯ᠎ᠡ︕ | ᠠᠰᠠᠭᠤᠯᠲᠠ᠄ ᠨᠢᠳᠦᠨ ᠰᠢᠯ ᠵᠡᠭᠦᠪᠡᠯ ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠶᠢ ᠤᠯᠠᠮ ᠠᠴᠠ ᠤᠯᠠᠮ | ᠭᠦᠨ ᠪᠣᠯᠭᠠᠳᠠᠭ ᠤᠤ︖ | ᠬᠠᠷᠢᠭᠤᠯᠬᠤ | ᠣᠯᠠᠩᠬᠢ ᠭᠡᠷ ᠤᠨ ᠠᠬᠠᠮᠠᠳ ᠤᠨ ᠦᠵᠡᠬᠦ ᠪᠠᠷ᠂ ᠨᠢᠳᠦᠨ ᠰᠢᠯ ᠵᠡᠭᠦᠪᠡᠯ ᠬᠡᠦᠬᠡᠳ ᠤᠨ ᠣᠶᠢᠷ᠎ᠠ | ᠬᠠᠷᠠᠭ᠎ᠠ ᠶᠢᠨ ᠬᠡᠮᠵᠢᠶ᠎ᠡ ᠶᠢ ᠤᠯᠠᠮ ᠠᠴᠠ ᠤᠯᠠᠮ ᠭᠦᠨᠵᠡᠭᠡᠶᠢᠷᠡᠭᠦᠯᠳᠡᠭ᠂ ᠡᠨᠡ ᠪᠣᠯ ᠨᠢᠭᠡ ᠵᠦᠢᠯ ᠤᠨ ᠪᠤᠷᠤᠭᠤ | ᠲᠠᠨᠢᠯᠲᠠ ᠪᠣᠯᠤᠨ᠎ᠠ᠃ ᠭᠡᠷᠡᠯ ᠤᠨ ᠤᠬᠠᠭᠠᠨ ᠤ ᠵᠠᠯᠠᠷᠠᠭᠤᠯᠭ᠎ᠠ ᠨᠢ ᠤᠢᠢᠷ᠎ᠠ ᠬᠠᠷᠠᠭ᠎ᠠ ᠶᠢᠨ ᠬᠥᠭᠵᠢᠯᠲᠡ ᠶᠢ ᠢᠯᠡᠭᠦᠴᠡ | ᠠᠬᠢᠭᠤᠯᠬᠤ ᠤᠢᠭᠡᠢ ᠶᠤᠮ᠃ ᠨᠢᠳᠦᠨ ᠰᠢᠯ ᠢ ᠵᠥᠪ ᠲᠠᠭᠠᠷᠠᠭᠤᠯᠤᠭᠰᠠᠨ ᠪᠠᠶᠢᠳᠠᠯ ᠳᠣᠣᠷ᠎ᠠ᠂ ᠣᠶᠢᠷ᠎ᠠ ᠬᠠᠷᠠᠭ᠎ᠠ ᠶᠢᠨ | ᠬᠡᠮᠵᠢᠶ᠎ᠡ ᠶᠢᠨ ᠨᠡᠮᠡᠭᠳᠡᠬᠦ ᠨᠢ ᠭᠤᠣᠯᠳᠠᠭᠤ ᠣᠶᠢᠷ᠎ᠠ ᠬᠠᠷᠠᠭ᠎ᠠ ᠶᠢᠨ ᠬᠥᠭᠵᠢᠯᠲᠡ ᠲᠠᠢ ᠬᠤᠯᠪᠣᠭ᠎ᠠ ᠲᠠᠢ ᠶᠤᠮ᠃ | ᠬᠡᠦᠬᠡᠳ ᠪᠠᠭᠠᠴᠤᠳ ᠵᠠᠯᠠᠭᠤ ᠨᠠᠰᠤᠨ ᠤ ᠦᠶ᠎ᠡ ᠳᠤ᠂ ᠬᠥᠮᠦᠨ ᠤ ᠬᠠᠷᠠᠭᠠᠨ ᠤ ᠴᠢᠳᠠᠪᠤᠷᠢ ᠶᠠᠭ ᠦᠳᠲᠡᠷ ᠲᠦᠷᠭᠡᠨ | ᠬᠥᠭᠵᠢᠯᠲᠡ ᠶᠢᠨ ᠱᠠᠲᠤᠨ ᠳᠠᠭᠠᠨ ᠪᠠᠶᠢᠵᠤ᠂ ᠬᠡᠷᠪᠡ ᠨᠢᠳᠦ ᠪᠠᠨ ᠵᠤᠬᠢᠰ ᠦᠭᠡᠢ ᠬᠡᠷᠡᠭᠯᠡᠪᠡᠯ ᠤᠢᠢᠷ᠎ᠠ ᠬᠠᠷᠠᠭ᠎ᠠ | ᠲᠠᠰᠤᠷᠠᠯᠲᠠ ᠦᠭᠡᠢ ᠭᠦᠨᠵᠡᠭᠡᠶᠢᠷᠡᠳᠡᠭ᠂ ᠬᠠᠷᠢᠨ ᠲᠣᠬᠢᠷᠠᠮᠵᠢᠲᠠᠶ ᠭᠷᠠᠳᠦ᠋ᠰ ᠤᠨ ᠲᠣᠭᠠᠨ ᠤ ᠨᠢᠳᠦᠨ ᠰᠢᠯ ᠢ ᠴᠠᠭ | ᠲᠤᠬᠠᠶ ᠳᠤᠨᠢ ᠵᠡᠭᠦᠪᠡᠯ ᠲᠣᠳᠣᠷᠬᠠᠶ ᠬᠠᠷᠠᠭᠠᠨ ᠤ ᠰᠡᠷᠡᠯ ᠢ ᠣᠯᠵᠤ᠂ ᠤᠢᠢᠷ᠎ᠠ ᠬᠠᠷᠠᠭ᠎ᠠ ᠶᠢᠨ ᠬᠥᠭᠵᠢᠯᠲᠡ ᠶᠢᠨ | ᠬᠤᠷᠳᠤᠴᠠ ᠶᠢ ᠤᠳᠠᠭᠠᠰᠢᠷᠠᠭᠤᠯᠵᠤ ᠪᠣᠯᠤᠨ᠎ᠠ᠃ | ᠠᠰᠠᠭᠤᠯᠲᠠ᠄ ᠬᠡᠦᠬᠡᠳ ᠪᠠᠭᠠᠴᠤᠳ ᠣᠶᠢᠷ᠎ᠠ ᠬᠠᠷᠠᠭ᠎ᠠ ᠲᠠᠢ ᠪᠣᠯᠤᠭᠰᠠᠨ ᠤ ᠰᠢᠯᠲᠠᠭᠠᠨ ᠨᠢ ᠶᠠᠭᠤ ᠪᠣᠢ︖ | ᠬᠠᠷᠢᠭᠤᠯᠬᠤ | ᠣᠶᠢᠷ᠎ᠠ ᠬᠠᠷᠠᠭ᠎ᠠ ᠶᠢ ᠪᠣᠢ ᠪᠣᠯᠭᠠᠬᠤ ᠭᠤᠣᠯ ᠡᠯᠧᠮᠧᠨ᠋ᠲ ᠬᠤᠶᠠᠷ ᠪᠣᠢ᠄ ᠨᠢᠭᠡ ᠨᠢ ᠤᠳᠤᠮᠰᠢᠯ ᠤᠨ ᠡᠯᠧᠮᠧᠨ᠋ᠲ | ᠂ ᠨᠥᠭᠦᠭᠡ ᠨᠢ ᠣᠷᠴᠢᠨ ᠲᠣᠭᠤᠷᠢᠨ ᠤ ᠡᠯᠧᠮᠧᠨ᠋ᠲ ᠪᠣᠯᠤᠨ᠎ᠠ᠃ ᠤᠳᠤᠮᠰᠢᠯ ᠤᠨ ᠡᠯᠧᠮᠧᠨ᠋ᠲ ᠨᠢ ᠭᠤᠣᠯᠳᠠᠭᠤ ᠳᠡᠭᠡᠳᠦ | ᠬᠡᠮᠵᠢᠶᠡᠨ ᠤ ᠣᠶᠢᠷ᠎ᠠ ᠬᠠᠷᠠᠭ᠎ᠠ ᠲᠠᠢ ᠭᠡᠷ ᠪᠦᠯᠢ ᠶᠢᠨ ᠲᠡᠦᠬᠡ ᠲᠠᠢ ᠬᠡᠦᠬᠡᠳ ᠪᠠᠭᠠᠴᠤᠳ ᠢ ᠨᠥᠯᠥᠭᠡᠯᠡᠳᠡᠭ᠃ | ᠭᠡᠬᠦ ᠳᠡᠭᠡᠨ ᠣᠷᠴᠢᠨ ᠲᠣᠭᠤᠷᠢᠨ ᠤ ᠡᠯᠧᠮᠧᠨ᠋ᠲ ᠨᠢ ᠭᠤᠣᠯᠳᠠᠭᠤ ᠥᠨᠳᠥᠷ ᠬᠦᠴᠦᠯᠡᠴᠡ ᠲᠠᠢ ᠤᠢᠢᠷ᠎ᠠ ᠵᠠᠶ ᠠᠴᠠ | ᠨᠢᠳᠦ ᠬᠡᠷᠡᠭᠯᠡᠳᠡᠭ᠂ ᠡᠨᠡ ᠨᠢ ᠮᠠᠨ ᠤ ᠤᠯᠤᠰ ᠤᠨ ᠬᠡᠦᠬᠡᠳ ᠪᠠᠭᠠᠴᠤᠳ ᠤᠨ ᠤᠢᠢᠷ᠎ᠠ ᠬᠠᠷᠠᠭ᠎ᠠ ᠶᠢ ᠥᠨᠳᠥᠷ | ᠬᠠᠷᠠᠭ᠎ᠠ ᠲᠠᠢ ᠪᠣᠯᠭᠠᠭᠰᠠᠨ ᠤ ᠭᠤᠣᠯ ᠰᠢᠯᠲᠠᠭᠠᠨ ᠪᠣᠯᠤᠨ᠎ᠠ᠃ ᠣᠲᠣ ᠶᠢᠨ ᠨᠡᠶᠢᠭᠡᠮ ᠳᠤ᠂ ᠬᠡᠷ ᠤᠨ ᠠᠬᠠᠮᠠᠳ ᠤᠨ | ᠡᠯᠧᠺᠲᠷᠣᠨ ᠲᠣᠨᠤᠭ ᠲᠥᠬᠦᠭᠡᠷᠦᠮᠵᠢ ᠶᠢ ᠬᠠᠮᠢᠶᠠᠷᠤᠨ ᠡᠵᠡᠮᠳᠡᠬᠦ ᠲᠠᠯ᠎ᠠ ᠪᠠᠷ ᠬᠦᠷᠦᠯᠴᠡᠬᠦ ᠥᠬᠡᠶ᠂ ᠬᠡᠤᠬᠡᠳ ᠤᠨ | ᠥᠪᠡᠷ ᠢ ᠪᠠᠨ ᠡᠵᠡᠮᠳᠡᠬᠦ ᠴᠢᠳᠠᠪᠤᠷᠢ ᠨᠢ ᠴᠦ ᠪᠠᠭᠤᠷᠠᠶ ᠪᠠᠶᠢᠵᠤ᠂ ᠦᠷᠭᠦᠯᠵᠢ ᠦᠵᠡᠮᠡᠭᠴᠡ ᠣᠷᠳᠣ ᠬᠤᠭᠤᠴᠠᠭ᠎ᠠ | ᠦᠷᠭᠦᠯᠵᠢᠯᠡᠳᠡᠭ᠂ ᠡᠨᠡ ᠨᠢ ᠣᠶᠢᠷ᠎ᠠ ᠬᠠᠷᠠᠭ᠎ᠠ ᠶᠢᠨ ᠡᠭᠦᠰᠴᠦ ᠬᠥᠭᠵᠢᠬᠦ ᠶᠢ ᠠᠬᠢᠭᠤᠯᠵᠤ ᠪᠠᠶᠢᠨ᠎ᠠ | ᠠᠰᠠᠭᠤᠯᠲᠠ᠄ ᠣᠶᠢᠷ᠎ᠠ ᠬᠠᠷᠠᠭ᠎ᠠ ᠶᠢ ᠵᠠᠰᠠᠵᠤ ᠡᠳᠡᠭᠡᠷᠡᠭᠦᠯᠵᠦ ᠲᠠᠶᠢᠯᠤᠨ᠎ᠠ ᠤᠤ︖ | ᠬᠠᠷᠢᠭᠤᠯᠬᠤ | ᠡᠭᠦᠨ ᠳᠤ ᠬᠤᠶᠠᠷ ᠵᠦᠢᠯ ᠢ ᠴᠢᠬᠤᠯᠠᠴᠢᠯᠠᠬᠤ ᠬᠡᠷᠡᠭᠲᠡᠶ᠃ ᠨᠢᠭᠡ ᠳᠤ ᠣᠶᠢᠷ᠎ᠠ ᠬᠠᠷᠠᠭ᠎ᠠ ᠨᠢ ︽ᠥᠪᠡᠷ ᠢᠶᠠᠨ | ᠡᠳᠡᠭᠡᠷᠡᠵᠦ︾ ᠲᠠᠶᠢᠯᠤᠨ᠎ᠠ ᠤᠤ︖ ᠡᠭᠦᠨ ᠤ ᠬᠠᠷᠢᠭᠤᠯᠲᠠ ᠨᠢ ︽ᠪᠣᠯᠬᠤ ᠦᠭᠡᠶ︾᠃ ᠣᠶᠢᠷ᠎ᠠ ᠬᠠᠷᠠᠭ᠎ᠠ ᠲᠠᠢ | ᠪᠣᠯᠤᠭᠰᠠᠨ ᠤ ᠳᠠᠷᠠᠭ᠎ᠠ ᠨᠢᠳᠦᠨ ᠤ ᠲᠡᠩᠭᠡᠯᠢᠭ ᠨᠢ ᠣᠷᠳᠣ ᠪᠣᠯᠳᠠᠭ᠂ ᠡᠨᠡ ᠬᠦ ᠬᠤᠪᠢᠷᠠᠯᠲᠠ ᠨᠢ ᠪᠤᠴᠠᠰᠢ ᠥᠬᠡᠶ | ᠶᠤᠮ᠃ ᠬᠤᠶᠠᠷ ᠲᠤ ᠣᠶᠢᠷ᠎ᠠ ᠬᠠᠷᠠᠭ᠎ᠠ ᠶᠢ ︽ᠵᠠᠰᠠᠵᠤ ᠡᠳᠡᠭᠡᠷᠡᠭᠦᠯᠵᠦ︾ ᠲᠠᠶᠢᠯᠤᠨ᠎ᠠ ᠤᠤ︖ ᠡᠭᠦᠨ ᠤ | ᠬᠠᠷᠢᠭᠤᠯᠲᠠ ᠨᠢ ᠪᠠᠰᠠ ︽ᠪᠣᠯᠬᠤ ᠦᠭᠡᠢ︾᠃ ᠣᠳᠣᠬᠠᠨ ᠤ ᠠᠨᠠᠭᠠᠬᠤ ᠤᠬᠠᠭᠠᠨ ᠤ ᠵᠠᠰᠠᠯᠭ᠎ᠠ ᠶᠢᠨ ᠠᠷᠭ᠎ᠠ | ᠪᠠᠷᠢᠯ ᠨᠢ ᠵᠥᠪᠬᠡᠨ ᠭᠡᠷᠡᠯ ᠤᠨ ᠤᠬᠠᠭᠠᠨ ᠤ ᠵᠠᠰᠠᠯ ᠢᠶᠠᠷ ᠬᠡᠦᠬᠡᠳ ᠤᠨ ᠬᠠᠷᠠᠭ᠎ᠠ ᠶᠢ ᠰᠠᠶᠢᠵᠢᠷᠠᠭᠤᠯᠤᠨ᠎ᠠ᠂ ᠭᠡᠪᠡᠴᠦ | ᠨᠢᠳᠦᠨ ᠴᠡᠴᠡᠭᠡᠶ ᠶᠢᠨ ᠨᠢᠭᠡᠨᠲᠡ ᠡᠭᠦᠰᠦᠭᠰᠡᠨ ᠪᠦᠲᠦᠴᠡ ᠶᠢᠨ ᠬᠤᠪᠢᠷᠠᠯᠲᠠ ᠶᠢ ᠬᠤᠪᠢᠷᠠᠭᠤᠯᠵᠤ ᠳᠡᠶᠢᠯᠬᠦ ᠦᠭᠡᠢ | ᠶᠤᠮ᠃ ᠡᠶᠢᠮᠦ ᠠᠴᠠ ᠭᠡᠷ ᠤᠨ ᠠᠬᠠᠮᠠᠳ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ︾ | ᠣᠶᠢᠯᠠᠭᠠᠭᠳᠠᠬᠤᠨ ᠢ ᠪᠣᠢ ᠪᠣᠯᠭᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠬᠡᠦᠬᠡᠳ ᠢᠶᠠᠨ ᠳᠠᠭᠠᠭᠤᠯᠤᠨ | ᠨᠢᠳᠦ ᠶᠢ ᠨᠢ ᠪᠠᠶᠢᠴᠠᠭᠠᠯᠭᠠᠬᠤ ᠬᠡᠷᠡᠭᠲᠡᠶ᠃ | ᠠᠰᠠᠭᠤᠯᠲᠠ᠄ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠪᠠᠨ ᠵᠠᠯᠠᠷᠠᠭᠤᠯᠬᠤ ᠳᠤ ᠶᠠᠮᠠᠷ ᠶᠠᠮᠠᠷ ᠠᠷᠭ᠎ᠠ ᠪᠠᠷᠢᠯ | ᠪᠠᠶᠢᠬᠤ ᠪᠣᠢ︖ | ᠬᠠᠷᠢᠭᠤᠯᠬᠤ | ᠨᠢᠭᠡᠳᠦᠭᠡᠷ ᠲᠤ᠂ ᠬᠠᠪᠢᠰᠤᠲᠠᠶ ᠨᠢᠳᠦᠨ ᠰᠢᠯ ᠵᠡᠭᠦᠨ᠎ᠡ᠂ ᠡᠨᠡ ᠪᠣᠯ ᠣᠳᠣᠬᠠᠨ ᠳᠤ ᠨᠡᠯᠢᠶᠡᠳ ᠲᠦᠭᠡᠮᠡᠯ | ᠬᠡᠷᠡᠭᠯᠡᠵᠦ ᠪᠠᠶᠢᠭ᠎ᠠ ᠵᠠᠯᠠᠷᠠᠭᠤᠯᠬᠤ ᠠᠷᠭ᠎ᠠ ᠪᠣᠯᠤᠨ᠎ᠠ᠃ ᠬᠤᠶᠠᠳᠤᠭᠠᠷ ᠲᠤ᠂ ᠡᠪᠡᠷᠯᠢᠭ ᠪᠦᠷᠬᠦᠪᠴᠢ ᠶᠢᠨ ᠰᠦᠯᠢᠶᠣᠣ | ᠰᠢᠯ ᠢ ᠵᠡᠭᠦᠨ᠎ᠡ᠂ ᠳᠠᠷᠤᠶ OK ᠰᠢᠯ ᠪᠣᠯᠤᠨ᠎ᠠ᠂ ᠲᠡᠷᠡ ᠨᠢ ᠣᠶᠢᠷ᠎ᠠ ᠬᠠᠷᠠᠭ᠎ᠠ ᠶᠢᠨ ᠬᠥᠭᠵᠢᠯᠲᠡ ᠶᠢ ᠵᠣᠬᠢᠬᠤ | ᠬᠡᠮᠵᠢᠶ᠎ᠡ ᠪᠠᠷ ᠤᠳᠠᠭᠠᠰᠢᠷᠠᠭᠤᠯᠬᠤ ᠦᠢᠯᠡᠳᠦᠯ ᠲᠠᠢ᠃ ᠭᠡᠪᠡᠴᠦ ᠴᠢᠬᠤᠯᠠᠴᠢᠯᠠᠭᠤᠰᠢᠲᠠᠶ ᠨᠢ᠂ OK ᠰᠢᠯ | ᠲᠠᠭᠠᠷᠠᠭᠤᠯᠤᠨ ᠵᠡᠭᠦᠬᠦ ᠳᠤ ᠡᠮᠴᠢ ᠶᠢᠨ ᠴᠢᠩᠭ᠎ᠠ ᠨᠢᠮᠪᠠᠶ ᠦᠨᠡᠯᠡᠯᠲᠡ᠂ ᠪᠦᠬᠦ ᠲᠠᠯ᠎ᠠ ᠶᠢᠨ ᠨᠠᠷᠢᠨ ᠪᠠᠶᠢᠴᠠᠭᠠᠯᠲᠠ ᠪᠠ | ᠵᠣᠬᠢᠰᠲᠠᠶ ᠵᠡᠭᠦᠬᠦ ᠶᠢ ᠳᠠᠮᠵᠢᠮᠠᠨᠵᠢᠨ ᠰᠠᠶ᠋ᠢ ᠪᠡᠶᠡᠯᠡᠭᠦᠯᠵᠦ ᠲᠠᠶᠢᠯᠤᠨ᠎ᠠ ᠭᠡᠳᠡᠭ ᠢ ᠴᠢᠬᠤᠯᠠᠴᠢᠯᠠᠭᠤᠰᠢᠲᠠᠶ ᠶᠤᠮ᠃ ᠡᠨᠡ | ᠬᠦ ᠰᠢᠯ ᠢ ᠵᠡᠭᠦᠬᠦ ᠳᠤ ᠡᠮᠴᠢ ᠶᠢᠨ ᠴᠢᠩᠭ᠎ᠠ ᠨᠢᠮᠪᠠᠶ ᠬᠢᠨᠠᠨ ᠮᠠᠭᠠᠳᠯᠠᠯᠲᠠ᠂ ᠪᠦᠬᠦ ᠲᠠᠯ᠎ᠠ ᠶᠢᠨ ᠨᠠᠷᠢᠨ ᠨᠢᠮᠪᠠᠶ | ᠪᠠᠶᠢᠴᠠᠭᠠᠯᠲᠠ ᠪᠠ ᠵᠣᠬᠢᠰᠲᠠᠶ ᠵᠡᠭᠦᠬᠦ ᠶᠢ ᠳᠠᠮᠵᠢᠪᠠᠯ ᠰᠠᠶ᠋ᠢ ᠪᠡᠶᠡᠯᠡᠭᠦᠯᠵᠦ ᠲᠠᠶᠢᠯᠤᠨ᠎ᠠ᠃ ᠭᠤᠷᠪᠠᠳᠤᠭᠠᠷ ᠲᠤ᠂ | ᠳᠣᠣᠷ᠎ᠠ ᠥᠳᠬᠡᠴᠡ ᠲᠠᠢ ᠠᠲᠷᠤᠫᠢᠨ ᠤ ᠨᠢᠳᠦᠨ ᠳᠤ ᠳᠤᠰᠤᠭᠠᠬᠤ ᠰᠢᠩᠭᠡᠨ ᠢ ᠣᠶᠢᠷ᠎ᠠ ᠬᠠᠷᠠᠭ᠎ᠠ ᠶᠢᠨ | ᠬᠥᠭᠵᠢᠯᠲᠡ ᠶᠢᠨ ᠬᠤᠷᠳᠤᠴᠠ ᠶᠢ ᠤᠳᠠᠭᠠᠰᠢᠷᠠᠭᠤᠯᠬᠤ ᠪᠤᠶᠤ ᠬᠢᠵᠠᠭᠠᠷᠯᠠᠬᠤ ᠳᠤ ᠬᠡᠷᠡᠭᠯᠡᠨ᠎ᠡ᠃ ᠭᠡᠷ ᠤᠨ ᠠᠬᠠᠮᠠᠳ | ᠬᠡᠦᠬᠡᠳ ᠢᠶᠠᠨ ᠳᠠᠭᠠᠭᠤᠯᠵᠤ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠳᠤ ᠣᠴᠢᠵᠤ᠂ ᠡᠮᠴᠢ ᠶᠢᠨ ᠶᠡᠷᠦᠩᠬᠡᠶ | ᠮᠠᠭᠠᠳᠯᠠᠯᠲᠠ ᠪᠠᠷ ᠳᠠᠮᠵᠢᠨ ᠬᠡᠦᠬᠡᠳ ᠲᠤ ᠲᠣᠬᠢᠷᠠᠬᠤ ᠣᠶᠢᠷ᠎ᠠ ᠬᠠᠷᠠᠭ᠎ᠠ ᠶᠢ ᠵᠠᠯᠠᠷᠠᠭᠤᠯᠬᠤ ᠠᠷᠭ᠎ᠠ ᠶᠢ ᠰᠣᠩᠭᠤᠬᠤ ᠶᠢ | ᠰᠠᠨᠠᠭᠤᠯᠤᠶ᠎ᠠ᠃ | ᠠᠰᠠᠭᠤᠯᠲᠠ᠄ ᠬᠡᠦᠬᠡᠳ ᠣᠶᠢᠷ᠎ᠠ ᠬᠠᠷᠠᠭ᠎ᠠ ᠲᠠᠢ ᠮᠡᠰᠡ ᠵᠠᠰᠠᠯ ᠬᠢᠵᠦ ᠪᠣᠯᠤᠨ᠎ᠠ ᠤᠤ︖ | ᠬᠠᠷᠢᠭᠤᠯᠬᠤ | ᠣᠶᠢᠷ᠎ᠠ ᠬᠠᠷᠠᠭ᠎ᠠ ᠶᠢ ᠵᠠᠯᠠᠷᠠᠭᠤᠯᠬᠤ ᠮᠡᠰᠡ ᠵᠠᠰᠠᠯ ᠳᠤ ᠴᠢᠩᠭ᠎ᠠ ᠲᠣᠬᠢᠷᠠᠬᠤ ᠡᠪᠡᠳᠴᠢᠨ ᠲᠠᠢ᠄ | ᠡᠪᠡᠳᠴᠢᠲᠡᠨ ᠤ ᠨᠠᠰᠤᠨ ᠤ ᠱᠠᠭᠠᠷᠳᠠᠯᠭ᠎ᠠ ᠨᠢ 18 ᠨᠠᠰᠤᠨ ᠠᠴᠠ ᠳᠡᠭᠡᠭᠰᠢ᠂ ᠣᠶᠢᠷ᠎ᠠ ᠬᠠᠷᠠᠭ᠎ᠠ ᠶᠢᠨ ᠬᠡᠮᠵᠢᠶ᠎ᠡ ᠶᠢ | ᠲᠣᠭᠲᠠᠪᠤᠷᠢᠲᠠᠶ᠂ ᠡᠪᠡᠷᠯᠢᠭ ᠪᠦᠷᠬᠦᠪᠴᠢ ᠶᠢᠨ ᠯᠠᠶᠢᠰᠧᠷ ᠤᠨ ᠮᠡᠰᠡ ᠵᠠᠰᠠᠯ ᠬᠢᠵᠦ ᠪᠠᠶᠢᠭ᠎ᠠ ᠡᠪᠡᠳᠴᠢᠲᠡᠨ ᠤ ᠣᠶᠢᠷ᠎ᠠ | ᠬᠠᠷᠠᠭ᠎ᠠ ᠶᠢᠨ ᠬᠡᠮᠵᠢᠶ᠎ᠡ ᠶᠢ 1000 ᠭᠷᠠᠳᠦ᠋ᠰ ᠠᠴᠠ ᠬᠡᠲᠦᠷᠡᠭᠦᠯᠬᠦ ᠦᠭᠡᠢ᠂ ᠨᠢᠳᠦᠨ ᠤ ᠳᠣᠲᠣᠷᠠᠬᠢ ᠲᠠᠯᠠᠰᠲᠤ ᠶᠢ | ᠲᠠᠷᠢᠵᠦ ᠣᠷᠣᠭᠤᠯᠬᠤ ᠮᠡᠰᠡ ᠵᠠᠰᠠᠯ ᠬᠢᠵᠦ ᠪᠠᠶᠢᠭ᠎ᠠ ᠡᠪᠡᠳᠴᠢᠲᠡᠨ ᠤ ᠣᠶᠢᠷ᠎ᠠ ᠬᠠᠷᠠᠭ᠎ᠠ ᠶᠢᠨ ᠬᠡᠮᠵᠢᠶ᠎ᠡ ᠶᠢ 1800 | ᠭᠷᠠᠳᠦ᠋ᠰ ᠠᠴᠠ ᠬᠡᠲᠦᠷᠡᠭᠦᠯᠬᠦ ᠦᠭᠡᠢ᠂ ᠬᠠᠷᠠᠭ᠎ᠠ ᠰᠠᠷᠨᠢᠭᠤᠯᠬᠤ ᠬᠡᠮᠵᠢᠶ᠎ᠡ ᠶᠢ 600 ᠭᠷᠠᠳᠦ᠋ᠰ ᠤᠨ ᠳᠣᠲᠣᠷ᠎ᠠ | ᠪᠠᠶᠢᠯᠭᠠᠨ᠎ᠠ᠃ | ᠢᠷᠡᠯᠲᠡ᠄ ᠡᠷᠡᠭᠦᠯ ᠴᠢᠬᠢᠷᠠᠭ ᠳᠤᠮᠳᠠᠳᠦ ᠤᠯᠤᠰ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |