︽ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ︾ ᠪᠣᠯ ᠰᠢᠩ ᠾᠧ ᠰᠢᠶᠠᠨ ᠤ ᠬᠦᠴᠦᠯᠡᠨ ᠪᠣᠶ | ᠪᠣᠯᠭᠠᠭᠰᠠᠨ ᠲᠠᠷᠢᠶᠠᠯᠠᠩ ᠤᠨ ᠣᠨᠴᠠ ᠭᠠᠷᠤᠯᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠪᠠᠶᠢᠵᠤ᠂ ᠶᠡᠷᠦᠩᠬᠡᠶᠢᠯᠡᠭᠰᠡᠨ ᠴᠢᠨᠠᠷᠲᠠᠶ ᠨᠠᠷᠠᠲᠤ ᠲᠡᠮᠳᠡᠭ ᠤᠨ ᠣᠨᠴᠠ ᠴᠢᠨᠠᠷ ᠢᠶᠠᠷ ᠰᠢᠩ ᠾᠧ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠰᠢᠶᠠᠨ ᠤ | ᠬᠡᠪᠴᠢᠶᠡᠨ ᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠣᠨᠴᠠᠯᠢᠭ ᠢ ᠪᠠᠭᠲᠠᠭᠠᠵᠤ᠂ ᠠᠵᠤ | ᠠᠬᠤᠶᠢᠯᠠᠯ ᠤᠨ ᠪᠦᠲᠦᠭᠡᠭᠳᠡᠬᠦᠨ ᠤ ᠳᠡᠯᠭᠡᠷᠡᠭᠦᠯᠦᠯᠲᠡ᠂ ᠲᠠᠷᠢᠶᠠᠯᠠᠩ ᠤᠨ ᠣᠨᠴᠠ ᠭᠠᠷᠤᠯᠲᠠ ᠶᠢᠨ ᠶᠠᠰᠤ ᠴᠢᠨᠠᠷ ᠤᠨ | ᠠᠮᠤᠷ ᠲᠦᠪᠰᠢᠨ ᠤ ᠮᠥᠷᠳᠡᠯᠲᠡ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠣᠳᠣᠬᠠᠨ ᠳᠤ ᠰᠢᠩ | ᠾᠧ ᠶᠢᠨ ᠣᠯᠣᠰᠣᠨ ᠤ ᠲᠣᠰᠣ᠂ ᠰᠢᠩ ᠾᠧ ᠶᠢᠨ ᠨᠦᠢᠯ ᠪᠤᠭᠤᠳᠠᠢ᠂ ᠰᠢᠩ ᠾᠧ ᠶᠢᠨ ᠬᠤᠨᠢᠨ ᠮᠢᠬ᠎ᠠ᠂ ᠰᠢᠩ | ᠾᠧ ᠶᠢᠨ ᠬᠤᠨᠢᠨ ᠤ ᠬᠤᠯᠢᠴᠠ᠂ ᠰᠢᠩ ᠾᠧ ᠶᠢᠨ ᠬᠤᠯᠢᠮᠠᠭ ᠠᠮᠤ ᠵᠡᠷᠭᠡ ᠲᠠᠪᠤᠨ ᠲᠥᠷᠥᠯ ᠤᠨ ᠪᠦᠲᠦᠭᠡᠭᠳᠡᠬᠦᠨ ᠤ | ᠪᠣᠭᠤᠳᠠᠯ ᠤᠨ ᠵᠢᠷᠤᠭ ᠲᠥᠯᠥᠪᠯᠡᠭᠡ ᠵᠢᠴᠢ ᠢᠵᠢ ᠪᠦᠷᠢᠨ ᠲᠥᠰᠦᠪᠯᠡᠯ ᠲᠠᠢ ᠪᠠᠶᠢᠨ᠎ᠠ᠃ | ︽ᠲᠠᠷᠢᠶᠠᠯᠠᠩ ᠢ ᠬᠥᠭᠵᠢᠭᠦᠯᠬᠦ ᠪᠠ ᠮᠠᠯ ᠠᠵᠤ ᠠᠬᠤᠶ ᠶᠢ ᠬᠥᠭᠵᠢᠭᠦᠯᠬᠦ︾ ᠰᠠᠶᠢᠨ ᠰᠠᠶᠢᠬᠠᠨ ᠡᠬᠢ | ᠪᠠᠶᠠᠯᠢᠭ ᠲᠤ ᠲᠦᠰᠢᠭᠯᠡᠨ ᠨᠡᠭᠡᠭᠡᠭᠰᠡᠨ ᠵᠢᠩ ᠳ᠋ᠦᠩ ᠲᠠᠪᠴᠠᠩ ᠵᠢᠴᠢ ᠪᠢᠴᠢᠯ ᠬᠤᠳᠠᠯᠳᠤᠭᠠᠨ ᠤ ᠬᠤᠲᠠ ᠶᠢᠨ ︽ | ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠣᠷᠳᠣᠨ᠂ ᠰᠢᠩ ᠾᠧ ᠰᠢᠶᠠᠨ︾ ᠣᠲᠣ ᠨᠢᠭᠡᠨᠲᠡ 6 ᠠᠵᠤ | ᠠᠬᠤᠶᠢᠯᠠᠯ ᠳᠤ ᠠᠮᠵᠢᠯᠲᠠ ᠲᠠᠢ ᠪᠠᠷ ᠣᠷᠣᠵᠤ ᠰᠠᠭᠤᠭᠠᠳ᠂ ᠰᠢᠶᠠᠨ ᠤ ᠬᠡᠪᠴᠢᠶᠡᠨ ᠤ ᠤᠨᠴᠠᠯᠢᠬᠳᠤ ᠲᠠᠷᠢᠶᠠᠯᠠᠩ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠨᠡᠶᠢᠲᠡ 300 ᠭᠠᠷᠤᠶ ᠪᠣᠯᠵᠣ᠂ ᠪᠣᠷᠣᠯᠠᠭᠤᠯᠭ᠎ᠠ ᠶᠢᠨ ᠬᠡᠮᠵᠢᠶ᠎ᠡ ᠨᠢ | ᠨᠢᠭᠡᠨᠲᠡ 360 ᠲᠦᠮᠡᠨ ᠲᠥᠭᠦᠷᠢᠭ ᠢ ᠳᠠᠪᠠᠵᠤ᠂ ᠰᠢᠶᠠᠨ ᠤ ᠬᠡᠪᠴᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠤ | ᠪᠣᠷᠣᠯᠠᠭᠤᠯᠭ᠎ᠠ ᠶᠢᠨ ᠠᠷᠭ᠎ᠠ ᠵᠠᠮ ᠢ ᠪᠦᠲᠦᠮᠵᠢᠲᠡᠶ ᠪᠠᠷ ᠥᠷᠭᠡᠳᠬᠡᠨ᠂ ᠰᠢᠩ ᠾᠧ ᠰᠢᠶᠠᠨ ᠤ ᠰᠦᠯᠵᠢᠶᠡᠨ ᠤ | ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠳᠤ ᠨᠠᠷᠠᠲᠤ ᠲᠡᠮᠳᠡᠭ ᠤᠨ ᠠᠯᠳᠠᠷᠰᠢᠯ ᠢ | ᠨᠡᠮᠡᠷᠢᠯᠡᠵᠦ᠂ ᠰᠢᠩ ᠾᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ | ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |