ᠮᠠᠨ ᠤ ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠨᠢ ᠬᠥᠳᠡᠭᠡ ᠲᠣᠰᠬᠤᠨ ᠢ ᠬᠦᠭᠵᠢᠭᠦᠯᠦᠨ᠎ᠡ
ᠨᠡᠶᠢᠲᠡᠯᠡᠭᠰᠡᠨ ᠴᠠᠭ᠄
2022/8/19
     ︽ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ︾ ᠪᠣᠯ ᠰᠢᠩ ᠾᠧ ᠰᠢᠶᠠᠨ ᠤ ᠬᠦᠴᠦᠯᠡᠨ ᠪᠣᠶ ᠪᠣᠯᠭᠠᠭᠰᠠᠨ ᠲᠠᠷᠢᠶᠠᠯᠠᠩ ᠤᠨ ᠣᠨᠴᠠ ᠭᠠᠷᠤᠯᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠪᠠᠶᠢᠵᠤ᠂ ᠶᠡᠷᠦᠩᠬᠡᠶᠢᠯᠡᠭᠰᠡᠨ ᠴᠢᠨᠠᠷᠲᠠᠶ ᠨᠠᠷᠠᠲᠤ ᠲᠡᠮᠳᠡᠭ ᠤᠨ ᠣᠨᠴᠠ ᠴᠢᠨᠠᠷ ᠢᠶᠠᠷ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠰᠢᠶᠠᠨ ᠤ ᠬᠡᠪᠴᠢᠶᠡᠨ ᠤ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠣᠨᠴᠠᠯᠢᠭ ᠢ ᠪᠠᠭᠲᠠᠭᠠᠵᠤ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠳᠡᠯᠭᠡᠷᠡᠭᠦᠯᠦᠯᠲᠡ᠂ ᠲᠠᠷᠢᠶᠠᠯᠠᠩ ᠤᠨ ᠣᠨᠴᠠ ᠭᠠᠷᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠣᠳᠣᠬᠠᠨ ᠳᠤ ᠰᠢᠩ ᠾᠧ ᠶᠢᠨ ᠣᠯᠣᠰᠣᠨ ᠤ ᠲᠣᠰᠣ᠂ ᠰᠢᠩ ᠾᠧ ᠶᠢᠨ ᠨᠦᠢᠯ ᠪᠤᠭᠤᠳᠠᠢ᠂ ᠰᠢᠩ ᠾᠧ ᠶᠢᠨ ᠬᠤᠨᠢᠨ ᠮᠢᠬ᠎ᠠ᠂ ᠰᠢᠩ ᠾᠧ ᠶᠢᠨ ᠬᠤᠨᠢᠨ ᠤ ᠬᠤᠯᠢᠴᠠ᠂ ᠰᠢᠩ ᠾᠧ ᠶᠢᠨ ᠬᠤᠯᠢᠮᠠᠭ ᠠᠮᠤ ᠵᠡᠷᠭᠡ ᠲᠠᠪᠤᠨ ᠲᠥᠷᠥᠯ ᠤᠨ ᠪᠦᠲᠦᠭᠡᠭᠳᠡᠬᠦᠨ ᠤ ᠪᠣᠭᠤᠳᠠᠯ ᠤᠨ ᠵᠢᠷᠤᠭ ᠲᠥᠯᠥᠪᠯᠡᠭᠡ ᠵᠢᠴᠢ ᠢᠵᠢ ᠪᠦᠷᠢᠨ ᠲᠥᠰᠦᠪᠯᠡᠯ ᠲᠠᠢ ᠪᠠᠶᠢᠨ᠎ᠠ᠃      ︽ᠲᠠᠷᠢᠶᠠᠯᠠᠩ ᠢ ᠬᠥᠭᠵᠢᠭᠦᠯᠬᠦ ᠪᠠ ᠮᠠᠯ ᠠᠵᠤ ᠠᠬᠤᠶ ᠶᠢ ᠬᠥᠭᠵᠢᠭᠦᠯᠬᠦ︾ ᠰᠠᠶᠢᠨ ᠰᠠᠶᠢᠬᠠᠨ ᠡᠬᠢ ᠪᠠᠶᠠᠯᠢᠭ ᠲᠤ ᠲᠦᠰᠢᠭᠯᠡᠨ ᠨᠡᠭᠡᠭᠡᠭᠰᠡᠨ ᠵᠢᠩ ᠳ᠋ᠦᠩ ᠲᠠᠪᠴᠠᠩ ᠵᠢᠴᠢ ᠪᠢᠴᠢᠯ ᠬᠤᠳᠠᠯᠳᠤᠭᠠᠨ ᠤ ᠬᠤᠲᠠ ᠶᠢᠨ ︽ᠳᠤᠮᠳᠠᠳᠤ ᠤᠯᠤᠰ ᠤᠨ ᠣᠨᠴᠠ ᠭᠠᠷᠤᠯᠲᠠ ᠶᠢᠨ ᠣᠷᠳᠣᠨ᠂ ᠰᠢᠩ ᠾᠧ ᠰᠢᠶᠠᠨ︾ ᠣᠲᠣ ᠨᠢᠭᠡᠨᠲᠡ 6 ᠠᠵᠤ ᠠᠬᠤᠶᠢᠯᠠᠯ ᠳᠤ ᠠᠮᠵᠢᠯᠲᠠ ᠲᠠᠢ ᠪᠠᠷ ᠣᠷᠣᠵᠤ ᠰᠠᠭᠤᠭᠠᠳ᠂ ᠰᠢᠶᠠᠨ ᠤ ᠬᠡᠪᠴᠢᠶᠡᠨ ᠤ ᠤᠨᠴᠠᠯᠢᠬᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠨᠡᠶᠢᠲᠡ 300 ᠭᠠᠷᠤᠶ ᠪᠣᠯᠵᠣ᠂ ᠪᠣᠷᠣᠯᠠᠭᠤᠯᠭ᠎ᠠ ᠶᠢᠨ ᠬᠡᠮᠵᠢᠶ᠎ᠡ ᠨᠢ ᠨᠢᠭᠡᠨᠲᠡ 360 ᠲᠦᠮᠡᠨ ᠲᠥᠭᠦᠷᠢᠭ ᠢ ᠳᠠᠪᠠᠵᠤ᠂ ᠰᠢᠶᠠᠨ ᠤ ᠬᠡᠪᠴᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠪᠦᠲᠦᠮᠵᠢᠲᠡᠶ ᠪᠠᠷ ᠥᠷᠭᠡᠳᠬᠡᠨ᠂ ᠰᠢᠩ ᠾᠧ ᠰᠢᠶᠠᠨ ᠤ ᠰᠦᠯᠵᠢᠶᠡᠨ ᠤ ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠳᠤ ᠨᠠᠷᠠᠲᠤ ᠲᠡᠮᠳᠡᠭ ᠤᠨ ᠠᠯᠳᠠᠷᠰᠢᠯ ᠢ ᠨᠡᠮᠡᠷᠢᠯᠡᠵᠦ᠂ ᠰᠢᠩ ᠾᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3