ᠴᠠᠭ᠄ 2022 ᠤᠨ 5 ᠰᠠᠷ᠎ᠠ ᠶᠢᠨ 7 ᠤ ᠡᠳᠦᠷ | ᠬᠦᠨᠳᠦᠲᠦ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠲᠤᠪᠴᠢᠯᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ | ᠬᠥᠭᠵᠢᠯᠲᠡ ᠶᠢᠨ ᠬᠥᠲᠥᠯᠪᠦᠷᠢ ︵2021 — 2030 ᠣᠨ︶ ᠪᠣᠯ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ | ᠪᠣᠯᠤᠨ᠎ᠠ᠃ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠬᠦ ᠨᠢ ᠮᠠᠨ ᠤ | ᠣᠷᠣᠨ ᠤ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ᠂ ᠬᠡᠤᠬᠡᠳ ᠢ ᠲᠡᠷᠢᠭᠦᠨ ᠳᠤ | ᠲᠠᠯᠪᠢᠬᠤ ᠦᠨᠳᠦᠰᠦᠨ ᠵᠠᠷᠴᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ | ᠬᠡᠤᠬᠡᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠡᠮᠡᠭᠲᠡᠶᠢᠴᠦᠳ ᠬᠡᠤᠬᠡᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠪᠥᠬᠦ ᠣᠷᠣᠨ ᠤ ᠡᠮᠡᠭᠲᠡᠶᠢᠴᠦᠳ ᠬᠡᠤᠬᠡᠳ ᠤᠨ ᠠᠵᠢᠯ | ᠦᠢᠯᠡᠰ ᠤᠨ ᠰᠢᠨ᠎ᠡ ᠴᠠᠭ ᠦᠶ᠎ᠡ ᠳᠤ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠦᠰᠦᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ᠄ 2022 — 05 — 07 10᠄ 00 | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ | ︾ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠲᠣᠰ ᠬᠤᠭᠤᠴᠠᠭᠠᠨ ᠤ ᠫᠷᠤᠭ᠍ᠷᠠᠮ ᠳᠤ | ᠮᠠᠨ ᠤ ᠤᠷᠢᠵᠤ ᠠᠪᠴᠢᠷᠠᠭᠰᠠᠨ ᠰᠤᠷᠪᠤᠯᠵᠢᠯᠠᠭ᠎ᠠ ᠶᠢᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠡᠷᠢᠭᠦᠯᠡᠭᠴᠢ ᠭᠦᠸᠧ ᠵᠢᠩ ᠯᠢ ᠪᠣᠯᠤᠨ᠎ᠠ᠃ ᠭᠦᠸᠧ ᠲᠡᠷᠢᠭᠦᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ᠄ 2022 — 05 | — 07 10᠄ 00 | ᠬᠥᠲᠥᠯᠥᠭᠴᠢ ᠰᠠᠶᠢᠨ ᠤᠤ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ | ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠥᠨᠥᠳᠦᠷ ᠤᠨ ᠭᠤᠤᠯ | ᠰᠡᠳᠦᠪ ᠢᠶᠠᠨ ᠬᠤᠪᠢᠶᠠᠯᠴᠠᠨ ᠡᠳ᠋ᠯᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠲᠠ ᠪᠦᠬᠦᠨ ᠤ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ | ᠪᠠᠶᠢᠨ᠎ᠠ᠃ | ᠬᠥᠲᠥᠯᠥᠭᠴᠢ᠄ 2022 — 05 — 07 10᠄ 01 | ᠭᠦᠸᠧ ᠲᠡᠷᠢᠭᠦᠯᠡᠭᠴᠢ ᠡ᠂ ᠥᠨᠥᠳᠦᠷ ᠲᠠᠨ ᠲᠠᠢ ᠶᠠᠷᠢᠯᠴᠠᠬᠤ ᠭᠡᠵᠦ ᠪᠠᠶᠢᠭ᠎ᠠ ᠡᠨᠡ ᠰᠡᠳᠦᠪ ᠪᠣᠯ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠣᠯᠤᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠬᠥᠭᠵᠢᠯᠲᠡ ᠶᠢᠨ ᠬᠥᠲᠥᠯᠪᠦᠷᠢ︾ ᠪᠣᠯᠤᠨ᠎ᠠ᠃ | ᠡᠩ ᠲᠡᠷᠢᠭᠦᠨ ᠳᠤ ᠪᠢ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ ᠨᠢ ᠭᠡᠷ ᠪᠦᠯᠢ | ᠨᠢᠭᠡᠪᠦᠷᠢ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠷᠢᠮ ᠬᠡᠮᠵᠢᠶᠡᠨ ᠳᠤ ᠨᠢᠭᠡ ᠭᠡᠷ ᠪᠦᠯᠢ ᠶᠢᠨ ᠵᠣᠯ ᠵᠢᠷᠭᠠᠯ ᠤᠨ | ᠰᠡᠳᠬᠢᠭᠳᠡᠯ ᠴᠢᠩᠭ᠎ᠠ ᠡᠰᠡᠬᠦ᠂ ᠵᠣᠯ ᠵᠢᠷᠭᠠᠯ ᠤᠨ ᠵᠢᠭᠠᠯᠲᠠ ᠲᠤᠭ᠎ᠠ ᠥᠨᠳᠥᠷ ᠡᠰᠡᠬᠦ ᠶᠢ ᠶᠠᠷᠢᠬᠤ ᠳᠤ ᠡᠮᠡᠭᠲᠡᠶᠢᠴᠦᠳ | ᠬᠡᠦᠬᠡᠳ ᠤᠨ ᠬᠠᠨᠤᠮᠵᠢ ᠶᠢᠨ ᠬᠡᠮᠵᠢᠶ᠎ᠡ ᠲᠦᠢᠯ ᠤᠨ ᠴᠢᠬᠤᠯᠠ ᠪᠠᠶᠢᠳᠠᠭ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ 2022 — 05 | — 07 10᠄ 01 | ᠦᠨᠡᠨ ᠳᠡᠭᠡᠨ ᠨᠠᠮ ᠪᠠ ᠵᠠᠰᠠᠭ ᠤᠨ ᠣᠷᠳᠣᠨ ᠠᠴᠠ ᠡᠮᠡᠭᠲᠡᠶᠢᠴᠦᠳ ᠬᠡᠦᠬᠡᠳ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠢ ᠬᠥᠭᠵᠢᠭᠦᠯᠬᠦ ᠶᠢ ᠨᠠᠮ ᠪᠠ ᠤᠯᠤᠰ ᠤᠨ | ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠭᠰᠠᠭᠠᠷ ᠢᠷᠡᠭᠰᠡᠨ ᠶᠤᠮ᠃ ᠡᠮᠡᠭᠲᠡᠶᠢᠴᠦᠳ ᠬᠡᠦᠬᠡᠳ | ᠪᠠᠭᠠᠴᠤᠳ ᠪᠣᠯ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠴᠢᠬᠤᠯᠠ ᠬᠦᠴᠦᠨ ᠪᠠ ᠰᠢᠨ᠎ᠡ | ᠬᠦᠴᠦᠨ ᠮᠥᠨ᠂ ᠡᠮᠡᠭᠲᠡᠶᠢᠴᠦᠳ ᠢ ᠬᠦᠨᠳᠦᠳᠬᠡᠵᠦ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠣᠯ ᠨᠡᠶᠢᠭᠡᠮ ᠤᠨ | ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠮᠥᠨ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠪᠣᠯ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠠᠭᠤᠯᠭ᠎ᠠ ᠮᠥᠨ᠃ | ᠬᠥᠲᠥᠯᠥᠭᠴᠢ᠄ 2022 — 05 — 07 10᠄ 01 | ᠪᠢᠳᠡᠨ ᠤ ᠮᠡᠳᠡᠭᠡᠵᠢ ᠪᠠᠷ᠂ 2011 — 2020 ᠣᠨ ᠳᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠬᠥᠭᠵᠢᠯᠲᠡ ᠶᠢᠨ ᠬᠥᠲᠥᠯᠪᠦᠷᠢ︾ ︽ᠬᠤᠶᠠᠷ ᠬᠥᠲᠥᠯᠪᠦᠷᠢ︾ ᠶᠢ | ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠰᠠᠶᠢᠨ ᠠᠷᠭ᠎ᠠ ᠬᠡᠮᠵᠢᠶ᠎ᠡ ᠰᠠᠶᠢᠨ | ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ ᠪᠠᠶᠢᠭᠠᠳ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ | ᠬᠠᠮᠠᠭᠠᠯᠠᠭᠰᠠᠨ ᠪᠠᠶᠢᠨ᠎ᠠ᠂ ᠲᠡᠭᠡᠪᠡᠯ ᠡᠨᠡ 10 ᠵᠢᠯ ᠤᠨ ᠲᠤᠷᠰᠢ ᠦᠷ᠎ᠡ ᠪᠦᠲᠦᠮᠵᠢ ᠨᠢ ᠶᠠᠮᠠᠷ ᠵᠡᠷᠭᠡ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ 2022 — 05 | — 07 10᠄ 03 | ᠶᠡᠷᠡᠭᠡᠳ ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ | ᠭᠤᠷᠪᠠᠨ ᠦᠶᠡᠯᠡᠯ ᠤᠨ ᠬᠤᠭᠤᠴᠠᠭᠠᠨ ᠤ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠶᠢ | ᠪᠡᠶᠡᠯᠡᠭᠦᠯᠦᠨ ᠬᠡᠷᠡᠭᠵᠢᠭᠦᠯᠵᠦ᠂ 30 ᠵᠢᠯ ᠤᠨ ᠲᠤᠷᠰᠢ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ | ᠬᠠᠮᠠᠭᠠᠯᠠᠬᠤ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠢᠯᠠᠩᠭᠤᠶ᠎ᠠ 2011 — 2020 ᠣᠨ ᠳᠤ | ︽ᠬᠤᠶᠠᠷ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠪᠠ ᠬᠡᠤᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠬᠢᠨᠠᠮᠠᠭᠠᠶ ᠲᠤᠤᠱᠯᠠᠭᠤᠯᠤᠨ᠂ ᠡᠮᠡᠭᠲᠡᠶᠢᠴᠦᠳ | ᠬᠡᠤᠬᠡᠳ ᠤᠨ ᠦᠢᠯᠡᠰ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠴᠢᠬᠤᠯᠠ ᠪᠠᠶᠢᠷᠢᠨ ᠳᠤ | ᠲᠠᠯᠪᠢᠵᠤ᠂ ︽ᠬᠤᠶᠠᠷ ᠬᠥᠲᠥᠯᠪᠦᠷᠢ︾ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠳᠥᠯᠭᠢᠨ | ᠠᠬᠢᠭᠤᠯᠵᠤ᠂ ᠡᠮᠡᠭᠲᠡᠶᠢᠴᠦᠳ ᠤᠨ ᠬᠥᠭᠵᠢᠯᠲᠡ᠂ ᠬᠡᠤᠬᠡᠳ ᠤᠨ ᠪᠤᠶᠢᠵᠢᠯᠲᠠ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠠᠶᠢᠵᠢᠷᠠᠭᠤᠯᠵᠤ᠂ ᠡᠮᠡᠭᠲᠡᠶᠢᠴᠦᠳ ᠬᠡᠤᠬᠡᠳ ᠤᠨ ᠦᠢᠯᠡᠰ ᠲᠤ ᠰᠢᠨ᠎ᠡ ᠠᠮᠵᠢᠯᠲᠠ ᠤᠯᠪᠠ᠃ | ᠨᠢᠭᠡ᠂ ᠡᠮᠡᠭᠲᠡᠶᠢᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠨ ᠬᠥᠭᠵᠢᠭᠦᠯᠪᠡ᠃ | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ | ᠡᠮᠡᠭᠲᠡᠶᠢᠴᠦᠳ ᠤᠨ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 80.45 ᠨᠠᠰᠤᠨ ᠳᠤ ᠬᠦᠷᠴᠦ᠂ | 2010 ᠣᠨ ᠤ ᠬᠢ ᠠᠴᠠ 3.18 ᠨᠠᠰᠤ ᠳᠡᠭᠡᠭᠰᠢᠯᠡᠪᠡ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠥᠷᠳᠡᠬᠦ | ᠬᠡᠮᠵᠢᠶ᠎ᠡ ᠲᠠᠰᠤᠷᠠᠯᠳᠠ ᠥᠭᠡᠢ ᠳᠡᠭᠡᠭᠰᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠳᠤ ᠪᠠᠶᠢᠭ᠎ᠠ ᠰᠤᠷᠤᠬᠴᠢ ᠡᠮᠡᠭᠲᠡᠶ ᠰᠤᠷᠤᠬᠴᠢ ᠶᠢᠨ ᠡᠵᠡᠯᠡᠬᠦ ᠬᠠᠷᠢᠴᠠᠯ 51.73% ᠶᠢ ᠡᠵᠡᠯᠡᠵᠦ᠂ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠬᠴᠢ ᠡᠮᠡᠭᠲᠡᠶ ᠰᠤᠷᠤᠬᠴᠢ ᠶᠢᠨ | ᠡᠵᠡᠯᠡᠬᠦ ᠬᠠᠷᠢᠴᠠᠯ 51.95% ᠶᠢ ᠡᠵᠡᠯᠡᠵᠦ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠶ ᠶᠢᠨ ᠬᠥᠭᠵᠢᠯᠲᠡ ᠳᠤ | ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠶᠢᠨ ᠨᠤᠷᠮ᠎ᠠ ᠶᠢ ᠮᠡᠳᠡᠭᠳᠡᠬᠦ᠋ᠢᠴᠡ ᠳᠡᠭᠡᠭᠰᠢᠯᠡᠭᠦᠯᠵᠦ᠂ | ᠡᠮᠡᠭᠲᠡᠶᠢᠴᠦᠳ ᠤᠨ ᠠᠵᠢᠯ ᠤᠯᠬᠤ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ ᠬᠥᠳᠡᠯᠮᠦᠷᠢ ᠠᠵᠢᠯ | ᠣᠯᠭᠤᠯᠲᠠ ᠶᠢᠨ ᠡᠷᠬᠡ ᠶᠢ ᠠᠳᠠᠯᠢ ᠲᠡᠭᠰᠢ ᠪᠠᠲᠤᠯᠠᠭ᠎ᠠ ᠲᠠᠢ ᠪᠣᠯᠭᠠᠨ᠎ᠠ᠃ ᠡᠮᠡᠭᠲᠡᠶᠢᠴᠦᠳ ᠤᠨ ᠠᠷᠠᠳᠴᠢᠯᠠᠭᠰᠠᠨ | ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢᠯᠡᠳᠲᠡ | ᠴᠢᠩᠭᠠᠷᠠᠵᠤ᠂ ᠡᠮᠡᠭᠲᠡᠶᠢᠴᠦᠳ ᠤᠨ ᠠᠰᠠᠷᠠᠮᠵᠢ ᠶᠢᠨ ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠥᠷᠭᠡᠨ ᠤᠯᠠᠨ | ᠡᠮᠡᠭᠲᠡᠶᠢᠴᠦᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ | ᠤᠯᠠᠮ ᠨᠢᠭᠡ ᠠᠯᠬᠤᠮ ᠳᠡᠭᠡᠭᠰᠢᠯᠡᠪᠡ᠃ | ᠬᠤᠶᠠᠷ᠂ ᠥᠷᠭᠡᠨ ᠤᠯᠠᠨ ᠪᠠᠭᠠᠴᠤᠳ ᠬᠡᠦᠬᠡᠳ ᠡᠷᠡᠭᠦᠯ ᠢᠶᠠᠷ ᠦᠰᠦᠨ ᠪᠤᠶᠢᠵᠢᠨ᠎ᠠ᠃ ᠬᠡᠦᠬᠡᠳ ᠤᠨ | ᠡᠷᠡᠭᠦᠯ ᠮᠡᠨᠳᠤ ᠶᠢ ᠪᠦᠬᠦ ᠲᠠᠯ᠎ᠠ ᠪᠠᠷ ᠪᠠᠲᠤᠯᠠᠵᠤ᠂ ᠨᠢᠯᠬ᠎ᠠ ᠬᠡᠦᠬᠡᠳ ᠤᠨ ᠦᠬᠦᠯᠲᠡ ᠶᠢᠨ ᠨᠤᠷᠮ᠎ᠠ᠂ 5 | ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠶᠢ 2010 ᠣᠨ ᠤ ᠬᠢ ᠠᠴᠠ ᠳᠤᠰ ᠳᠤᠰ | 71.1% ᠪᠠ 71.2% ᠢᠶᠠᠷ ᠪᠠᠭᠤᠷᠠᠭᠤᠯᠵᠤ᠂ ᠬᠡᠦᠬᠡᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ | ᠡᠭᠦᠰᠳᠡᠭ ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠪᠠ᠃ ᠬᠡᠦᠬᠡᠳ ᠤᠨ ᠰᠤᠷᠭᠠᠨ ᠬᠥᠮᠦᠵᠢᠯ ᠬᠦᠷᠳᠡᠬᠦ | ᠬᠢᠷᠢ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ | ᠴᠡᠴᠡᠷᠯᠢᠭ ᠲᠤ ᠣᠷᠣᠬᠤ ᠪᠦᠬᠦ ᠨᠤᠷᠮ᠎ᠠ 2010 ᠣᠨ ᠤ ᠬᠢ ᠠᠴᠠ 38.7 ᠵᠠᠭᠤᠨ ᠤ ᠨᠢᠭᠡᠴᠢ ᠪᠠᠷ ᠳᠡᠭᠡᠭᠰᠢᠯᠡᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠶᠠᠳᠠᠭᠤ ᠬᠦᠴᠢᠷᠳᠡᠯᠲᠡᠶ ᠠᠴᠠ ᠪᠤᠯᠵᠤ | ᠰᠤᠷᠤᠯᠭ᠎ᠠ ᠪᠠᠨ ᠲᠤᠷᠭᠤᠨ ᠵᠣᠭᠰᠣᠭᠰᠠᠨ ᠪᠠᠶᠢᠳᠠᠯ ᠢ ᠬᠥᠳᠡᠯᠦᠩᠭᠦᠶ ᠪᠠᠷ ᠦᠭᠡᠢ ᠪᠣᠯᠭᠠᠵᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ ᠨᠤᠷᠮ᠎ᠠ 94.63% ᠳᠤ ᠬᠦᠷᠪᠡ᠃ | ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠡᠦᠬᠡᠳ ᠢ | ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠨᠡᠩ ᠵᠤᠵᠠᠭᠠᠳᠬᠠᠨ᠎ᠠ᠃ | ᠬᠥᠲᠥᠯᠥᠭᠴᠢ᠄ 2022 — 05 — 07 10᠄ 03 | ᠭᠦᠸᠧ ᠲᠡᠷᠢᠭᠦᠯᠡᠭᠴᠢ᠂ ᠲᠠᠨ ᠤ ᠰᠠᠶ᠋ᠢ ᠶᠢᠨ ᠵᠢᠭᠰᠠᠭᠠᠭᠰᠠᠨ ᠠᠯᠢ ᠤᠯᠠᠨ ᠲᠤᠭ᠎ᠠ ᠪᠠᠷᠢᠮᠲᠠ ᠪᠣᠯᠤᠨ | ᠪᠢᠳᠡᠨ ᠤ ᠳᠡᠷᠭᠡᠳᠡᠬᠢ ᠮᠠᠰᠢ ᠤᠯᠠᠨ ᠬᠤᠪᠢᠷᠠᠯᠲᠠ᠂ ᠵᠢᠱᠢᠶᠡᠯᠡᠪᠡᠯ ᠡᠮᠡᠭᠲᠡᠶᠢᠴᠦᠳ ᠤᠨ ᠨᠡᠶᠢᠭᠡᠮ ᠤᠨ ᠡᠯ᠎ᠡ ᠬᠦᠷᠢᠶ᠎ᠡ | ᠡᠯ᠎ᠡ ᠠᠵᠢᠯ ᠲᠦᠷᠦᠯ ᠳᠠᠬᠢ ᠣᠷᠣᠯᠴᠠᠯᠭ᠎ᠠ ᠶᠢᠨ ᠬᠡᠮᠵᠢᠶ᠎ᠡ᠂ ᠬᠡᠦᠬᠡᠳ ᠤᠨ ᠰᠤᠷᠭᠠᠨ ᠬᠥᠮᠦᠵᠢᠯ ᠬᠦᠷᠳᠡᠭᠰᠡᠨ | ᠲᠦᠪᠰᠢᠨ ᠵᠡᠷᠭᠡ ᠠᠴᠠ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠦᠨᠡᠨᠬᠦ ᠣᠯᠵᠤ ᠬᠠᠷᠠᠨ᠎ᠠ᠃ ᠲᠡᠭᠡᠪᠡᠯ 2021 ᠣᠨ ᠠᠴᠠ ᠡᠬᠢᠯᠡᠨ᠂ ᠠᠷᠪᠠᠨ ᠳᠥᠷᠪᠡᠳᠦᠭᠡᠷ | ᠲᠠᠪᠤᠨ ᠵᠢᠯ ᠤᠨ ᠡᠬᠢᠯᠡᠯᠲᠡ᠂ ᠰᠢᠨ᠎ᠡ ᠴᠠᠭ ᠦᠶ᠎ᠡ ᠳᠤ ᠪᠠᠰᠠ ᠮᠠᠨ ᠤ ᠣᠷᠣᠨ ᠤ ᠡᠮᠡᠭᠲᠡᠶᠢᠴᠦᠳ ᠬᠡᠤᠬᠡᠳ ᠤᠨ | ᠦᠢᠯᠡᠰ ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠂ ᠡᠨᠡ ᠬᠦ ᠰᠢᠨ᠎ᠡ ︽ᠬᠤᠶᠠᠷ ᠬᠥᠲᠥᠯᠪᠦᠷᠢ︾ ᠳᠤ | ᠶᠠᠮᠠᠷ ᠶᠠᠮᠠᠷ ᠰᠢᠨ᠎ᠡ ᠬᠤᠪᠢᠷᠠᠯᠲᠠ ᠪᠠᠶᠢᠬᠤ᠂ ᠥᠭᠡᠷ᠎ᠡ ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ ᠪᠠ ᠣᠨᠴᠠᠯᠢᠭ ᠲᠠᠢ | ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ 2022 — 05 | — 07 10᠄ 09 | ᠰᠢᠨ᠎ᠡ ᠴᠠᠭ ᠦᠶ᠎ᠡ ᠳᠤ ᠬᠠᠨᠳᠤᠵᠤ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠶ ᠱᠦᠵᠢ ᠶᠢᠨ ᠡᠮᠡᠭᠲᠡᠶᠢᠴᠦᠳ᠂ | ᠬᠡᠦᠬᠡᠳ᠂ ᠭᠡᠷ ᠪᠦᠯᠢ ᠶᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠶ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠤᠯᠤᠰ ᠤᠨ | ᠰᠢᠨ᠎ᠡ ︽ᠬᠤᠶᠠᠷ ᠬᠥᠲᠥᠯᠪᠦᠷᠢ︾ ᠶᠢ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠨᠢᠭᠡ | ᠡᠭᠡᠯᠵᠢ ᠶᠢᠨ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶ ᠶᠢ | ᠨᠠᠶᠢᠷᠠᠭᠤᠯᠤᠨ ᠵᠣᠬᠢᠶᠠᠵᠤ᠂ ᠢᠷᠡᠭᠡᠳᠦᠶ ᠶᠢᠨ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠤᠬᠡᠳ ᠤᠨ | ᠦᠢᠯᠡᠰ ᠤᠨ ᠬᠥᠭᠵᠢᠯᠲᠡ ᠳᠤ ᠪᠥᠬᠦ ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ | ᠬᠢᠪᠠ᠃ | ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠲᠣᠰ ᠲᠣᠰ 4 ᠬᠡᠰᠡᠭ ᠢᠶᠠᠷ | ᠪᠦᠷᠢᠯᠳᠦᠪᠡ᠃ ᠨᠢᠭᠡ ᠳᠤ ︽ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ︾︔ | ᠬᠤᠶᠠᠷ ᠲᠤ ︽ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ︾︔ | ᠭᠤᠷᠪᠠ ᠳᠤ ︽ᠵᠣᠬᠢᠶᠠᠨ ᠪᠠᠶᠢᠭᠤᠯᠵᠤ ᠬᠡᠷᠡᠭᠵᠢᠭᠦᠯᠬᠦ︾︔ ᠲᠦᠷᠪᠡ ᠳᠤ ︽ᠬᠢᠨᠠᠨ ᠬᠡᠮᠵᠢᠵᠦ ᠦᠨᠡᠯᠡᠨ ᠵᠢᠱᠢᠬᠦ︾᠃ | ᠡᠮᠡᠭᠲᠡᠶᠢᠴᠦᠳ ᠤᠨ ᠬᠥᠭᠵᠢᠯᠲᠡ ᠶᠢᠨ ᠲᠣᠪᠴᠢ ᠳᠤ ᠭᠤᠣᠯᠳᠠᠭᠤ ᠡᠮᠡᠭᠲᠡᠶᠢᠴᠦᠳ ᠬᠢᠭᠡᠳ ᠡᠷᠡᠭᠦᠯ ᠮᠡᠨᠳᠤ᠂ | ᠰᠤᠷᠭᠠᠨ ᠬᠥᠮᠦᠵᠢᠯ᠂ ᠠᠵᠤ ᠠᠬᠤᠶ᠂ ᠰᠢᠢᠳᠪᠦᠷᠢᠳᠦ ᠪᠤᠳᠤᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ | ᠭᠡᠷ ᠪᠦᠯᠢ ᠶᠢᠨ ᠪᠦᠳᠦᠭᠡᠨ ᠪᠠᠶᠢᠭᠤᠯᠤᠯᠲᠠ᠂ ᠣᠷᠴᠢᠨ ᠠᠬᠤᠶ᠂ ᠬᠠᠤᠯᠢ ᠴᠠᠭᠠᠵᠠ ᠵᠡᠷᠭᠡ 8 ᠬᠦᠷᠢᠶ᠎ᠡ ᠶᠢᠨ | ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠡᠭᠦᠷᠭᠡ ᠪᠠ 97 ᠵᠦᠢᠯ ᠤᠨ ᠠᠷᠭ᠎ᠠ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠵᠠᠶ᠃ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠳᠤ ᠭᠤᠤᠯᠳᠠᠭᠤ ᠬᠡᠤᠬᠡᠳ ᠬᠢᠭᠡᠳ | ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠬᠡᠷ ᠪᠦᠯᠢ᠂ ᠣᠷᠴᠢᠨ ᠲᠣᠭᠤᠷᠢᠨ᠂ | ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ ᠭᠤᠤᠯ | ᠬᠠᠷᠠᠯᠲᠠ ᠡᠭᠦᠷᠭᠡ ᠪᠠ 91 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨ᠎ᠡ ︽ | ᠬᠤᠶᠠᠷ ᠬᠥᠲᠥᠯᠪᠦᠷᠢ︾ ᠶᠢᠨ ᠰᠢᠰᠲ᠋ᠧᠮᠵᠢ ᠶᠢᠨ ᠪᠦᠷᠢᠨ ᠲᠡᠭᠦᠯᠳᠡᠷ ᠴᠢᠨᠠᠷ ᠪᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠪᠦᠷᠢᠨ ᠲᠡᠭᠦᠯᠳᠡᠷ ᠴᠢᠨᠠᠷ ᠢ ᠢᠯᠡᠷᠡᠭᠦᠯᠪᠡ᠃ | ᠬᠤᠷᠢᠶᠠᠩᠭᠤᠶᠢᠯᠠᠭᠠᠳ ᠬᠡᠯᠡᠪᠡᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ | ᠳᠣᠤᠷᠠᠬᠢ ᠮᠡᠲᠦ ᠣᠨᠴᠠᠯᠢᠭ ᠪᠠ ᠬᠢᠯᠠᠰ ᠴᠡᠭ ᠲᠠᠢ ᠶᠤᠮ᠃ | ᠨᠢᠭᠡ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ | ᠦᠢᠯᠡᠰ ᠤᠨ ᠵᠥᠪ ᠴᠢᠭᠯᠡᠯ ᠢ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠡᠮᠡᠭᠲᠡᠶᠢᠴᠦᠳ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠮᠡᠭᠲᠡᠶᠢᠴᠦᠳ ᠬᠡᠤᠬᠡᠳ ᠤᠨ ᠦᠢᠯᠡᠰ ᠤᠨ | ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ | ᠂ ᠬᠡᠤᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ | ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ | ᠡᠯ᠎ᠡ ᠲᠠᠯ᠎ᠠ ᠳᠤ ᠦᠨᠡᠨᠬᠦ ᠲᠤᠤᠱᠯᠠᠭᠤᠯᠬᠤ ᠬᠡᠷᠡᠭᠲᠡᠶ᠃ | ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠦᠬᠢᠯᠢ ᠬᠢᠵᠠᠭᠠᠷ ᠤᠨ ᠦᠨᠳᠦᠰᠦᠲᠡᠨ ᠤ | ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ︽ᠬᠤᠶᠠᠷ ᠬᠥᠲᠥᠯᠪᠦᠷᠢ︾ ᠳᠤ ᠰᠢ ᠶᠢᠨ ᠫᠢᠩ | ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠭᠡᠷ ᠪᠦᠯᠢ ᠶᠢᠨ ᠪᠦᠷᠢᠯᠳᠦᠬᠦᠨ ᠤ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠨ ᠰᠡᠳᠬᠢᠯ ᠳᠤ ᠪᠠᠲᠤ ᠦᠨᠳᠦᠰᠦᠯᠡᠭᠦᠯᠬᠦ ᠶᠢ | ᠲᠦᠯᠬᠢᠨ ᠠᠬᠢᠭᠤᠯᠬᠤ ᠬᠡᠷᠡᠭᠲᠡᠶ ᠭᠡᠵᠦ ᠲᠤᠪᠤᠶᠢᠯᠭᠠᠨ ᠴᠢᠬᠤᠯᠠᠴᠢᠯᠠᠵᠠᠶ᠃ ︽ᠡᠮᠡᠭᠲᠡᠶᠢᠴᠦᠳ ᠤᠨ ᠬᠥᠲᠥᠯᠪᠦᠷᠢ︾ | ᠳᠤ᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ | ᠪᠥᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠢᠭᠲᠠᠷᠠᠭᠤᠯᠵᠤ ᠨᠠᠮ ᠤᠨ | ᠦᠭᠡ ᠶᠢ ᠡᠷᠡᠰ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ︽ᠬᠡᠦᠬᠡᠳ ᠤᠨ | ᠬᠥᠲᠥᠯᠪᠦᠷᠢ︾ ᠳᠤ ᠶᠣᠰᠣ ᠮᠣᠷᠠᠯ ᠢ ᠪᠤᠢ ᠪᠣᠯᠭᠠᠨ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ | ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ | ᠬᠥᠮᠦᠵᠢᠭᠦᠯᠦᠨ ᠪᠤᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠶ᠃ | ᠭᠤᠷᠪᠠ ᠳᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠤᠨ᠂ ᠬᠡᠤᠬᠡᠳ ᠤᠨ ᠭᠤᠤᠯ ᠴᠣᠭᠴᠠ ᠶᠢᠨ | ᠪᠠᠶᠢᠷᠢ ᠰᠠᠭᠤᠷᠢ ᠶᠢ ᠬᠦᠨᠳᠦᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠦᠨ ᠤ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠡᠮᠡᠭᠲᠡᠶᠢᠴᠦᠳ ᠬᠡᠤᠬᠡᠳ ᠤᠨ ᠠᠵᠢᠯ ᠤᠨ ᠡᠭᠦᠰᠭᠡᠯ ᠪᠠ ᠲᠡᠭᠦᠰᠬᠡᠯ | ᠪᠣᠯᠭᠠᠵᠤ᠂ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠶ᠂ ᠰᠢᠢᠳᠪᠦᠷᠢᠳᠦ ᠪᠣᠳᠣᠯᠭ᠎ᠠ ᠪᠠ ᠬᠠᠮᠢᠶᠠᠷᠤᠯᠲᠠ᠂ | ᠨᠡᠶᠢᠭᠡᠮ ᠤᠨ ᠪᠠᠲᠤᠯᠠᠭ᠎ᠠ᠂ ᠬᠡᠷ ᠪᠦᠯᠢ ᠶᠢᠨ ᠪᠠᠶᠢᠭᠤᠯᠤᠯᠲᠠ᠂ ᠣᠷᠴᠢᠨ ᠲᠣᠭᠤᠷᠢᠨ᠂ ᠠᠮᠤᠷ ᠲᠦᠪᠰᠢᠨ᠂ ᠬᠠᠤᠯᠢ | ᠴᠠᠭᠠᠵᠠ ᠵᠡᠷᠭᠡ ᠡᠯ᠎ᠡ ᠬᠦᠷᠢᠶᠡᠨ ᠳᠤ ᠲᠤᠤᠱᠯᠠᠭᠤᠯᠤᠨ᠂ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨᠬᠦ ᠪᠠᠲᠤᠯᠠᠨ᠎ᠠ᠃ ᠲᠣᠪᠴᠢ ᠳᠤ ᠪᠠᠰᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠣᠯᠤᠨ | ᠲᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ᠂ ᠣᠷᠣᠨ ᠪᠦᠰᠡ᠂ | ᠬᠠᠮᠲᠤᠯᠢᠭ ᠤᠨ ᠬᠤᠭᠤᠷᠣᠨᠳᠣᠬᠢ ᠡᠮᠡᠭᠲᠡᠶᠢᠴᠦᠳ ᠬᠡᠦᠬᠡᠳ ᠢ ᠵᠡᠷᠭᠡᠪᠡᠷ ᠲᠡᠩᠴᠡᠭᠦᠷᠢᠲᠡᠢ ᠬᠥᠭᠵᠢᠭᠦᠯᠬᠦ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ ᠤᠨ ᠪᠦᠬᠦ ᠲᠠᠯ᠎ᠠ ᠶᠢᠨ ᠪᠦᠬᠦ ᠶᠠᠪᠤᠴᠠ ᠶᠢᠨ | ᠶᠡᠷᠦᠩᠬᠡᠶᠢᠯᠡᠭᠰᠡᠨ ᠬᠠᠮᠠᠭᠠᠯᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ | ᠡᠮᠡᠭᠲᠡᠶᠢᠴᠦᠳ ᠬᠡᠦᠬᠡᠳ ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃ | ᠲᠦᠷᠪᠡ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠦᠴᠦᠨ | ᠴᠢᠳᠠᠯ ᠢ ᠭᠦᠢᠴᠡᠳ ᠪᠠᠳᠠᠷᠠᠭᠤᠯᠤᠨ᠎ᠠ᠃ ᠰᠢᠨ᠎ᠡ ︽ᠬᠤᠶᠠᠷ ᠬᠥᠲᠥᠯᠪᠦᠷᠢ︾ ᠨᠢ ᠶᠡᠷᠦᠩᠬᠡᠢ ᠱᠦᠵᠢ ᠰᠢ ᠶᠢᠨ ᠫᠢᠩ | ᠪᠣᠯᠤᠨ ᠨᠠᠮ ᠤᠨ ᠲᠥᠪ ᠬᠤᠷᠢᠶ᠎ᠡ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠪᠦᠳᠦᠬᠡᠨ ᠪᠠᠶᠢᠭᠤᠯᠬᠤ ᠪᠠᠷ | ᠭᠤᠣᠯᠳᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ | ᠴᠢᠩᠭᠠᠳᠬᠠᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢ ᠪᠦᠳᠦᠬᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠵᠡᠢ᠃ ᠬᠥᠲᠥᠯᠪᠦᠷᠢ ᠳᠤ | ᠡᠮᠡᠭᠲᠡᠶᠢᠴᠦᠳ ᠬᠡᠦᠬᠡᠳ ᠤᠨ ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠲᠠᠪᠤ ᠳᠤ᠂ ᠳᠤᠲᠠᠭᠤᠳᠠᠯ ᠢ ᠨᠥᠬᠦᠪᠥᠷᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠨ᠎ᠡ ︽ᠬᠤᠶᠠᠷ ᠬᠥᠲᠥᠯᠪᠦᠷᠢ︾ ᠨᠢ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠤᠯ ᠪᠠ ᠬᠦᠰᠡᠯ ᠡᠷᠡᠮᠡᠯᠵᠡᠯ ᠳᠤ ᠢᠳᠡᠪᠬᠢᠲᠡᠶ | ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ ᠪᠠ ᠬᠥᠭᠵᠢᠯᠲᠡ ᠶᠢᠨ | ᠪᠣᠳᠠᠲᠠᠶ ᠲᠠᠢ ᠤᠶᠠᠯᠳᠤᠭᠤᠯᠤᠨ᠂ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠶ ᠵᠦᠢᠯᠡᠰ ᠤᠨ | ᠭᠤᠤᠯᠳᠠᠯᠭ᠎ᠠ ᠲᠠᠢ ᠡᠭᠦᠷᠭᠡ ᠶᠢ ᠳᠤᠷᠠᠳᠤᠭᠰᠠᠨ ᠮᠥᠷᠲᠡᠭᠡᠨ ᠪᠠᠰᠠ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ | ᠭᠤᠤᠯ ᠭᠦᠢᠴᠡᠳᠭᠡᠯ ᠲᠤᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ︽ᠠᠵᠢᠯ | ᠣᠯᠭᠤᠯᠲᠠ ᠶᠢᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ︾ ︽ᠡᠮᠡᠭᠲᠡᠶ ᠴᠢᠳᠠᠪᠤᠷᠢᠲᠠᠨ ᠤ | ᠬᠥᠭᠵᠢᠯᠲᠡ ᠶᠢ ᠠᠬᠢᠭᠤᠯᠬᠤ︾ ᠵᠡᠷᠭᠡ ᠬᠠᠷᠠᠯᠲᠠ ᠶᠢ ᠳᠤᠷᠠᠳᠤᠨ ᠭᠠᠷᠭᠠᠵᠤ᠂ ᠡᠮᠡᠭᠲᠡᠶᠢᠴᠦᠳ ᠤᠨ ᠬᠥᠲᠥᠯᠪᠦᠷᠢ ᠳᠤ | ︽ᠡᠮᠡᠭᠲᠡᠶᠢᠴᠦᠳ ᠬᠢᠭᠡᠳ ᠬᠡᠷ ᠪᠦᠯᠢ ᠶᠢᠨ ᠪᠠᠶᠢᠭᠤᠯᠤᠯᠲᠠ︾ ᠶᠢ ᠨᠡᠮᠡᠨ ᠣᠷᠣᠭᠤᠯᠵᠤ᠂ ᠬᠡᠤᠬᠡᠳ ᠤᠨ | ᠬᠥᠲᠥᠯᠪᠦᠷᠢ ᠳᠤ ︽ᠬᠡᠤᠬᠡᠳ ᠬᠢᠭᠡᠳ ᠬᠡᠷ ᠪᠦᠯᠢ︾ ᠪᠠ ︽ᠬᠡᠤᠬᠡᠳ ᠬᠢᠭᠡᠳ ᠠᠮᠤᠷ ᠲᠦᠪᠰᠢᠨ︾ ᠵᠡᠷᠭᠡ | ᠴᠢᠬᠤᠯᠠ ᠠᠭᠤᠯᠭ᠎ᠠ ᠶᠢ ᠨᠡᠮᠡᠪᠡ᠃ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠲᠠᠢ ᠬᠠᠷᠢᠴᠠᠭᠤᠯᠪᠠᠯ᠂ ᠮᠠᠨ ᠤ | ᠣᠷᠣᠨ ᠤ ᠰᠢᠨ᠎ᠡ ︽ᠬᠤᠶᠠᠷ ᠬᠥᠲᠥᠯᠪᠦᠷᠢ︾ ᠳᠤ ᠰᠠᠪᠠ ᠬᠠᠭᠠᠯᠵᠤ ᠬᠥᠩᠭᠡᠵᠢᠬᠦ ᠶᠢ ᠬᠢᠵᠠᠭᠠᠷᠯᠠᠬᠤ᠂ | ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ᠂ ᠰᠤᠮᠤ ᠰᠢᠶᠠᠩ ᠪᠠᠯᠭᠠᠰᠤᠨ ᠤ ᠤᠳᠤᠷᠢᠳᠬᠤ | ᠪᠠᠭ ᠲᠤ ᠡᠮᠡᠭᠲᠡᠶ ᠺᠠᠳ᠋ᠷ ᠳᠣᠭᠢᠷᠠᠭᠤᠯᠬᠤ᠂ ᠬᠡᠷ ᠪᠦᠯᠢ ᠶᠢᠨ ᠬᠦᠷᠢᠶᠡᠨ ᠳᠠᠬᠢ ᠠᠰᠠᠭᠤᠳᠠᠯ ᠤᠨ ᠰᠤᠳᠤᠯᠭᠠᠨ ᠵᠢᠴᠢ | ᠴᠢᠳᠠᠪᠤᠷᠢ ᠶᠢᠨ ᠪᠠᠶᠢᠭᠤᠯᠤᠯᠲᠠ᠂ ᠪᠣᠬᠢᠷᠲᠤᠯ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ | ᠬᠡᠤᠬᠡᠳ ᠤᠨ ᠠᠮᠠᠨ ᠬᠥᠨᠳᠡᠶ ᠶᠢᠨ ᠡᠷᠡᠭᠦᠯᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ | ᠪᠠᠭᠠᠰᠬᠠᠬᠤ︾ ᠵᠡᠷᠭᠡ 8 ᠵᠦᠢᠯ ᠤᠨ ᠭᠦᠢᠴᠡᠳᠭᠡᠯ ᠲᠤᠭ᠎ᠠ ᠶᠢ ᠨᠡᠮᠡᠪᠡ᠃ ᠡᠷᠡᠭᠦᠯ ᠮᠡᠨᠳᠦ᠂ ᠰᠤᠷᠭᠠᠨ ᠬᠥᠮᠦᠵᠢᠯ᠂ | ᠨᠡᠶᠢᠭᠡᠮ ᠤᠨ ᠪᠠᠲᠤᠯᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ | ᠬᠤᠯᠪᠣᠭᠳᠠᠨ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠴᠠᠭ ᠦᠶ᠎ᠡ ᠶᠢᠨ | ᠱᠠᠭᠠᠷᠳᠠᠯᠭ᠎ᠠ ᠳᠤ ᠨᠡᠶᠢᠴᠡᠵᠦ᠂ ᠥᠪᠡᠷᠲᠡᠭᠡᠨ ᠵᠠᠰᠠᠬᠤ ᠣᠷᠣᠨ ᠠᠴᠠ ᠡᠮᠡᠭᠲᠡᠶᠢᠴᠦᠳ ᠬᠡᠤᠬᠡᠳ ᠢ ᠴᠢᠬᠤᠯᠠᠴᠢᠯᠠᠨ | ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠬᠥᠭᠵᠢᠯᠲᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡ ᠪᠠᠷ | ᠤᠷᠤᠭᠰᠢᠯᠠᠭᠰᠠᠨ ᠪᠠᠶᠢᠨ᠎ᠠ᠃ | ᠬᠥᠲᠥᠯᠥᠭᠴᠢ᠄ 2022 — 05 — 07 10᠄ 09 | ᠭᠦᠸᠧ ᠲᠡᠷᠢᠭᠦᠯᠡᠭᠴᠢ ᠡ᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠡᠨᠡ ᠬᠦ ᠰᠢᠨ᠎ᠡ ︽ᠬᠤᠶᠠᠷ | ᠬᠥᠲᠥᠯᠪᠦᠷᠢ︾ ᠨᠢ ᠡᠮᠡᠭᠲᠡᠶᠢᠴᠦᠳ ᠬᠡᠤᠬᠡᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠰᠠᠶᠢᠨ ᠵᠣᠷ︾ | ᠪᠣᠯᠬᠤ ᠪᠠᠷ ᠪᠠᠷᠠᠬᠤ ᠥᠬᠡᠶ᠂ ᠪᠠᠰᠠ ︽ᠪᠠᠷᠢᠯᠭ᠎ᠠ ᠶᠢᠨ ᠵᠢᠷᠤᠭ︾ ᠪᠣᠯᠬᠤ ᠶᠤᠮ᠂ ᠨᠠᠩ ᠴᠤ ︽ᠠᠵᠢᠯᠯᠠᠭᠠᠨ ᠤ | ᠵᠦᠭᠯᠡᠭᠦᠷ︾ ᠪᠣᠯᠬᠤ ᠶᠤᠮ᠂ ᠡᠨᠡ ᠨᠢ ᠬᠥᠮᠦᠰ ᠤᠨ ᠬᠦᠰᠡᠯ ᠡᠷᠡᠮᠡᠯᠵᠡᠯ ᠢ ᠶᠡᠬᠡᠳᠡ ᠲᠠᠲᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ 2022 — 05 | — 07 10᠄ 11 | ᠲᠡᠶᠢᠮᠦ ᠡ᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ | ᠬᠥᠲᠥᠯᠪᠦᠷᠢ ᠶᠢ ᠡᠮᠡᠭᠲᠡᠶᠢᠴᠦᠳ ᠬᠡᠦᠬᠡᠳ ᠲᠤ ᠠᠰᠢᠭ ᠬᠦᠷᠲᠡᠭᠡᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ ᠳᠤ | ᠪᠠᠰᠠ ᠡᠯ᠎ᠡ ᠱᠠᠲᠤᠨ ᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠳᠠᠷᠠᠭᠠᠴᠢ ᠶᠢᠨ | ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠨᠠᠮ ᠤᠨ | ᠬᠤᠷᠢᠶ᠎ᠡ ᠠᠴᠠ ᠤᠳᠤᠷᠢᠳᠬᠤ᠂ ᠵᠠᠰᠠᠭ ᠤᠨ ᠣᠷᠳᠣᠨ ᠠᠴᠠ ᠭᠤᠣᠯᠯᠠᠨ ᠬᠠᠷᠢᠭᠤᠴᠠᠬᠤ᠂ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠵᠣᠬᠢᠴᠠᠭᠤᠯᠬᠤ᠂ ᠤᠯᠠᠨ ᠰᠠᠯᠠᠭ᠎ᠠ ᠮᠥᠴᠢᠷ ᠬᠠᠮᠲᠤᠷᠠᠯᠴᠠᠬᠤ᠂ ᠪᠦᠬᠦ | ᠨᠡᠶᠢᠭᠡᠮ ᠢᠶᠠᠷ ᠢᠶᠠᠨ ᠣᠷᠣᠯᠴᠠᠬᠤ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠣᠨ ᠤ ᠬᠠᠷᠠᠯᠲᠠ ᠶᠢᠨ ᠡᠭᠦᠷᠭᠡ ᠶᠢ ᠨᠠᠷᠢᠯᠢᠬᠵᠢᠭᠤᠯᠵᠤ᠂ | ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠮᠡᠭᠲᠡᠶᠢᠴᠦᠳ ᠬᠡᠤᠬᠡᠳ ᠤᠨ ᠠᠵᠢᠯ ᠦᠢᠯᠡᠰ ᠢ ᠠᠵᠤ ᠠᠬᠤᠶ ᠨᠡᠶᠢᠭᠡᠮ ᠯᠦᠭᠡ ᠵᠡᠷᠭᠡᠪᠡᠷ ᠴᠢᠨᠠᠷ ᠰᠠᠶᠢᠲᠠᠶ | ᠬᠥᠭᠵᠢᠭᠦᠯᠬᠦ ᠶᠢ ᠠᠬᠢᠭᠤᠯᠤᠨ᠂ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ᠂ ᠬᠡᠤᠬᠡᠳ ᠤᠨ ᠡᠷᠡᠭᠦᠯ ᠢᠶᠠᠷ | ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠬᠡᠤᠬᠡᠳ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠶ᠃ | ᠬᠥᠲᠥᠯᠥᠭᠴᠢ᠄ 2022 — 05 — 07 10᠄ 11 | ᠵᠠ᠂ ᠭᠦᠸᠧ ᠲᠡᠷᠢᠭᠦᠯᠡᠭᠴᠢ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ︽ | ᠬᠤᠶᠠᠷ ᠬᠥᠲᠥᠯᠪᠦᠷᠢ︾ ᠶᠢᠨ ᠲᠤᠬᠠᠶ ᠨᠠᠷᠢᠨ ᠲᠠᠶᠢᠯᠤᠮᠵᠢ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠳᠤ ᠠᠩᠬᠠᠷᠤᠯ | ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ | ᠠᠳᠡ ᠬᠦᠷᠦᠭᠡᠳ ᠲᠡᠭᠦᠰᠦᠶᠡ᠂ ᠲᠠᠷᠠᠭᠠᠴᠢ ᠶᠢᠨ ᠬᠤᠭᠤᠴᠠᠭᠠᠨ ᠳᠤ ᠳᠠᠬᠢᠭᠠᠳ ᠠᠭᠤᠯᠵᠠᠶ᠎ᠠ︕ | | ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |