ᠰᠢᠩ ᠾᠧ ᠰᠢᠶᠠᠨ ᠤ ᠰᠤᠮᠤᠨ ᠠᠭᠤᠯᠠ ᠰᠢᠭᠤᠢ ᠶᠢᠨ ᠲᠠᠯᠠᠪᠠᠢ ᠳᠤ ᠠᠭᠯᠠᠭ ᠠᠭᠤᠯᠠ ᠶᠢ ᠨᠣᠭᠤᠭᠠᠷᠠᠭᠤᠯᠵᠤ ᠮᠣᠳᠣ ᠶᠢ ᠨᠣᠭᠤᠭᠠᠷᠠᠭᠤᠯᠵᠤ ᠠᠯᠳᠠ ᠮᠥᠩᠭᠦ ᠶᠢ ᠠᠮᠢᠯᠠᠭᠤᠯᠤᠨ᠎ᠠ
ᠨᠡᠶᠢᠲᠡᠯᠡᠭᠰᠡᠨ ᠴᠠᠭ᠄
2022/8/26
     ᠰᠢᠩ ᠡᡁᠧ ᠰᠢᠶᠠᠨ ᠤ ᠰᠤᠮᠤᠨ ᠠᠭᠤᠯᠠᠨ ᠤᠢ ᠰᠢᠭᠤᠢ ᠶᠢᠨ ᠲᠠᠯᠠᠪᠠᠢ ᠳᠤ᠂ 52 ᠨᠠᠰᠤᠲᠠᠢ ᠰᠤᠮᠤᠨ ᠠᠭᠤᠯᠠᠨ ᠤᠢ ᠰᠢᠭᠤᠢ ᠶᠢᠨ ᠲᠠᠯᠠᠪᠠᠢ ᠶᠢᠨ ᠳᠠᠷᠤᠭ᠎ᠠ ᠵᠠᠩ ᠹᠧᠩ ᠤᠢ ᠰᠢᠭᠤᠢ ᠶᠢᠨ ᠲᠠᠯᠠᠪᠠᠢ ᠶᠢᠨ ᠠᠯᠪᠠᠨ ᠭᠡᠷ ᠲᠤ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠸᠢᠳᠢᠣ᠋ ᠪᠠᠷ ᠬᠢᠨᠠᠨ ᠡᠵᠡᠮᠳᠡᠬᠦ᠂ ᠢᠯᠴᠢ ᠪᠠᠷ ᠳᠦᠷᠰᠦ ᠪᠦᠲᠦᠭᠡᠬᠦ᠂ ᠥᠨᠳᠥᠷ ᠲᠣᠳᠣ ᠭᠡᠷᠡᠯ ᠵᠢᠷᠤᠭ ᠠᠪᠬᠤ ᠵᠡᠷᠭᠡ 10 ᠭᠠᠷᠤᠢ ᠦᠵᠡᠭᠳᠡᠯ ᠢ ᠠᠩᠬᠠᠷᠴᠤ ᠲᠤᠮᠤ ᠳᠡᠯᠭᠡᠴᠡ ᠳᠤ ᠬᠠᠷᠠᠭᠳᠠᠨ᠎ᠠ᠃      ︽ᠣᠳᠣᠬᠠᠨ ᠳᠤ ᠬᠡᠳᠦ᠋ᠢᠪᠡᠷ ᠨᠣᠮᠢᠨ ᠨᠣᠭᠤᠭᠠᠨ ᠳᠠᠯᠠᠶ ᠪᠣᠯᠤᠭᠰᠠᠨ ᠪᠣᠯᠪᠠᠴᠤ ᠬᠡᠳᠦᠨ ᠠᠷᠪᠠᠨ ᠵᠢᠯ ᠤᠨ ᠡᠮᠦᠨ᠎ᠡ ᠠᠳᠡ ᠬᠠᠷᠢᠨ ᠠᠭᠯᠠᠭ ᠠᠭᠤᠯᠠ ᠬᠤᠵᠢᠭᠢᠷ ᠳᠠᠪᠠᠭ᠎ᠠ ᠪᠣᠯᠵᠤ᠂ ᠦᠶ᠎ᠡ ᠦᠶ᠎ᠡ ᠶᠢᠨ ᠣᠶ ᠰᠢᠭᠤᠶ ᠶᠢᠨ ᠬᠥᠮᠦᠰ ᠤᠨ ᠪᠠᠲᠤ ᠰᠠᠬᠢᠭᠰᠠᠨ ᠶᠠᠪᠤᠳᠠᠯ ᠨᠢ ᠰᠤᠮᠤᠨ ᠠᠭᠤᠯᠠ ᠶᠢ ᠠᠭᠯᠠᠭ ᠠᠭᠤᠯᠠ ᠠᠴᠠ ᠨᠣᠭᠤᠭᠠᠨ ᠠᠭᠤᠯᠠ ᠪᠣᠯᠭᠠᠭᠰᠠᠨ ᠪᠠᠶᠢᠨ᠎ᠠ᠃︾ ᠭᠡᠵᠦ ᠵᠠᠩ ᠹᠧᠩ ᠬᠡᠯᠡᠪᠡ᠃      ᠡᠳᠦᠭᠡ ᠨᠠᠶᠠ ᠭᠠᠷᠤᠭᠰᠠᠨ ᠳ᠋ᠦᠩ ᠬᠤᠩ ᠷᠦ᠋ ᠨᠠᠰᠤᠲᠠᠨ ᠪᠣᠯ ᠰᠤᠮᠤᠨ ᠠᠭᠤᠯᠠ ᠰᠢᠭᠤᠢ ᠶᠢᠨ ᠲᠠᠯᠠᠪᠠᠢ ᠶᠢᠨ ᠬᠠᠮᠤᠭ ᠤᠨ ᠡᠷᠲᠡᠨ ᠤ ᠤᠢ ᠰᠢᠭᠤᠢ ᠶᠢᠨ ᠬᠥᠮᠦᠰ ᠤᠨ ᠨᠢᠭᠡ ᠪᠣᠯᠤᠨ᠎ᠠ᠃ 18 ᠨᠠᠰᠤᠨ ᠠᠴᠠ ᠪᠠᠨ ᠠᠵᠢᠯ ᠠᠴᠠ ᠪᠠᠨ ᠠᠮᠠᠷᠠᠬᠤ ᠪᠣᠯᠲᠠᠯ᠎ᠠ ᠲᠡᠷᠡ ᠰᠤᠮᠤᠨ ᠠᠭᠤᠯᠠᠨ ᠳᠠᠭᠠᠨ ᠪᠠᠲᠤ ᠰᠠᠬᠢᠭᠰᠠᠭᠠᠷ ᠪᠠᠶᠢᠪᠠ᠃ ᠲᠡᠷᠡ ᠦᠶ᠎ᠡ ᠳᠤ᠂ ᠠᠯᠠᠭᠠᠨ ᠴᠢᠨᠡᠭᠡ ᠡᠪᠡᠰᠦ ᠤᠷᠭᠤᠬᠤ ᠦᠭᠡᠢ ᠠᠭᠯᠠᠭ ᠠᠭᠤᠯᠠ ᠶᠢᠨ ᠡᠮᠦᠨ᠎ᠡ᠂ ᠲᠡᠷᠡ ᠰᠤᠮᠤᠨ ᠠᠭᠤᠯᠠᠨ ᠳᠤ ᠮᠣᠳᠣ ᠲᠠᠷᠢᠬᠤ ᠪᠠᠷ ᠵᠣᠷᠢᠭ ᠰᠢᠭᠤᠳᠪᠠ᠃ ︽ᠠᠩᠬ᠎ᠠ ᠡᠬᠢᠯᠡᠬᠦ ᠳᠡᠭᠡᠨ ᠰᠤᠮᠤᠨ ᠠᠭᠤᠯᠠᠨ ᠳᠤ ᠶᠠᠭᠤ ᠲᠠᠷᠢᠪᠠᠯ ᠵᠣᠬᠢᠬᠤ ᠶᠢ ᠤᠯᠠᠨ ᠢᠶᠠᠷ ᠢᠶᠠᠨ ᠪᠦᠷ ᠮᠡᠳᠡᠬᠦ ᠦᠭᠡᠢ ᠪᠠᠶᠢᠪᠠ᠂ ᠤᠯᠢᠶᠠᠰᠤ᠂ ᠬᠤᠰᠤ ᠮᠣᠳᠣᠨ ᠠᠴᠠ ᠬᠠᠶᠢᠯᠠᠰᠤᠨ ᠮᠣᠳᠣ᠂ ᠬᠦᠢᠯᠡᠰᠦᠨ ᠮᠣᠳᠣ ᠬᠦᠷᠲᠡᠯ᠎ᠡ ᠨᠢᠭᠡ ᠨᠢᠭᠡ ᠪᠠᠷ ᠲᠤᠷᠰᠢᠨ ᠲᠠᠷᠢᠬᠰᠠᠨ ᠪᠣᠯᠪᠠᠴᠤ 3 ᠵᠢᠯ ᠳᠠᠷᠠᠭᠠᠯᠠᠨ ᠲᠠᠷᠢᠵᠦ ᠳᠡᠶᠢᠯᠦᠭᠰᠡᠨ ᠦᠭᠡᠢ᠃︾  ᠭᠡᠵᠦ ᠳ᠋ᠦᠩ ᠬᠤᠩ ᠷᠦ᠋ ᠡᠷᠭᠢᠴᠡᠭᠦᠯᠪᠡ᠃      ᠨᠢᠭᠡᠨ ᠡᠳᠦᠷ ᠪᠣᠯᠬᠤ ᠳᠤ ᠳ᠋ᠦᠩ ᠬᠤᠩ ᠷᠦ᠋ ᠰᠤᠮᠤᠨ ᠠᠭᠤᠯᠠ ᠶᠢᠨ ᠬᠤᠷᠮᠣᠶ ᠳᠤ ᠨᠢᠭᠡᠨ ᠤᠷᠭᠤᠴᠠ ᠰᠠᠶᠢᠲᠠᠶ ᠤᠮᠠᠷᠠᠲᠤ ᠶᠢᠨ ᠬᠠᠷᠭᠠᠶ ᠪᠠᠶᠢᠬᠤ ᠶᠢ ᠭᠡᠨᠡᠳᠲᠡ ᠣᠯᠵᠤ ᠮᠡᠳᠡᠪᠡ᠃ ᠲᠡᠷᠡ ᠨᠢᠳᠦ ᠢᠷᠮᠡᠬᠦ ᠶᠢᠨ ᠵᠠᠭᠤᠷ᠎ᠠ ᠨᠢᠳᠦ ᠨᠢ ᠭᠡᠷᠡᠯᠲᠦᠭᠰᠡᠨ ᠪᠣᠯᠪᠠᠴᠤ ᠬᠠᠰᠢ ᠶᠠᠰᠢ ᠪᠠᠷ ᠲᠤᠷᠰᠢᠨ ᠲᠠᠷᠢᠬᠤ ᠠᠴᠠ ᠵᠢᠷᠦᠬᠡᠰᠢᠶᠡᠪᠡ᠃ ᠡᡁᠧᠪᠸᠢ ᠶᠢᠨ ᠨᠢᠭᠡᠨ ᠤᠢ ᠰᠢᠭᠤᠢ ᠶᠢᠨ ᠲᠠᠯᠠᠪᠠᠢ ᠶᠢᠨ ᠪᠠᠶᠢᠭᠠᠯᠢ ᠶᠢᠨ ᠣᠷᠴᠢᠨ ᠲᠣᠭᠤᠷᠢᠨ ᠨᠢ ᠰᠤᠮᠤᠨ ᠠᠭᠤᠯᠠ ᠲᠠᠢ ᠣᠶᠢᠷᠠᠯᠴᠠᠭ᠎ᠠ ᠪᠥᠭᠡᠳ ᠤᠮᠠᠷᠠᠲᠤ ᠶᠢᠨ ᠬᠠᠷᠭᠠᠶ ᠮᠣᠳᠣ ᠶᠢ ᠠᠮᠵᠢᠯᠲᠠ ᠲᠠᠢ ᠲᠠᠷᠢᠬᠰᠠᠨ ᠢ ᠰᠣᠨᠣᠰᠤᠮᠠᠭᠴᠠ ᠲᠡᠷᠡ ᠳᠠᠷᠤᠢ ᠲᠦᠷᠭᠡᠨ ᠰᠢᠨᠵᠢᠯᠡᠨ ᠪᠠᠶᠢᠴᠠᠭᠠᠵᠤ᠂ 80 ᠵᠢᠩ ᠦᠷ᠎ᠡ ᠬᠤᠳᠠᠯᠳᠤᠨ ᠠᠪᠴᠤ ᠴᠢᠬᠢ ᠪᠤᠶᠢᠵᠢᠭᠤᠯᠵᠠᠢ᠃ ︽ᠡᠭᠦᠯᠳᠡᠷ ᠪᠤᠶᠢᠵᠢᠭᠤᠯᠬᠤ᠂ ᠲᠤᠷᠰᠢᠨ ᠳᠠᠷᠢᠬᠤ ᠪᠠᠷ ᠳᠡᠮᠵᠢᠨ᠂ ᠤᠮᠠᠷᠠᠲᠤ ᠶᠢᠨ ᠬᠠᠷᠭᠠᠶ ᠨᠠᠷᠠᠰᠤᠨ ᠤ ᠤᠨᠳᠤᠷᠤᠯᠲᠠ ᠶᠢᠨ ᠨᠣᠷᠮ᠎ᠠ 85% ᠠᠴᠠ ᠳᠡᠭᠡᠭᠰᠢ ᠪᠣᠯᠤᠭᠰᠠᠨ ᠢ ᠪᠢᠳᠡ ᠣᠯᠵᠤ ᠮᠡᠳᠡᠵᠡᠶ᠂ ᠡᠭᠦᠨ ᠠᠴᠠ ᠡᠬᠢᠯᠡᠨ ᠰᠤᠮᠤᠨ ᠠᠭᠤᠯᠠᠨ ᠤ ᠬᠢᠨ ᠤᠮᠠᠷᠠᠲᠤ ᠶᠢᠨ ᠬᠠᠷᠭᠠᠶ ᠨᠠᠷᠠᠰᠤ ᠪᠠᠷ ᠭᠤᠤᠯ ᠪᠣᠯᠭᠠᠭᠰᠠᠨ ᠣᠶᠢᠵᠢᠭᠤᠯᠬᠤ ᠲᠥᠰᠦᠯ ᠢ ᠲᠣᠭᠲᠠᠭᠠᠭᠰᠠᠨ ᠪᠠᠶᠢᠨ᠎ᠠ︾ ᠭᠡᠵᠦ ᠳ᠋ᠦᠩ ᠬᠤᠩ ᠷᠦ᠋ ᠬᠡᠯᠡᠪᠡ᠃ ᠬᠡᠳᠦᠨ ᠠᠷᠪᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠰᠤᠮᠤᠨ ᠠᠭᠤᠯᠠᠨ ᠳᠤ ᠠᠭᠠᠵᠢᠮ ᠢᠶᠠᠷ ᠨᠣᠭᠤᠭᠠᠨ ᠦᠩᠭᠡ ᠪᠠᠷ ᠳᠦᠭᠦᠷᠪᠡ᠃      ᠤᠢᠢᠷ᠎ᠠ ᠶᠢᠨ ᠵᠢᠯ ᠠᠴᠠ᠂ ᠰᠤᠮᠤᠨ ᠠᠭᠤᠯᠠ ᠤᠢ ᠰᠢᠭᠤᠢ ᠶᠢᠨ ᠲᠠᠯᠠᠪᠠᠢ ᠲᠣᠭᠠᠴᠢᠯᠠᠭᠰᠠᠨ ᠤᠢ ᠰᠢᠭᠤᠢ ᠶᠢᠨ ᠲᠠᠯᠠᠪᠠᠢ᠂ ᠤᠶᠤᠨᠲᠤ ᠤᠢ ᠰᠢᠭᠤᠢ ᠶᠢᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠳᠤ ᠦᠶ᠎ᠡ ᠶᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠰᠢᠰᠲᠧᠮ ᠢ ᠥᠨᠳᠥᠷ ᠪᠠᠷᠢᠮᠵᠢᠶ᠎ᠠ ᠪᠠᠷ ᠬᠥᠭᠵᠢᠭᠦᠯᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠯᠴᠠᠵᠤ᠂ ᠬᠤᠯᠢᠮᠠᠭ ᠤᠢ ᠰᠢᠭᠤᠢ ᠶᠢ ᠲᠤᠷᠰᠢᠨ ᠲᠠᠷᠢᠵᠠᠢ᠃ ︽ᠪᠢᠳᠡ ᠲᠣᠰᠣᠨ ᠨᠠᠷᠠᠰᠤ᠂ ᠵᠢᠭᠠᠷᠲᠤ ᠨᠠᠷᠠᠰᠤ ᠵᠡᠷᠭᠡ ᠶᠢ ᠳᠠᠷᠢᠪᠠᠯ ᠤᠰᠤᠨ ᠤ ᠡᠬᠢ ᠰᠤᠷᠪᠤᠯᠵᠢ ᠶᠢ ᠬᠠᠳᠠᠭᠠᠯᠠᠵᠤ ᠴᠢᠳᠠᠬᠤ ᠪᠥᠭᠡᠳ ᠡᠷᠭᠢᠨ ᠲᠣᠭᠤᠷᠢᠨ ᠤ ᠠᠮᠢ ᠠᠬᠤᠶ ᠶᠢᠨ ᠵᠢᠭᠤᠯᠴᠢᠯᠠᠯ ᠢ ᠴᠤ ᠳᠠᠶᠢᠴᠢᠯᠠᠵᠤ ᠴᠢᠳᠠᠨ᠎ᠠ︾᠃ ᠰᠤᠮᠤᠨ ᠠᠭᠤᠯᠠ ᠰᠢᠭᠤᠢ ᠶᠢᠨ ᠲᠠᠯᠠᠪᠠᠢ ᠶᠢᠨ ᠨᠠᠮ ᠤᠨ ᠡᠭᠦᠷ ᠤᠨ ᠱᠦᠵᠢ ᠳ᠋ᠦᠩ ᠼᠦ᠋ᠨ ᠵᠠᠨ ᠲᠠᠨᠢᠯᠴᠠᠭᠤᠯᠬᠤ ᠳᠠᠭᠠᠨ᠂ ︽ᠪᠢᠳᠡ ᠪᠠᠰᠠ ᠮᠦᠬᠦ ᠵᠡᠷᠭᠡ ᠤᠢ ᠶᠢᠨ ᠬᠤᠷᠮᠣᠢ ᠶᠢᠨ ᠠᠵᠤ ᠠᠬᠤᠢ ᠶᠢᠨ ᠲᠠᠷᠢᠮᠠᠯ ᠢ ᠬᠥᠭᠵᠢᠭᠦᠯᠵᠦ᠂ ᠤᠢ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠵᠦ ᠂ ᠡᠨᠡᠬᠦ ᠪᠣᠬᠢᠷᠲᠤᠯ ᠦᠭᠡᠢ ᠲᠠᠯᠠᠢ ᠲᠠᠩᠭᠢᠰ ᠢ ᠦᠨᠡᠨᠬᠦ ᠪᠣᠬᠢᠷᠲᠤᠯ ᠦᠭᠡᠢ ᠪᠠᠩᠬᠢ ᠪᠣᠯᠭᠠᠬᠤ ᠪᠠᠷ ᠲᠥᠯᠥᠪᠯᠡᠵᠦ ᠪᠠᠶᠢᠨ᠎ᠠ︾ ᠭᠡᠪᠡ᠃ ᠣᠳᠣᠬᠠᠨ ᠳᠤ᠂ ᠰᠤᠮᠤᠨ ᠠᠭᠤᠯᠠ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠪᠦᠷᠬᠦᠴᠡ ᠶᠢᠨ ᠨᠤᠷᠮ᠎ᠠ 74.8% ᠳᠤ ᠬᠦᠷᠴᠦ᠂ ᠦᠨᠡᠨᠬᠦ ᠪᠣᠬᠢᠷᠲᠤᠯ ᠦᠭᠡᠢ ᠡᠷᠳᠡᠨᠢ ᠶᠢᠨ ᠬᠥᠮᠥᠷᠭᠡ ᠪᠣᠯᠤᠭᠰᠠᠨ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠵᠢᠯ ᠪᠦᠷᠢ ᠳᠤᠮᠳᠠᠴᠢ ᠪᠠᠷ 1000 ᠲᠦᠮᠡᠨ ᠮᠦ ᠶᠢᠨ ᠣᠶᠢᠵᠢᠭᠤᠯᠤᠯᠲᠠ ᠶᠢ ᠪᠡᠶᠡᠯᠡᠭᠦᠯᠵᠦ᠂ 265 ᠲᠦᠮᠡᠨ ᠮᠦ ᠶᠢᠨ ᠤᠢ ᠰᠢᠭᠤᠢ ᠶᠢ ᠠᠷᠠᠴᠢᠯᠠᠨ ᠪᠤᠶᠢᠵᠢᠭᠤᠯᠵᠤ᠂ 118 ᠲᠦᠮᠡᠨ ᠮᠦ ᠶᠢᠨ ᠮᠠᠭᠤᠳᠠᠭᠰᠠᠨ ᠤᠢ ᠰᠢᠭᠤᠢ ᠶᠢ ᠵᠠᠰᠠᠨ ᠰᠡᠷᠭᠦᠭᠡᠵᠡᠢ᠃                                   ᠢᠷᠡᠯᠲᠡ ᠄ ᠠᠷᠠᠳ ᠤᠨ ᠡᠳᠦᠷ ᠤᠨ ᠰᠣᠨᠢᠨ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3