ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠡᠭᠡᠵᠢᠩ ᠲᠢᠶᠠᠨᠵᠢᠨ ᠾᠤᠪᠸᠢ ᠶᠢᠨ ᠲᠠᠨᠢᠯᠴᠠᠭᠤᠯᠭ᠎ᠠ ᠶᠢᠨ ᠬᠤᠷᠠᠯ ᠳᠤ ᠰᠢᠩ ᠾᠧ ᠰᠢᠶᠠᠨ 5 ᠲᠥᠷᠥᠯ ᠵᠦᠢᠯ ᠤᠨ ᠬᠡᠯᠡᠯᠴᠡᠭᠡᠷ ᠤᠨ ᠪᠠᠯᠠ ᠣᠷᠣᠭᠤᠯᠤᠯᠲᠠ ᠶᠢᠨ ᠲᠤᠭ᠎ᠠ 57.6 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2022/8/31
     8 ᠰᠠᠷ᠎ᠠ ᠶᠢᠨ 29᠎ ᠤ ᠡᠳᠦᠷ᠂ ᠪᠡᠭᠡᠵᠢᠩ ᠳᠤ ᠶᠠᠪᠤᠭᠳᠠᠭᠰᠠᠨ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠡᠭᠡᠵᠢᠩ ᠲᠢᠶᠠᠨᠵᠢᠨ ᠾᠤᠪᠸᠢ ᠶᠢᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠰᠢᠩ ᠾᠧ ᠰᠢᠶᠠᠨ 5 ᠲᠥᠷᠥᠯ ᠵᠦᠢᠯ ᠳᠤ ᠠᠮᠵᠢᠯᠲᠠ ᠲᠠᠢ ᠪᠠᠷ ᠭᠠᠷ ᠤᠨ ᠥᠰᠥᠭ ᠵᠢᠷᠤᠵᠤ᠂ 57.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠣᠭᠲᠠᠪᠠ᠃
     ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ ᠬᠤᠷᠠᠯ ᠳᠡᠭᠡᠷ᠎ᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠲᠠᠨᠢᠯᠴᠠᠭᠤᠯᠭ᠎ᠠ ᠬᠢᠬᠦ ᠳᠡᠭᠡᠨ᠂ ᠰᠢᠩ ᠾᠧ ᠰᠢᠶᠠᠨ ᠤ ᠬᠢᠨ ᠨᠡᠶᠢᠰᠯᠡᠯ ᠳᠤ ᠬᠠᠨᠳᠤᠭᠤᠯᠤᠭᠰᠠᠨ ︽ᠢᠳᠡᠰᠢᠨ ᠨᠣᠭᠤᠭ᠎ᠠ ᠶᠢᠨ ᠲᠣᠮᠣ ᠬᠦᠷᠢᠶᠡᠯᠡᠩ︾᠂ ︽ᠠᠷᠤ ᠴᠡᠴᠡᠷᠯᠢᠭ︾᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ︽ᠲᠥᠪᠯᠡᠷᠡᠭᠰᠡᠨ ᠣᠷᠣᠨ︾ ᠪᠠ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ᠂ ᠪᠣᠬᠢᠷᠲᠤᠯ ᠦᠭᠡᠢ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠨᠠᠷᠢᠯᠢᠭ ᠡᠳ᠋ᠰᠢᠭᠦᠯᠬᠦ᠂ ᠠᠯᠠᠰᠢᠨ ᠦᠬᠡᠷ ᠠᠯᠠᠰᠢᠨ ᠬᠤᠨᠢ ᠶᠢ ᠦᠷᠡᠵᠢᠭᠦᠯᠦᠨ ᠪᠤᠶᠢᠵᠢᠭᠤᠯᠵᠤ ᠨᠢᠲᠤᠯᠵᠤ ᠨᠠᠷᠢᠯᠢᠭ ᠡᠳ᠋ᠰᠢᠭᠦᠯᠬᠦ ᠵᠢᠴᠢ ᠬᠥᠮᠥᠷᠭᠡᠯᠡᠨ ᠬᠠᠳᠠᠭᠠᠯᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ᠂ ︽ᠦᠵᠡᠰᠬᠦᠯᠡᠩᠲᠦ ᠰᠠᠶᠢᠬᠠᠨ ᠠᠶᠢᠯ ᠲᠣᠰᠬᠤᠨ︾᠎ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠰᠤᠮᠤᠨ ᠠᠭᠤᠯᠠᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ᠂ ᠲᠤᠤ ᠵᠢᠦ ᠬᠤᠸᠠ ᠯᠢᠩ ᠳᠠᠪᠠᠭᠠᠨ ᠤ ᠠᠮᠢ ᠠᠬᠤᠢ ᠶᠢᠨ ᠵᠤᠭᠠᠴᠠᠯ ᠤᠨ ᠣᠷᠣᠨ᠂ ᠳᠠᠯᠠᠨ ᠬᠠᠷ᠎ᠠ ᠠᠭᠤᠯᠠᠨ ᠤ ᠠᠮᠢ ᠠᠬᠤᠢ ᠶᠢᠨ ᠴᠡᠴᠡᠷᠯᠢᠭ᠂ ᠺᠠᠩ ᠶᠠᠩ ᠵᠡᠷᠭᠡ ᠲᠦᠷᠦᠯ ᠵᠦᠢᠯ ᠢ ᠣᠷᠣᠭᠤᠯᠤᠨ ᠠᠪᠴᠢᠷᠠᠨ᠎ᠠ᠃ ᠤᠰᠤᠲᠥ᠋ᠷᠥᠭᠴᠢ ᠡᠨᠧᠷᠭᠢ ᠶᠢ ᠠᠰᠢᠭᠯᠠᠬᠤ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠢᠵᠢ ᠪᠦᠷᠢᠳᠦᠭᠦᠯᠬᠦ ᠠᠵᠤ ᠦᠢᠯᠡᠰ ᠢ ᠪᠦᠳᠦᠭᠡᠨ ᠪᠠᠶᠢᠭᠤᠯᠵᠤ᠂ ᠨᠡᠭᠦᠷᠡᠰᠦ ᠪᠠ ᠠᠭᠤᠷᠬᠠᠶ ᠶᠢᠨ ᠭᠠᠷᠤᠯᠲᠠ ᠶᠢ ᠬᠥᠮᠥᠷᠭᠡᠯᠡᠨ ᠬᠠᠳᠠᠭᠠᠯᠠᠬᠤ᠂ ᠬᠤᠪᠢᠶᠠᠨ ᠰᠣᠩᠭᠤᠬᠤ᠂ ᠲᠣᠬᠢᠷᠠᠭᠤᠯᠤᠨ ᠬᠦᠷᠭᠡᠬᠦ ᠵᠢᠴᠢ ᠪᠤᠰᠤᠳ ᠶᠡᠭᠡ ᠬᠡᠮᠵᠢᠶᠡᠨ ᠤ ᠲᠠᠸᠠᠷ ᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠵᠦᠢᠯᠡᠰ ᠢ ᠪᠦᠳᠦᠭᠡᠨ ᠪᠠᠶᠢᠭᠤᠯᠤᠨ᠎ᠠ᠃
     ᠸᠠᠩ ᠬᠤᠢ ᠢᠦᠢ ᠴᠢᠩᠭᠠᠳᠬᠠᠭᠰᠠᠨ ᠨᠢ᠂ ᠡᠳᠡᠭᠡᠷ ᠲᠦᠷᠦᠯ ᠵᠦᠢᠯ ᠨᠢ ᠨᠡᠯᠢᠶᠡᠳ ᠴᠢᠩᠭ᠎ᠠ ᠬᠦᠳᠦᠯᠦᠨ ᠳᠠᠭᠠᠭᠤᠯᠬᠤ ᠴᠢᠨᠠᠷ᠂ ᠰᠢᠨ᠎ᠡ ᠶᠢ ᠡᠭᠦᠳᠬᠦ ᠴᠢᠨᠠᠷ ᠪᠠ ᠪᠤᠶᠢᠵᠢᠯᠲᠠ ᠶᠢᠨ ᠴᠢᠨᠠᠷ ᠲᠠᠢ ᠪᠠᠶᠢᠵᠤ᠂ ᠰᠢᠩ ᠡᡁᠧ ᠰᠢᠶᠠᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠬᠦᠴᠦᠨ ᠴᠢᠳᠠᠯ ᠨᠡᠮᠡᠷᠢᠯᠡᠬᠦ ᠨᠢ ᠯᠠᠪᠲᠠᠢ ᠶᠤᠮ᠃ ᠡᠭᠦᠨ ᠤ ᠬᠠᠮᠲᠤ᠂ ᠡᠯ᠎ᠡ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠮᠠᠨ ᠤ ᠰᠢᠶᠠᠨ ᠤ ᠪᠠᠯ ᠴᠢᠯᠠᠭᠤ᠂ ᠮᠤᠯᠢᠪᠳᠧᠨ ᠤ ᠳᠤᠤᠷᠠᠳᠤ ᠤᠷᠤᠰᠬᠠᠯ ᠤᠨ ᠳᠡᠭᠡᠳᠦ ᠲᠡᠰ ᠤᠨ ᠦᠢᠯᠡᠳᠬᠦᠨ᠂ ᠳᠡᠭᠡᠳᠦ ᠲᠡᠰ ᠤᠨ ᠸᠠᠭᠠᠷ ᠱᠠᠭᠠᠵᠠᠩ ᠵᠡᠷᠭᠡ ᠬᠦᠷᠢᠶᠡᠨ ᠳᠤ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠨ᠎ᠠ᠃
     ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠰᠢᠩ ᠡᡁᠧ ᠰᠢᠶᠠᠨ ᠤ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠠᠯ ᠴᠢᠯᠠᠭᠤ᠂ ᠬᠥᠭᠡᠯᠭᠡᠭᠰᠡᠨ ᠰᠢᠷᠣᠢ ᠪᠣᠯᠤᠨ ᠭᠤᠣᠯᠢᠩ ᠰᠢᠷᠣᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ᠂ ᠪᠣᠷᠣᠯᠠᠭᠤᠯᠭ᠎ᠠ ᠶᠢᠨ ᠪᠠᠶᠢᠳᠠᠯ ᠢ ᠤᠢᠢᠯᠠᠭᠠᠭᠰᠠᠨ ᠪᠥᠭᠡᠳ ᠦᠵᠡᠭᠦᠯᠦᠯᠭᠡ ᠶᠢᠨ ᠪᠠᠶᠢᠷᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠨ ᠵᠥᠪᠳᠡᠯᠴᠡᠪᠡ᠃      ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠳᠤᠮᠳᠠᠳᠤ ᠲᠢᠲ᠋ᠠᠨ ᠤ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠤᠰᠤᠲᠥ᠋ᠷᠥᠭᠴᠢ ᠦᠢᠯᠡᠳᠬᠦ ᠲᠥᠷᠥᠯ ᠵᠦᠢᠯ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃                                                ᠢᠷᠡᠯᠲᠡ  ᠄ ᠰᠢᠩ ᠾᠧ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ                              ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                              ᠤᠷᠴᠢᠭᠤᠯᠤᠭᠴᠢ᠄ ᠨᠠᠷᠠᠰᠤ                              ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3