8 ᠰᠠᠷ᠎ᠠ ᠶᠢᠨ 29 ᠤ ᠡᠳᠦᠷ᠂ ᠪᠡᠭᠡᠵᠢᠩ ᠳᠤ ᠶᠠᠪᠤᠭᠳᠠᠭᠰᠠᠨ ᠤᠯᠠᠭᠠᠨᠴᠠᠪ ᠬᠤᠲᠠ ᠶᠢᠨ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠪᠡᠭᠡᠵᠢᠩ ᠲᠢᠶᠠᠨᠵᠢᠨ ᠾᠤᠪᠸᠢ ᠶᠢᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠰᠢᠩ | ᠾᠧ ᠰᠢᠶᠠᠨ 5 ᠲᠥᠷᠥᠯ ᠵᠦᠢᠯ ᠳᠤ ᠠᠮᠵᠢᠯᠲᠠ ᠲᠠᠢ ᠪᠠᠷ ᠭᠠᠷ ᠤᠨ ᠥᠰᠥᠭ ᠵᠢᠷᠤᠵᠤ᠂ 57.6 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠣᠭᠲᠠᠪᠠ᠃ | | | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠶ ᠬᠤᠷᠠᠯ ᠳᠡᠭᠡᠷ᠎ᠡ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠲᠥᠷᠥᠯ ᠵᠦᠢᠯ ᠤᠨ ᠲᠠᠨᠢᠯᠴᠠᠭᠤᠯᠭ᠎ᠠ ᠬᠢᠬᠦ ᠳᠡᠭᠡᠨ᠂ ᠰᠢᠩ ᠾᠧ ᠰᠢᠶᠠᠨ ᠤ ᠬᠢᠨ ᠨᠡᠶᠢᠰᠯᠡᠯ ᠳᠤ | ᠬᠠᠨᠳᠤᠭᠤᠯᠤᠭᠰᠠᠨ ︽ᠢᠳᠡᠰᠢᠨ ᠨᠣᠭᠤᠭ᠎ᠠ ᠶᠢᠨ ᠲᠣᠮᠣ ᠬᠦᠷᠢᠶᠡᠯᠡᠩ︾᠂ ︽ᠠᠷᠤ ᠴᠡᠴᠡᠷᠯᠢᠭ︾᠂ ᠰᠢᠨ᠎ᠡ ᠡᠨᠧᠷᠭᠢ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ︽ᠲᠥᠪᠯᠡᠷᠡᠭᠰᠡᠨ ᠣᠷᠣᠨ︾ ᠪᠠ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠠᠵᠤ ᠦᠢᠯᠡᠰ ᠤᠨ ︽ᠳᠠᠭᠠᠭᠠᠴᠠ ᠶᠢᠨ ᠣᠷᠣᠨ︾ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ᠂ | ᠪᠣᠬᠢᠷᠲᠤᠯ ᠦᠭᠡᠢ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠨᠠᠷᠢᠯᠢᠭ ᠡᠳ᠋ᠰᠢᠭᠦᠯᠬᠦ᠂ ᠠᠯᠠᠰᠢᠨ ᠦᠬᠡᠷ ᠠᠯᠠᠰᠢᠨ | ᠬᠤᠨᠢ ᠶᠢ ᠦᠷᠡᠵᠢᠭᠦᠯᠦᠨ ᠪᠤᠶᠢᠵᠢᠭᠤᠯᠵᠤ ᠨᠢᠲᠤᠯᠵᠤ ᠨᠠᠷᠢᠯᠢᠭ ᠡᠳ᠋ᠰᠢᠭᠦᠯᠬᠦ ᠵᠢᠴᠢ ᠬᠥᠮᠥᠷᠭᠡᠯᠡᠨ ᠬᠠᠳᠠᠭᠠᠯᠠᠬᠤ᠂ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠨᠢᠭᠡ ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ᠂ ︽ | ᠦᠵᠡᠰᠬᠦᠯᠡᠩᠲᠦ ᠰᠠᠶᠢᠬᠠᠨ ᠠᠶᠢᠯ ᠲᠣᠰᠬᠤᠨ︾ ᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠰᠤᠮᠤᠨ | ᠠᠭᠤᠯᠠᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ᠂ ᠲᠤᠤ ᠵᠢᠦ ᠬᠤᠸᠠ ᠯᠢᠩ | ᠳᠠᠪᠠᠭᠠᠨ ᠤ ᠠᠮᠢ ᠠᠬᠤᠢ ᠶᠢᠨ ᠵᠤᠭᠠᠴᠠᠯ ᠤᠨ ᠣᠷᠣᠨ᠂ ᠳᠠᠯᠠᠨ ᠬᠠᠷ᠎ᠠ ᠠᠭᠤᠯᠠᠨ ᠤ ᠠᠮᠢ ᠠᠬᠤᠢ ᠶᠢᠨ ᠴᠡᠴᠡᠷᠯᠢᠭ᠂ | ᠺᠠᠩ ᠶᠠᠩ ᠵᠡᠷᠭᠡ ᠲᠦᠷᠦᠯ ᠵᠦᠢᠯ ᠢ ᠣᠷᠣᠭᠤᠯᠤᠨ ᠠᠪᠴᠢᠷᠠᠨ᠎ᠠ᠃ ᠤᠰᠤᠲᠥ᠋ᠷᠥᠭᠴᠢ ᠡᠨᠧᠷᠭᠢ ᠶᠢ ᠠᠰᠢᠭᠯᠠᠬᠤ᠂ | ᠲᠤᠨᠤᠭ ᠲᠥᠬᠦᠭᠡᠷᠦᠮᠵᠢ ᠦᠢᠯᠡᠳᠬᠦ ᠵᠡᠷᠭᠡ ᠢᠵᠢ ᠪᠦᠷᠢᠳᠦᠭᠦᠯᠬᠦ ᠠᠵᠤ ᠦᠢᠯᠡᠰ ᠢ ᠪᠦᠳᠦᠭᠡᠨ ᠪᠠᠶᠢᠭᠤᠯᠵᠤ᠂ | ᠨᠡᠭᠦᠷᠡᠰᠦ ᠪᠠ ᠠᠭᠤᠷᠬᠠᠶ ᠶᠢᠨ ᠭᠠᠷᠤᠯᠲᠠ ᠶᠢ ᠬᠥᠮᠥᠷᠭᠡᠯᠡᠨ ᠬᠠᠳᠠᠭᠠᠯᠠᠬᠤ᠂ ᠬᠤᠪᠢᠶᠠᠨ ᠰᠣᠩᠭᠤᠬᠤ᠂ | ᠲᠣᠬᠢᠷᠠᠭᠤᠯᠤᠨ ᠬᠦᠷᠭᠡᠬᠦ ᠵᠢᠴᠢ ᠪᠤᠰᠤᠳ ᠶᠡᠭᠡ ᠬᠡᠮᠵᠢᠶᠡᠨ ᠤ ᠲᠠᠸᠠᠷ ᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡ ᠵᠡᠷᠭᠡ ᠵᠦᠢᠯᠡᠰ ᠢ ᠪᠦᠳᠦᠭᠡᠨ ᠪᠠᠶᠢᠭᠤᠯᠤᠨ᠎ᠠ᠃ | | | ᠸᠠᠩ ᠬᠤᠢ ᠢᠦᠢ ᠴᠢᠩᠭᠠᠳᠬᠠᠭᠰᠠᠨ ᠨᠢ᠂ ᠡᠳᠡᠭᠡᠷ ᠲᠦᠷᠦᠯ ᠵᠦᠢᠯ ᠨᠢ ᠨᠡᠯᠢᠶᠡᠳ ᠴᠢᠩᠭ᠎ᠠ ᠬᠦᠳᠦᠯᠦᠨ | ᠳᠠᠭᠠᠭᠤᠯᠬᠤ ᠴᠢᠨᠠᠷ᠂ ᠰᠢᠨ᠎ᠡ ᠶᠢ ᠡᠭᠦᠳᠬᠦ ᠴᠢᠨᠠᠷ ᠪᠠ ᠪᠤᠶᠢᠵᠢᠯᠲᠠ ᠶᠢᠨ ᠴᠢᠨᠠᠷ ᠲᠠᠢ ᠪᠠᠶᠢᠵᠤ᠂ ᠰᠢᠩ ᠡᡁᠧ | ᠰᠢᠶᠠᠨ ᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠬᠦᠴᠦᠨ ᠴᠢᠳᠠᠯ ᠨᠡᠮᠡᠷᠢᠯᠡᠬᠦ ᠨᠢ ᠯᠠᠪᠲᠠᠢ ᠶᠤᠮ᠃ | ᠡᠭᠦᠨ ᠤ ᠬᠠᠮᠲᠤ᠂ ᠡᠯ᠎ᠡ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠮᠠᠨ ᠤ ᠰᠢᠶᠠᠨ ᠤ ᠪᠠᠯ ᠴᠢᠯᠠᠭᠤ᠂ | ᠮᠤᠯᠢᠪᠳᠧᠨ ᠤ ᠳᠤᠤᠷᠠᠳᠤ ᠤᠷᠤᠰᠬᠠᠯ ᠤᠨ ᠳᠡᠭᠡᠳᠦ ᠲᠡᠰ ᠤᠨ ᠦᠢᠯᠡᠳᠬᠦᠨ᠂ ᠳᠡᠭᠡᠳᠦ ᠲᠡᠰ ᠤᠨ ᠸᠠᠭᠠᠷ ᠱᠠᠭᠠᠵᠠᠩ | ᠵᠡᠷᠭᠡ ᠬᠦᠷᠢᠶᠡᠨ ᠳᠤ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠨ᠎ᠠ᠃ | | | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠰᠢᠩ ᠡᡁᠧ | ᠰᠢᠶᠠᠨ ᠤ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠪᠠᠯ ᠴᠢᠯᠠᠭᠤ᠂ ᠬᠥᠭᠡᠯᠭᠡᠭᠰᠡᠨ | ᠰᠢᠷᠣᠢ ᠪᠣᠯᠤᠨ ᠭᠤᠣᠯᠢᠩ ᠰᠢᠷᠣᠢ ᠶᠢᠨ ᠪᠦᠲᠦᠭᠡᠭᠳᠡᠬᠦᠨ ᠤ ᠦᠢᠯᠡᠳᠪᠦᠷᠢᠯᠡᠯ᠂ ᠪᠣᠷᠣᠯᠠᠭᠤᠯᠭ᠎ᠠ ᠶᠢᠨ ᠪᠠᠶᠢᠳᠠᠯ ᠢ | ᠤᠢᠢᠯᠠᠭᠠᠭᠰᠠᠨ ᠪᠥᠭᠡᠳ ᠦᠵᠡᠭᠦᠯᠦᠯᠭᠡ ᠶᠢᠨ ᠪᠠᠶᠢᠷᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠨ ᠵᠥᠪᠳᠡᠯᠴᠡᠪᠡ᠃ | | ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠾᠧᠦ | ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠥᠪᠥᠷ ᠮᠣᠩᠭᠤᠯ ᠤᠨ ᠳᠤᠮᠳᠠᠳᠤ ᠲᠢᠲ᠋ᠠᠨ ᠤ | ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ ᠤᠰᠤᠲᠥ᠋ᠷᠥᠭᠴᠢ ᠦᠢᠯᠡᠳᠬᠦ ᠲᠥᠷᠥᠯ ᠵᠦᠢᠯ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭᠠᠨ ᠤ | ᠬᠡᠯᠡᠯᠴᠡᠭᠡᠷ ᠲᠣᠭᠲᠠᠪᠠ᠃ | | ᠢᠷᠡᠯᠲᠡ ᠄ ᠰᠢᠩ ᠾᠧ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ | ᠲᠥᠪ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |