ᠰᠢᠩ ᠾᠧ ᠰᠢᠶᠠᠨ ᠤ ᠬᠠᠷᠢᠶ᠎ᠠ ᠲᠣᠭᠤᠷᠢᠭ ᠲᠠᠬᠢ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠣᠷᠣᠨ ᠤ ᠪᠤᠯᠠᠰᠢ ᠶᠢ ᠨᠡᠭᠦᠯᠭᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/8/5
     ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠲᠤᠰᠬᠠᠶᠢᠯᠠᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠯᠭᠠᠭᠠᠳ᠂ ᠰᠢᠩ ᠾᠧ ᠰᠢᠶᠠᠨ ᠤ ᠬᠠᠷᠢᠶ᠎ᠠ ᠲᠣᠭᠤᠷᠢᠭ ᠲᠠᠬᠢ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠬᠠᠷᠠᠭᠳᠠᠬᠤᠶᠢᠴᠠ ᠬᠡᠪᠴᠢᠶᠡᠨ ᠳᠠᠬᠢ ᠬᠠᠲᠠᠭᠤᠷᠠᠭᠤᠯᠤᠭᠰᠠᠨ ᠣᠩᠭᠤᠨ ᠢ ᠨᠡᠭᠦᠯᠭᠡᠬᠦ ᠶᠢ ᠬᠡᠷᠡᠭᠵᠢᠭᠦᠯᠦᠨ᠎ᠡ᠂ ᠪᠣᠳᠠᠲᠠᠶ ᠠᠯᠪᠠᠨ ᠵᠠᠷ ᠨᠢ ᠳᠣᠤᠷᠠᠬᠢ ᠮᠡᠲᠦ᠄      ᠨᠢᠭᠡ᠂ ᠤᠩᠭᠤᠨ ᠰᠢᠯᠵᠢᠭᠦᠯᠬᠦ ᠬᠡᠪᠴᠢᠶ᠎ᠡ      ᠰᠢᠩ ᠡᡁᠧ ᠰᠢᠶᠠᠨ ᠤ ᠬᠠᠷᠢᠶ᠎ᠠ ᠲᠣᠭᠤᠷᠢᠭ ᠲᠠᠬᠢ ᠲᠦᠷᠭᠡᠨ ᠤ ᠲᠡᠮᠦᠷ ᠵᠠᠮ ᠳᠠᠭᠠᠤ ᠶᠢᠨ ᠬᠠᠷᠠᠭᠳᠠᠬᠤᠶᠢᠴᠠ ᠬᠡᠪᠴᠢᠶᠡᠨ ᠳᠠᠬᠢ ᠬᠠᠲᠠᠭᠤᠷᠠᠭᠤᠯᠤᠭᠰᠠᠨ ᠪᠤᠯᠠᠰᠢ ᠪᠣᠯᠤᠨ᠎ᠠ᠃      ᠬᠤᠶᠠᠷ᠂ ᠴᠠᠭ ᠤᠨ ᠬᠢᠵᠠᠭᠠᠷ ᠤᠨ ᠱᠠᠭᠠᠷᠳᠠᠯᠭ᠎ᠠ      ᠳᠡᠭᠡᠷ᠎ᠡ ᠳᠤᠷᠠᠳᠤᠭᠰᠠᠨ ᠬᠡᠪᠴᠢᠶᠡᠨ ᠳᠠᠬᠢ ᠬᠤᠯᠪᠣᠭᠳᠠᠯ ᠪᠥᠬᠦᠶ ᠣᠩᠭᠤᠨ ᠤ ᠡᠵᠡᠨ ᠤ ᠲᠥᠷᠥᠯ ᠰᠠᠳᠤᠨ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 11 ᠰᠠᠷ᠎ᠠ ᠶᠢᠨ 30᠎ ᠤ ᠡᠳᠦᠷ ᠠᠴᠠ ᠡᠮᠦᠨ᠎ᠡ ᠥᠪᠡᠰᠦᠪᠡᠨ ᠨᠡᠭᠦᠵᠦ ᠳᠠᠭᠤᠰᠬᠠᠬᠤ ᠶᠢ ᠬᠦᠰᠡᠵᠦ ᠪᠠᠶᠢᠨ᠎ᠠ᠃      ᠭᠤᠷᠪᠠ᠂ ᠭᠦᠢᠴᠡᠳᠬᠡᠬᠦ ᠪᠠᠷᠢᠮᠵᠢᠶ᠎ᠠ      ︽ᠤᠯᠠᠭᠠᠨᠴᠠᠪ ᠬᠤᠲᠠ ᠶᠢᠨ ᠭᠠᠵᠠᠷ ᠰᠢᠷᠣᠶ ᠲᠠᠲᠠᠪᠤᠷᠢᠯᠠᠬᠤ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠥᠬᠦᠪᠥᠷᠢᠯᠡᠨ ᠨᠥᠬᠦᠪᠥᠷᠢᠯᠡᠬᠦ ᠪᠠᠷᠢᠮᠵᠢᠶ᠎ᠠ ᠶᠢ ᠲᠣᠭᠲᠠᠭᠠᠬᠤ︾ ︵ᠤᠯᠠᠭᠠᠨᠴᠠᠪ ᠠᠯᠪᠠᠨ ᠲᠠᠷᠬᠠᠭᠠᠭᠰᠠᠨ ︹ 2022 ︺ 6 ᠳ᠋ᠤᠭᠠᠷ ᠲᠣᠭᠠᠲᠤ︶᠎ ᠶᠢ ᠵᠢᠷᠤᠮᠯᠠᠨ ᠬᠡᠷᠡᠭᠵᠢᠭᠦᠯᠦᠨ᠎ᠡ᠂ ᠪᠠᠷᠢᠮᠵᠢᠶ᠎ᠠ ᠨᠢ᠄ ︽ᠰᠢᠩ ᠾᠧ ᠰᠢᠶᠠᠨ ᠤ ᠭᠠᠵᠠᠷ ᠳᠡᠭᠡᠷᠡᠬᠢ ᠳᠠᠭᠠᠯᠲᠠ ᠪᠣᠳᠠᠰ ᠤᠨ ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ ᠳᠤ᠄ ᠬᠠᠲᠠᠭᠤᠷᠠᠭᠤᠯᠤᠭᠰᠠᠨ ᠪᠤᠯᠠᠰᠢ ᠶᠢ 9000 ᠲᠥᠭᠦᠷᠢᠭ / ᠰᠠᠭᠤᠷᠢ ᠨᠡᠭᠦᠯᠭᠡᠵᠦ ᠂ ᠬᠠᠲᠠᠭᠤᠷᠠᠭᠤᠯᠤᠭᠰᠠᠨ ᠪᠤᠯᠠᠰᠢ ᠶᠢ 1000 ᠲᠥᠭᠦᠷᠢᠭ / ᠰᠠᠭᠤᠷᠢ ᠬᠠᠲᠠᠭᠤᠷᠠᠭᠤᠯᠤᠨ᠎ᠠ᠃      ᠳᠥᠷᠪᠡ᠂ ᠬᠤᠯᠪᠣᠭᠳᠠᠯ ᠪᠥᠬᠦᠶ ᠱᠠᠭᠠᠷᠳᠠᠯᠭ᠎ᠠ      ︵ᠨᠢᠭᠡ︶ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠰᠢᠩ ᠾᠧ ᠰᠢᠶᠠᠨ ᠤ ᠬᠠᠷᠢᠶ᠎ᠠ ᠲᠣᠭᠤᠷᠢᠭ ᠤᠨ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠦᠵᠡᠵᠦ ᠪᠣᠯᠬᠤ ᠬᠡᠪᠴᠢᠶᠡᠨ ᠳᠤ ᠪᠤᠯᠠᠰᠢ ᠶᠢᠨ ᠡᠵᠡᠨ ᠤ ᠲᠥᠷᠥᠯ ᠰᠠᠳᠤᠨ ᠢ ᠬᠠᠲᠠᠭᠤᠷᠠᠭᠤᠯᠵᠤ ᠪᠤᠯᠠᠰᠢ ᠶᠢᠨ ᠪᠠᠶᠢᠭ᠎ᠠ ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ᠲᠠᠢ ᠲᠦᠷᠭᠡᠨ ᠬᠠᠷᠢᠯᠴᠠᠬᠤ ᠶᠢᠨ ᠬᠠᠮᠲᠤ ᠪᠤᠯᠠᠰᠢ ᠶᠢ ᠰᠢᠯᠵᠢᠭᠦᠯᠬᠦ ᠭᠠᠷᠳᠠᠮ ᠪᠠ ᠨᠥᠬᠦᠪᠥᠷᠢ ᠥᠭᠬᠦ ᠵᠦᠢᠯᠡᠰ ᠢ ᠭᠦᠢᠴᠡᠳᠭᠡᠬᠦ ᠶᠢ ᠬᠦᠰᠡᠵᠦ ᠪᠠᠶᠢᠨ᠎ᠠ᠃ ᠨᠡᠭᠦᠯᠭᠡᠬᠦ ᠭᠠᠵᠠᠷ ᠢ ᠤᠢᠢᠷ᠎ᠠ ᠬᠠᠪᠢ ᠶᠢᠨ ᠵᠠᠷᠴᠢᠮ ᠶᠣᠰᠣᠭᠠᠷ᠂ ᠰᠢᠶᠠᠨ ᠤ ᠱᠠᠳᠤ᠂ ᠰᠢᠶᠠᠩ ᠪᠠᠯᠭᠠᠰᠤᠨ ᠤ ᠱᠠᠳᠤ ᠪᠠ ᠭᠠᠴᠠᠭᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠤᠡᠭᠭᠤᠨ ᠳᠤ ᠥᠪᠡᠰᠦᠪᠡᠨ ᠣᠷᠣᠰᠢᠭᠤᠯᠬᠤ ᠬᠡᠷᠡᠭᠲᠡᠶ᠃      ︵ᠬᠤᠶᠠᠷ︶ ᠵᠠᠷᠯᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠨᠡᠭᠦᠯᠭᠡᠭᠰᠡᠨ ᠥᠬᠡᠶ ᠡᠵᠡᠨ ᠥᠬᠡᠶ ᠪᠠᠷ ᠬᠠᠲᠠᠭᠤᠷᠠᠭᠤᠯᠤᠭᠰᠠᠨ ᠪᠤᠯᠠᠰᠢ ᠶᠢ ᠪᠣᠯ ᠡᠵᠡᠨ ᠥᠬᠡᠶ ᠪᠠᠷ ᠬᠠᠲᠠᠭᠤᠷᠠᠭᠤᠯᠤᠭᠰᠠᠨ ᠪᠤᠯᠠᠰᠢ ᠶᠢ  ᠰᠢᠢᠳᠪᠦᠷᠢᠯᠡᠬᠦ ᠲᠠᠰ ᠳᠠᠷᠠᠭᠠᠯᠠᠯ ᠤᠨ ᠶᠣᠰᠣᠭᠠᠷ᠂ ᠬᠠᠮᠢᠶ᠎ᠠ ᠪᠥᠬᠦᠶ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠡᠩᠰᠡᠯᠡᠨ ᠲᠡᠮᠳᠡᠭᠯᠡᠵᠦ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠬᠠᠮᠠᠭᠠᠯᠠᠨ ᠬᠠᠳᠠᠭᠠᠯᠠᠭᠰᠠᠨ ᠤ ᠳᠠᠷᠠᠭ᠎ᠠ ᠨᠢᠭᠡᠳᠦᠯᠲᠡᠶ ᠨᠡᠭᠦᠯᠭᠡᠨ ᠭᠠᠷᠭᠠᠵᠤ᠂ ᠨᠡᠭᠦᠯᠭᠡᠭᠰᠡᠨ ᠵᠠᠷᠤᠳᠠᠯ ᠢ ᠲᠥᠯᠥᠪᠦᠷᠢ ᠶᠢᠨ ᠵᠠᠷᠤᠳᠠᠯ ᠠᠴᠠ ᠬᠠᠰᠤᠵᠤ ᠭᠠᠷᠭᠠᠨ᠎ᠠ ᠃ ᠵᠠᠷᠯᠠᠯ ᠤᠨ ᠬᠤᠭᠤᠴᠠᠭ᠎ᠠ ᠳᠦᠭᠦᠷᠦᠭᠰᠡᠨ ᠤ ᠲᠠᠷᠠᠭ᠎ᠠ ᠮᠥᠨ ᠨᠡᠭᠦᠵᠦ ᠭᠠᠷᠬᠤ ᠦᠭᠡᠢ ᠭᠤᠣᠯ ᠬᠠᠲᠠᠭᠤᠷᠠᠭᠤᠯᠤᠭᠰᠠᠨ ᠪᠤᠯᠠᠰᠢ ᠶᠢ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ ᠨᠡᠭᠦᠯᠭᠡᠬᠦ ᠪᠠᠷ ᠭᠤᠶᠤᠴᠢᠯᠠᠵᠤ᠂ ᠨᠡᠭᠦᠵᠦ ᠭᠠᠷᠤᠭᠰᠠᠨ ᠵᠠᠷᠤᠳᠠᠯ ᠢ ᠲᠥᠯᠥᠪᠦᠷᠢ ᠶᠢᠨ ᠵᠠᠷᠤᠳᠠᠯ ᠠᠴᠠ ᠬᠠᠰᠤᠵᠤ ᠭᠠᠷᠭᠠᠨ᠎ᠠ᠃ ᠡᠭᠦᠨ ᠢ ᠥᠷᠭᠡᠨ ᠤᠯᠠᠨ ᠲᠦᠮᠡᠨ ᠬᠠᠷᠢᠯᠴᠠᠨ ᠳᠠᠮᠵᠢᠭᠤᠯᠵᠤ ᠥᠭᠬᠦ ᠪᠣᠯᠪᠠᠤ᠃      ︵ᠭᠤᠷᠪᠠ︶ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠳᠡᠭᠡᠳᠦ ᠬᠤᠷᠳᠤ ᠶᠢᠨ ᠲᠡᠮᠦᠷ ᠵᠠᠮ ᠳᠠᠭᠠᠤ ᠳᠤ ᠰᠢᠨ᠎ᠡ ᠪᠠᠷ ᠪᠤᠯᠠᠰᠢ ᠨᠡᠮᠡᠬᠦ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠪᠡᠯ ᠠᠯᠪᠠᠳᠠᠯᠭ᠎ᠠ ᠪᠠᠷ ᠨᠤᠷᠠᠭᠠᠨ ᠠᠷᠢᠯᠭᠠᠵᠤ᠂ ᠨᠤᠷᠠᠭᠠᠨ ᠠᠷᠢᠯᠭᠠᠬᠤ ᠵᠠᠷᠤᠳᠠᠯ ᠢ ᠪᠤᠯᠠᠰᠢ ᠶᠢᠨ ᠡᠵᠡᠨ ᠤ ᠲᠥᠷᠥᠯ ᠰᠠᠳᠤᠨ ᠡᠭᠦᠷᠭᠡᠯᠡᠨ᠎ᠡ᠃      ᠲᠠᠪᠤ᠂ ᠬᠦᠯᠢᠶᠡᠨ ᠠᠪᠤᠭᠰᠠᠨ ᠰᠠᠯᠠᠭ᠎ᠠ ᠮᠥᠴᠢᠷ      ᠪᠤᠯᠠᠰᠢ ᠶᠢ ᠬᠠᠲᠠᠭᠤᠷᠠᠭᠤᠯᠤᠭᠰᠠᠨ ᠡᠵᠡᠨ ᠤ ᠲᠦᠷᠦᠯ ᠰᠠᠳᠤᠨ ᠢ ᠳᠠᠷᠤᠶ ᠲᠦᠷᠭᠡᠨ ᠪᠤᠯᠠᠰᠢ ᠶᠢᠨ ᠪᠠᠶᠢᠭ᠎ᠠ ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ᠳᠤ ᠣᠴᠢᠵᠤ ᠳᠠᠩᠰᠠᠯᠠᠭᠤᠯᠵᠤ᠂ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠪᠤᠯᠠᠰᠢ ᠶᠢ ᠰᠢᠯᠵᠢᠭᠦᠯᠬᠦ ᠨᠥᠬᠦᠪᠥᠷᠢ ᠣᠯᠭᠤᠬᠤ ᠬᠡᠷᠡᠭᠲᠡᠶ᠃      ᠬᠠᠷᠢᠯᠴᠠᠬᠤ ᠬᠥᠮᠦᠨ᠄      ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠯᠢ ᠫᠧᠩ 15648926666      ᠡᠷᠳᠡᠨᠢ ᠪᠠᠯᠭᠠᠰᠤᠨ ᠤ ᠬᠠᠷᠢᠭᠤᠴᠠᠯᠭᠠᠲᠠᠨ ᠸᠠᠩ ᠶᠠ ᠹᠸᠢ 15334740043      ᠴᠧᠩ ᠭᠤᠸᠠᠨ ᠪᠠᠯᠭᠠᠰᠤᠨ ᠤ ᠬᠠᠷᠢᠭᠤᠴᠠᠯᠭᠠᠲᠠᠨ ᠱᠢ ᠾᠧᠩ 13739958044      ᠳ᠋ᠠᠲ᠋ᠦ᠋ᠩ ᠶᠣᠣ ᠰᠢᠶᠠᠩ ᠤᠨ ᠬᠠᠷᠢᠭᠤᠴᠠᠯᠭᠠᠲᠠᠨ ᠪᠠᠲᠤ 15247425054                                   ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                                         2022 ᠣᠨ ᠤ 8 ᠰᠠᠷ᠎ᠠ ᠶᠢᠨ 5ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3