ᠲᠥᠪ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠰᠤᠯᠠ ᠪᠤᠯᠠᠵᠤ ᠳᠤᠷ᠎ᠠ ᠪᠠᠷ ᠢᠶᠠᠨ | ᠣᠷᠣᠰᠢᠭᠤᠯᠬᠤ ᠶᠢ ᠲᠤᠰᠬᠠᠶᠢᠯᠠᠨ ᠵᠠᠰᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠢᠶᠠᠷ ᠰᠤᠳᠤᠯᠤᠨ ᠲᠣᠭᠲᠠᠭᠠᠯᠭᠠᠭᠠᠳ᠂ ᠰᠢᠩ ᠾᠧ ᠰᠢᠶᠠᠨ ᠤ ᠬᠠᠷᠢᠶ᠎ᠠ ᠲᠣᠭᠤᠷᠢᠭ ᠲᠠᠬᠢ | ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠬᠠᠷᠠᠭᠳᠠᠬᠤᠶᠢᠴᠠ ᠬᠡᠪᠴᠢᠶᠡᠨ ᠳᠠᠬᠢ ᠬᠠᠲᠠᠭᠤᠷᠠᠭᠤᠯᠤᠭᠰᠠᠨ ᠣᠩᠭᠤᠨ ᠢ | ᠨᠡᠭᠦᠯᠭᠡᠬᠦ ᠶᠢ ᠬᠡᠷᠡᠭᠵᠢᠭᠦᠯᠦᠨ᠎ᠡ᠂ ᠪᠣᠳᠠᠲᠠᠶ ᠠᠯᠪᠠᠨ ᠵᠠᠷ ᠨᠢ ᠳᠣᠤᠷᠠᠬᠢ ᠮᠡᠲᠦ᠄ | ᠨᠢᠭᠡ᠂ ᠤᠩᠭᠤᠨ ᠰᠢᠯᠵᠢᠭᠦᠯᠬᠦ ᠬᠡᠪᠴᠢᠶ᠎ᠡ | ᠰᠢᠩ ᠡᡁᠧ ᠰᠢᠶᠠᠨ ᠤ ᠬᠠᠷᠢᠶ᠎ᠠ ᠲᠣᠭᠤᠷᠢᠭ ᠲᠠᠬᠢ ᠲᠦᠷᠭᠡᠨ ᠤ ᠲᠡᠮᠦᠷ ᠵᠠᠮ ᠳᠠᠭᠠᠤ ᠶᠢᠨ ᠬᠠᠷᠠᠭᠳᠠᠬᠤᠶᠢᠴᠠ | ᠬᠡᠪᠴᠢᠶᠡᠨ ᠳᠠᠬᠢ ᠬᠠᠲᠠᠭᠤᠷᠠᠭᠤᠯᠤᠭᠰᠠᠨ ᠪᠤᠯᠠᠰᠢ ᠪᠣᠯᠤᠨ᠎ᠠ᠃ | ᠬᠤᠶᠠᠷ᠂ ᠴᠠᠭ ᠤᠨ ᠬᠢᠵᠠᠭᠠᠷ ᠤᠨ ᠱᠠᠭᠠᠷᠳᠠᠯᠭ᠎ᠠ | ᠳᠡᠭᠡᠷ᠎ᠡ ᠳᠤᠷᠠᠳᠤᠭᠰᠠᠨ ᠬᠡᠪᠴᠢᠶᠡᠨ ᠳᠠᠬᠢ ᠬᠤᠯᠪᠣᠭᠳᠠᠯ ᠪᠥᠬᠦᠶ ᠣᠩᠭᠤᠨ ᠤ ᠡᠵᠡᠨ ᠤ ᠲᠥᠷᠥᠯ ᠰᠠᠳᠤᠨ ᠲᠣᠰ | ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 11 ᠰᠠᠷ᠎ᠠ ᠶᠢᠨ 30 ᠤ ᠡᠳᠦᠷ ᠠᠴᠠ ᠡᠮᠦᠨ᠎ᠡ | ᠥᠪᠡᠰᠦᠪᠡᠨ ᠨᠡᠭᠦᠵᠦ ᠳᠠᠭᠤᠰᠬᠠᠬᠤ ᠶᠢ ᠬᠦᠰᠡᠵᠦ ᠪᠠᠶᠢᠨ᠎ᠠ᠃ | ᠭᠤᠷᠪᠠ᠂ ᠭᠦᠢᠴᠡᠳᠬᠡᠬᠦ ᠪᠠᠷᠢᠮᠵᠢᠶ᠎ᠠ | ︽ᠤᠯᠠᠭᠠᠨᠴᠠᠪ ᠬᠤᠲᠠ ᠶᠢᠨ ᠭᠠᠵᠠᠷ ᠰᠢᠷᠣᠶ ᠲᠠᠲᠠᠪᠤᠷᠢᠯᠠᠬᠤ ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ | ᠭᠠᠵᠠᠷ ᠤᠨ ᠦᠨ᠎ᠡ ᠶᠢ ᠨᠥᠬᠦᠪᠥᠷᠢᠯᠡᠨ ᠨᠥᠬᠦᠪᠥᠷᠢᠯᠡᠬᠦ ᠪᠠᠷᠢᠮᠵᠢᠶ᠎ᠠ ᠶᠢ ᠲᠣᠭᠲᠠᠭᠠᠬᠤ︾ ︵ᠤᠯᠠᠭᠠᠨᠴᠠᠪ ᠠᠯᠪᠠᠨ | ᠲᠠᠷᠬᠠᠭᠠᠭᠰᠠᠨ ︹ 2022 ︺ 6 ᠳ᠋ᠤᠭᠠᠷ ᠲᠣᠭᠠᠲᠤ︶ ᠶᠢ ᠵᠢᠷᠤᠮᠯᠠᠨ ᠬᠡᠷᠡᠭᠵᠢᠭᠦᠯᠦᠨ᠎ᠡ᠂ ᠪᠠᠷᠢᠮᠵᠢᠶ᠎ᠠ ᠨᠢ᠄ ︽ᠰᠢᠩ | ᠾᠧ ᠰᠢᠶᠠᠨ ᠤ ᠭᠠᠵᠠᠷ ᠳᠡᠭᠡᠷᠡᠬᠢ ᠳᠠᠭᠠᠯᠲᠠ ᠪᠣᠳᠠᠰ ᠤᠨ ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ ᠳᠤ᠄ | ᠬᠠᠲᠠᠭᠤᠷᠠᠭᠤᠯᠤᠭᠰᠠᠨ ᠪᠤᠯᠠᠰᠢ ᠶᠢ 9000 ᠲᠥᠭᠦᠷᠢᠭ / ᠰᠠᠭᠤᠷᠢ ᠨᠡᠭᠦᠯᠭᠡᠵᠦ᠂ ᠬᠠᠲᠠᠭᠤᠷᠠᠭᠤᠯᠤᠭᠰᠠᠨ ᠪᠤᠯᠠᠰᠢ ᠶᠢ | 1000 ᠲᠥᠭᠦᠷᠢᠭ / ᠰᠠᠭᠤᠷᠢ ᠬᠠᠲᠠᠭᠤᠷᠠᠭᠤᠯᠤᠨ᠎ᠠ᠃ | ᠳᠥᠷᠪᠡ᠂ ᠬᠤᠯᠪᠣᠭᠳᠠᠯ ᠪᠥᠬᠦᠶ ᠱᠠᠭᠠᠷᠳᠠᠯᠭ᠎ᠠ | ︵ᠨᠢᠭᠡ︶ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠰᠢᠩ ᠾᠧ ᠰᠢᠶᠠᠨ ᠤ ᠬᠠᠷᠢᠶ᠎ᠠ | ᠲᠣᠭᠤᠷᠢᠭ ᠤᠨ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠦᠵᠡᠵᠦ ᠪᠣᠯᠬᠤ ᠬᠡᠪᠴᠢᠶᠡᠨ ᠳᠤ ᠪᠤᠯᠠᠰᠢ ᠶᠢᠨ ᠡᠵᠡᠨ ᠤ | ᠲᠥᠷᠥᠯ ᠰᠠᠳᠤᠨ ᠢ ᠬᠠᠲᠠᠭᠤᠷᠠᠭᠤᠯᠵᠤ ᠪᠤᠯᠠᠰᠢ ᠶᠢᠨ ᠪᠠᠶᠢᠭ᠎ᠠ ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ᠲᠠᠢ ᠲᠦᠷᠭᠡᠨ | ᠬᠠᠷᠢᠯᠴᠠᠬᠤ ᠶᠢᠨ ᠬᠠᠮᠲᠤ ᠪᠤᠯᠠᠰᠢ ᠶᠢ ᠰᠢᠯᠵᠢᠭᠦᠯᠬᠦ ᠭᠠᠷᠳᠠᠮ ᠪᠠ ᠨᠥᠬᠦᠪᠥᠷᠢ ᠥᠭᠬᠦ ᠵᠦᠢᠯᠡᠰ ᠢ ᠭᠦᠢᠴᠡᠳᠭᠡᠬᠦ ᠶᠢ ᠬᠦᠰᠡᠵᠦ | ᠪᠠᠶᠢᠨ᠎ᠠ᠃ ᠨᠡᠭᠦᠯᠭᠡᠬᠦ ᠭᠠᠵᠠᠷ ᠢ ᠤᠢᠢᠷ᠎ᠠ ᠬᠠᠪᠢ ᠶᠢᠨ ᠵᠠᠷᠴᠢᠮ ᠶᠣᠰᠣᠭᠠᠷ᠂ ᠰᠢᠶᠠᠨ ᠤ ᠱᠠᠳᠤ᠂ ᠰᠢᠶᠠᠩ ᠪᠠᠯᠭᠠᠰᠤᠨ ᠤ | ᠱᠠᠳᠤ ᠪᠠ ᠭᠠᠴᠠᠭᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠤᠡᠭᠭᠤᠨ ᠳᠤ ᠥᠪᠡᠰᠦᠪᠡᠨ | ᠣᠷᠣᠰᠢᠭᠤᠯᠬᠤ ᠬᠡᠷᠡᠭᠲᠡᠶ᠃ | ︵ᠬᠤᠶᠠᠷ︶ ᠵᠠᠷᠯᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠨᠡᠭᠦᠯᠭᠡᠭᠰᠡᠨ ᠥᠬᠡᠶ ᠡᠵᠡᠨ ᠥᠬᠡᠶ ᠪᠠᠷ | ᠬᠠᠲᠠᠭᠤᠷᠠᠭᠤᠯᠤᠭᠰᠠᠨ ᠪᠤᠯᠠᠰᠢ ᠶᠢ ᠪᠣᠯ ᠡᠵᠡᠨ ᠥᠬᠡᠶ ᠪᠠᠷ ᠬᠠᠲᠠᠭᠤᠷᠠᠭᠤᠯᠤᠭᠰᠠᠨ ᠪᠤᠯᠠᠰᠢ ᠶᠢ ᠰᠢᠢᠳᠪᠦᠷᠢᠯᠡᠬᠦ ᠲᠠᠰ | ᠳᠠᠷᠠᠭᠠᠯᠠᠯ ᠤᠨ ᠶᠣᠰᠣᠭᠠᠷ᠂ ᠬᠠᠮᠢᠶ᠎ᠠ ᠪᠥᠬᠦᠶ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠡᠩᠰᠡᠯᠡᠨ | ᠲᠡᠮᠳᠡᠭᠯᠡᠵᠦ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠬᠠᠮᠠᠭᠠᠯᠠᠨ ᠬᠠᠳᠠᠭᠠᠯᠠᠭᠰᠠᠨ ᠤ ᠳᠠᠷᠠᠭ᠎ᠠ ᠨᠢᠭᠡᠳᠦᠯᠲᠡᠶ ᠨᠡᠭᠦᠯᠭᠡᠨ | ᠭᠠᠷᠭᠠᠵᠤ᠂ ᠨᠡᠭᠦᠯᠭᠡᠭᠰᠡᠨ ᠵᠠᠷᠤᠳᠠᠯ ᠢ ᠲᠥᠯᠥᠪᠦᠷᠢ ᠶᠢᠨ ᠵᠠᠷᠤᠳᠠᠯ ᠠᠴᠠ ᠬᠠᠰᠤᠵᠤ ᠭᠠᠷᠭᠠᠨ᠎ᠠ᠃ ᠵᠠᠷᠯᠠᠯ ᠤᠨ ᠬᠤᠭᠤᠴᠠᠭ᠎ᠠ | ᠳᠦᠭᠦᠷᠦᠭᠰᠡᠨ ᠤ ᠲᠠᠷᠠᠭ᠎ᠠ ᠮᠥᠨ ᠨᠡᠭᠦᠵᠦ ᠭᠠᠷᠬᠤ ᠦᠭᠡᠢ ᠭᠤᠣᠯ ᠬᠠᠲᠠᠭᠤᠷᠠᠭᠤᠯᠤᠭᠰᠠᠨ ᠪᠤᠯᠠᠰᠢ ᠶᠢ ᠪᠠᠶᠢᠭ᠎ᠠ ᠭᠠᠵᠠᠷ ᠤᠨ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ | ᠨᠡᠭᠦᠯᠭᠡᠬᠦ ᠪᠠᠷ ᠭᠤᠶᠤᠴᠢᠯᠠᠵᠤ᠂ ᠨᠡᠭᠦᠵᠦ ᠭᠠᠷᠤᠭᠰᠠᠨ ᠵᠠᠷᠤᠳᠠᠯ ᠢ ᠲᠥᠯᠥᠪᠦᠷᠢ ᠶᠢᠨ ᠵᠠᠷᠤᠳᠠᠯ ᠠᠴᠠ ᠬᠠᠰᠤᠵᠤ ᠭᠠᠷᠭᠠᠨ᠎ᠠ᠃ | ᠡᠭᠦᠨ ᠢ ᠥᠷᠭᠡᠨ ᠤᠯᠠᠨ ᠲᠦᠮᠡᠨ ᠬᠠᠷᠢᠯᠴᠠᠨ ᠳᠠᠮᠵᠢᠭᠤᠯᠵᠤ ᠥᠭᠬᠦ ᠪᠣᠯᠪᠠᠤ᠃ | ︵ᠭᠤᠷᠪᠠ︶ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠳᠡᠭᠡᠳᠦ ᠬᠤᠷᠳᠤ ᠶᠢᠨ ᠲᠡᠮᠦᠷ ᠵᠠᠮ | ᠳᠠᠭᠠᠤ ᠳᠤ ᠰᠢᠨ᠎ᠡ ᠪᠠᠷ ᠪᠤᠯᠠᠰᠢ ᠨᠡᠮᠡᠬᠦ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠪᠡᠯ ᠠᠯᠪᠠᠳᠠᠯᠭ᠎ᠠ ᠪᠠᠷ ᠨᠤᠷᠠᠭᠠᠨ | ᠠᠷᠢᠯᠭᠠᠵᠤ᠂ ᠨᠤᠷᠠᠭᠠᠨ ᠠᠷᠢᠯᠭᠠᠬᠤ ᠵᠠᠷᠤᠳᠠᠯ ᠢ ᠪᠤᠯᠠᠰᠢ ᠶᠢᠨ ᠡᠵᠡᠨ ᠤ ᠲᠥᠷᠥᠯ ᠰᠠᠳᠤᠨ ᠡᠭᠦᠷᠭᠡᠯᠡᠨ᠎ᠡ᠃ | ᠲᠠᠪᠤ᠂ ᠬᠦᠯᠢᠶᠡᠨ ᠠᠪᠤᠭᠰᠠᠨ ᠰᠠᠯᠠᠭ᠎ᠠ ᠮᠥᠴᠢᠷ | ᠪᠤᠯᠠᠰᠢ ᠶᠢ ᠬᠠᠲᠠᠭᠤᠷᠠᠭᠤᠯᠤᠭᠰᠠᠨ ᠡᠵᠡᠨ ᠤ ᠲᠦᠷᠦᠯ ᠰᠠᠳᠤᠨ ᠢ ᠳᠠᠷᠤᠶ ᠲᠦᠷᠭᠡᠨ ᠪᠤᠯᠠᠰᠢ ᠶᠢᠨ ᠪᠠᠶᠢᠭ᠎ᠠ | ᠭᠠᠵᠠᠷ ᠤᠨ ᠭᠠᠴᠠᠭᠠᠨ ᠤ ᠠᠷᠠᠳ ᠤᠨ ᠵᠥᠪᠯᠡᠯ ᠳᠤ ᠣᠴᠢᠵᠤ ᠳᠠᠩᠰᠠᠯᠠᠭᠤᠯᠵᠤ᠂ ᠠᠷᠠᠳ ᠤᠨ ᠶᠠᠪᠤᠳᠠᠯ ᠤᠨ ᠲᠣᠪᠴᠢᠶ᠎ᠠ ᠪᠠᠷ | ᠬᠢᠨᠠᠨ ᠬᠠᠷᠭᠤᠭᠤᠯᠤᠭᠰᠠᠨ ᠤ ᠳᠠᠷᠠᠭ᠎ᠠ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠪᠤᠯᠠᠰᠢ ᠶᠢ ᠰᠢᠯᠵᠢᠭᠦᠯᠬᠦ ᠨᠥᠬᠦᠪᠥᠷᠢ | ᠣᠯᠭᠤᠬᠤ ᠬᠡᠷᠡᠭᠲᠡᠶ᠃ | ᠬᠠᠷᠢᠯᠴᠠᠬᠤ ᠬᠥᠮᠦᠨ᠄ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠯᠢ ᠫᠧᠩ 15648926666 | ᠡᠷᠳᠡᠨᠢ ᠪᠠᠯᠭᠠᠰᠤᠨ ᠤ ᠬᠠᠷᠢᠭᠤᠴᠠᠯᠭᠠᠲᠠᠨ ᠸᠠᠩ ᠶᠠ ᠹᠸᠢ 15334740043 | ᠴᠧᠩ ᠭᠤᠸᠠᠨ ᠪᠠᠯᠭᠠᠰᠤᠨ ᠤ ᠬᠠᠷᠢᠭᠤᠴᠠᠯᠭᠠᠲᠠᠨ ᠱᠢ ᠾᠧᠩ 13739958044 | ᠳ᠋ᠠᠲ᠋ᠦ᠋ᠩ ᠶᠣᠣ ᠰᠢᠶᠠᠩ ᠤᠨ ᠬᠠᠷᠢᠭᠤᠴᠠᠯᠭᠠᠲᠠᠨ ᠪᠠᠲᠤ 15247425054 | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 8 ᠰᠠᠷ᠎ᠠ ᠶᠢᠨ 5 | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |