ᠰᠢᠨ᠎ᠡ ︽ᠬᠤᠶᠠᠷ ᠬᠥᠲᠥᠯᠪᠦᠷᠢ︾ ᠪᠠᠷ ᠥᠪᠥᠷ ᠮᠣᠩᠭᠤᠯ ᠤᠨ ᠡᠮᠡᠭᠲᠡᠶᠢᠴᠦᠳ ᠬᠡᠤᠬᠡᠳ ᠤᠨ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠬᠥᠲᠥᠯᠦᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2022/8/7
ᠭᠤᠣᠯ ᠰᠡᠳᠦᠪ᠄      ᠰᠢᠨ᠎ᠡ ︽ᠬᠤᠶᠠᠷ ᠬᠥᠲᠥᠯᠪᠦᠷᠢ︾ ᠪᠠᠷ ᠥᠪᠥᠷ ᠮᠣᠩᠭᠤᠯ ᠤᠨ ᠡᠮᠡᠭᠲᠡᠶᠢᠴᠦᠳ ᠬᠡᠤᠬᠡᠳ ᠤᠨ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠬᠥᠲᠥᠯᠦᠨ ᠳᠠᠭᠠᠭᠤᠯᠤᠨ᠎ᠠᠴᠠᠭ᠄      2022 ᠣᠨ ᠤ 5 ᠰᠠᠷ᠎ᠠ ᠶᠢᠨ 7 ᠤ ᠡᠳᠦᠷᠬᠦᠨᠳᠦᠲᠦ ᠵᠣᠴᠢᠨ᠄      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢᠲᠣᠪᠴᠢᠯᠠᠯ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ᠎ᠠ᠃ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠬᠦ ᠨᠢ ᠮᠠᠨ ᠤ ᠣᠷᠣᠨ ᠤ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ᠂ ᠬᠡᠤᠬᠡᠳ ᠢ ᠲᠡᠷᠢᠭᠦᠨ ᠳᠤ ᠲᠠᠯᠪᠢᠬᠤ ᠦᠨᠳᠦᠰᠦᠨ ᠵᠠᠷᠴᠢᠮ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠪᠥᠬᠦ ᠣᠷᠣᠨ ᠤ ᠡᠮᠡᠭᠲᠡᠶᠢᠴᠦᠳ ᠬᠡᠤᠬᠡᠳ ᠤᠨ ᠠᠵᠢᠯ ᠤᠶᠢᠯᠡᠰ ᠤᠨ ᠰᠢᠨ᠎ᠡ ᠴᠠᠭ ᠦᠶ᠎ᠡ ᠳᠤ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄ 2022 — 05 — 07     10᠄ 00ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ ᠲᠣᠰ ᠬᠤᠭᠤᠴᠠᠭᠠᠨ ᠤ ᠫᠷᠤᠭ᠍ᠷᠠᠮ ᠳᠤ ᠮᠠᠨ ᠤ ᠤᠷᠢᠵᠤ ᠠᠪᠴᠢᠷᠠᠭᠰᠠᠨ ᠰᠤᠷᠪᠤᠯᠵᠢᠯᠠᠭ᠎ᠠ ᠶᠢᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ ᠪᠣᠯᠤᠨ᠎ᠠ᠃ ᠭᠦᠸᠧ ᠲᠡᠷᠢᠭᠦᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      2022 — 05 — 07      10᠄ 00      ᠬᠥᠲᠥᠯᠥᠭᠴᠢ ᠰᠠᠶᠢᠨ ᠤᠤ︕ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠥᠨᠥᠳᠦᠷ ᠤᠨ ᠭᠤᠤᠯ ᠰᠡᠳᠦᠪ ᠢᠶᠠᠨ ᠬᠤᠪᠢᠶᠠᠯᠴᠠᠨ ᠡᠳ᠋ᠯᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠲᠠ ᠪᠦᠬᠦᠨ ᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠨ ᠤᠶᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠬᠥᠲᠥᠯᠥᠭᠴᠢ᠄ 2022 — 05 — 07   10᠄ 01      ᠭᠦᠸᠧ ᠲᠡᠷᠢᠭᠦᠯᠡᠭᠴᠢ ᠡ᠂ ᠥᠨᠥᠳᠦᠷ ᠲᠠᠨ ᠲᠠᠢ ᠶᠠᠷᠢᠯᠴᠠᠬᠤ ᠭᠡᠵᠦ ᠪᠠᠶᠢᠭ᠎ᠠ ᠡᠨᠡ ᠰᠡᠳᠦᠪ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠬᠥᠭᠵᠢᠯᠲᠡ ᠶᠢᠨ ᠬᠥᠲᠥᠯᠪᠦᠷᠢ︾ ᠪᠣᠯᠤᠨ᠎ᠠ᠃ ᠡᠩ ᠲᠡᠷᠢᠭᠦᠨ ᠳᠤ ᠪᠢ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠬᠠᠮᠠᠭᠠᠯᠠᠯᠲᠠ ᠨᠢ ᠭᠡᠷ ᠪᠦᠯᠢ ᠨᠢᠭᠡᠪᠦᠷᠢ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠷᠢᠮ ᠬᠡᠮᠵᠢᠶᠡᠨ ᠳᠤ ᠨᠢᠭᠡ ᠭᠡᠷ ᠪᠦᠯᠢ ᠶᠢᠨ ᠵᠣᠯ ᠵᠢᠷᠭᠠᠯ ᠤᠨ ᠰᠡᠳᠬᠢᠭᠳᠡᠯ ᠴᠢᠩᠭ᠎ᠠ ᠡᠰᠡᠬᠦ᠂ ᠵᠣᠯ ᠵᠢᠷᠭᠠᠯ ᠤᠨ ᠵᠢᠭᠠᠯᠲᠠ ᠲᠤᠭ᠎ᠠ ᠥᠨᠳᠥᠷ ᠡᠰᠡᠬᠦ ᠶᠢ ᠶᠠᠷᠢᠬᠤ ᠳᠤ ᠡᠮᠡᠭᠲᠡᠶᠢᠴᠦᠳ ᠬᠡᠦᠬᠡᠳ ᠤᠨ ᠬᠠᠨᠤᠮᠵᠢ ᠶᠢᠨ ᠬᠡᠮᠵᠢᠶ᠎ᠡ ᠲᠦᠢᠯ ᠤᠨ ᠴᠢᠬᠤᠯᠠ ᠪᠠᠶᠢᠳᠠᠭ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      2022 — 05 — 07      10᠄ 01      ᠦᠨᠡᠨ ᠳᠡᠭᠡᠨ ᠨᠠᠮ ᠪᠠ ᠵᠠᠰᠠᠭ ᠤᠨ ᠣᠷᠳᠣᠨ ᠠᠴᠠ ᠡᠮᠡᠭᠲᠡᠶᠢᠴᠦᠳ ᠬᠡᠦᠬᠡᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠢ ᠬᠥᠭᠵᠢᠭᠦᠯᠬᠦ ᠶᠢ ᠨᠠᠮ ᠪᠠ ᠤᠯᠤᠰ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠭᠰᠠᠭᠠᠷ ᠢᠷᠡᠭᠰᠡᠨ ᠶᠤᠮ᠃ ᠡᠮᠡᠭᠲᠡᠶᠢᠴᠦᠳ ᠬᠡᠦᠬᠡᠳ ᠪᠠᠭᠠᠴᠤᠳ ᠪᠣᠯ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠴᠢᠬᠤᠯᠠ ᠬᠦᠴᠦᠨ ᠪᠠ ᠰᠢᠨ᠎ᠡ ᠬᠦᠴᠦᠨ ᠮᠥᠨ᠂ ᠡᠮᠡᠭᠲᠡᠶᠢᠴᠦᠳ ᠢ ᠬᠦᠨᠳᠦᠳᠬᠡᠵᠦ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠮᠥᠨ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠠᠭᠤᠯᠭ᠎ᠠ ᠮᠥᠨ᠃      ᠬᠥᠲᠥᠯᠥᠭᠴᠢ᠄ 2022 — 05 — 07   10᠄ 01      ᠪᠢᠳᠡᠨ ᠤ ᠮᠡᠳᠡᠭᠡᠵᠢ ᠪᠠᠷ᠂ 2011 — 2020 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠬᠥᠭᠵᠢᠯᠲᠡ ᠶᠢᠨ ᠬᠥᠲᠥᠯᠪᠦᠷᠢ︾ ︽ᠬᠤᠶᠠᠷ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠣᠯᠠᠨ ᠰᠠᠶᠢᠨ ᠠᠷᠭ᠎ᠠ ᠬᠡᠮᠵᠢᠶ᠎ᠡ ᠰᠠᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ ᠪᠠᠶᠢᠭᠠᠳ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠭᠰᠠᠨ ᠪᠠᠶᠢᠨ᠎ᠠ᠂ ᠲᠡᠭᠡᠪᠡᠯ ᠡᠨᠡ 10 ᠵᠢᠯ ᠤᠨ ᠲᠤᠷᠰᠢ ᠦᠷ᠎ᠡ ᠪᠦᠲᠦᠮᠵᠢ ᠨᠢ ᠶᠠᠮᠠᠷ ᠵᠡᠷᠭᠡ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      2022 — 05 — 07      10᠄ 03      ᠶᠡᠷᠡᠭᠡᠳ ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ᠭᠤᠷᠪᠠᠨ ᠦᠶᠡᠯᠡᠯ ᠤᠨ ᠬᠤᠭᠤᠴᠠᠭᠠᠨ ᠤ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠶᠢ ᠪᠡᠶᠡᠯᠡᠭᠦᠯᠦᠨ ᠬᠡᠷᠡᠭᠵᠢᠭᠦᠯᠵᠦ᠂ 30 ᠵᠢᠯ ᠤᠨ ᠲᠤᠷᠰᠢ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠢᠯᠠᠩᠭᠤᠶ᠎ᠠ 2011 — 2020 ᠣᠨ ᠳᠤ ︽ᠬᠤᠶᠠᠷ ᠬᠥᠲᠥᠯᠪᠦᠷᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ ᠬᠡᠤᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠬᠢᠨᠠᠮᠠᠭᠠᠶ ᠲᠤᠤᠱᠯᠠᠭᠤᠯᠤᠨ᠂ ᠡᠮᠡᠭᠲᠡᠶᠢᠴᠦᠳ ᠬᠡᠤᠬᠡᠳ ᠤᠨ ᠤᠶᠢᠯᠡᠰ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠵᠤ᠂ ︽ᠬᠤᠶᠠᠷ ᠬᠥᠲᠥᠯᠪᠦᠷᠢ︾ ᠶᠢᠨ ᠡᠯ᠎ᠡ ᠵᠤᠶᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠡᠮᠡᠭᠲᠡᠶᠢᠴᠦᠳ ᠤᠨ ᠬᠥᠭᠵᠢᠯᠲᠡ᠂ ᠬᠡᠤᠬᠡᠳ ᠤᠨ ᠪᠤᠶᠢᠵᠢᠯᠲᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠡᠮᠡᠭᠲᠡᠶᠢᠴᠦᠳ ᠬᠡᠤᠬᠡᠳ ᠤᠨ ᠤᠶᠢᠯᠡᠰ ᠲᠤ ᠰᠢᠨ᠎ᠡ ᠠᠮᠵᠢᠯᠲᠠ ᠤᠯᠪᠠ᠃      ᠨᠢᠭᠡ᠂ ᠡᠮᠡᠭᠲᠡᠶᠢᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠨ ᠬᠥᠭᠵᠢᠭᠦᠯᠪᠡ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠡᠮᠡᠭᠲᠡᠶᠢᠴᠦᠳ ᠤᠨ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 80.45 ᠨᠠᠰᠤᠨ ᠳᠤ ᠬᠦᠷᠴᠦ᠂ 2010 ᠣᠨ ᠤ ᠬᠢ ᠠᠴᠠ 3.18 ᠨᠠᠰᠤ ᠳᠡᠭᠡᠭᠰᠢᠯᠡᠪᠡ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠥᠷᠳᠡᠬᠦ ᠬᠡᠮᠵᠢᠶ᠎ᠡ ᠲᠠᠰᠤᠷᠠᠯᠳᠠ ᠥᠭᠡᠢ ᠳᠡᠭᠡᠭᠰᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠬᠴᠢ ᠡᠮᠡᠭᠲᠡᠶ ᠰᠤᠷᠤᠬᠴᠢ ᠶᠢᠨ ᠡᠵᠡᠯᠡᠬᠦ ᠬᠠᠷᠢᠴᠠᠯ 51.73% ᠶᠢ ᠡᠵᠡᠯᠡᠵᠦ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠬᠴᠢ ᠡᠮᠡᠭᠲᠡᠶ ᠰᠤᠷᠤᠬᠴᠢ ᠶᠢᠨ ᠡᠵᠡᠯᠡᠬᠦ ᠬᠠᠷᠢᠴᠠᠯ 51.95% ᠶᠢ ᠡᠵᠡᠯᠡᠵᠦ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠶ ᠶᠢᠨ ᠬᠥᠭᠵᠢᠯᠲᠡ ᠳᠤ ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠶᠢᠨ ᠨᠤᠷᠮ᠎ᠠ ᠶᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠡᠮᠡᠭᠲᠡᠶᠢᠴᠦᠳ ᠤᠨ ᠠᠵᠢᠯ ᠤᠯᠬᠤ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ ᠬᠥᠳᠡᠯᠮᠦᠷᠢ ᠠᠵᠢᠯ ᠣᠯᠭᠤᠯᠲᠠ ᠶᠢᠨ ᠡᠷᠬᠡ ᠶᠢ ᠠᠳᠠᠯᠢ ᠲᠡᠭᠰᠢ ᠪᠠᠲᠤᠯᠠᠭ᠎ᠠ ᠲᠠᠢ ᠪᠣᠯᠭᠠᠨ᠎ᠠ᠃ ᠡᠮᠡᠭᠲᠡᠶᠢᠴᠦᠳ ᠤᠨ ᠠᠷᠠᠳᠴᠢᠯᠠᠭᠰᠠᠨ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢᠵᠢᠯ ᠢᠯᠡᠳᠲᠡ ᠴᠢᠩᠭᠠᠷᠠᠵᠤ᠂ ᠡᠮᠡᠭᠲᠡᠶᠢᠴᠦᠳ ᠤᠨ ᠠᠰᠠᠷᠠᠮᠵᠢ ᠶᠢᠨ ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠥᠷᠭᠡᠨ ᠤᠯᠠᠨ ᠡᠮᠡᠭᠲᠡᠶᠢᠴᠦᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃      ᠬᠤᠶᠠᠷ᠂ ᠥᠷᠭᠡᠨ ᠤᠯᠠᠨ ᠪᠠᠭᠠᠴᠤᠳ ᠬᠡᠦᠬᠡᠳ ᠡᠷᠡᠭᠦᠯ ᠢᠶᠠᠷ ᠦᠰᠦᠨ ᠪᠤᠶᠢᠵᠢᠨ᠎ᠠ᠃ ᠬᠡᠦᠬᠡᠳ ᠤᠨ ᠡᠷᠡᠭᠦᠯ ᠮᠡᠨᠳᠤ ᠶᠢ ᠪᠦᠬᠦ ᠲᠠᠯ᠎ᠠ ᠪᠠᠷ ᠪᠠᠲᠤᠯᠠᠵᠤ᠂ ᠨᠢᠯᠬ᠎ᠠ ᠬᠡᠦᠬᠡᠳ ᠤᠨ ᠦᠬᠦᠯᠲᠡ ᠶᠢᠨ ᠨᠤᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠶᠢ 2010 ᠣᠨ ᠤ ᠬᠢ ᠠᠴᠠ ᠳᠤᠰ ᠳᠤᠰ 71.1% ᠪᠠ 71.2% ᠢᠶᠠᠷ ᠪᠠᠭᠤᠷᠠᠭᠤᠯᠵᠤ᠂ ᠬᠡᠦᠬᠡᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠪᠠ᠃ ᠬᠡᠦᠬᠡᠳ ᠤᠨ ᠰᠤᠷᠭᠠᠨ ᠬᠥᠮᠦᠵᠢᠯ ᠬᠦᠷᠳᠡᠬᠦ ᠬᠢᠷᠢ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ 2010 ᠣᠨ ᠤ ᠬᠢ ᠠᠴᠠ 38.7 ᠵᠠᠭᠤᠨ ᠤ ᠨᠢᠭᠡᠴᠢ ᠪᠠᠷ ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠶᠠᠳᠠᠭᠤ ᠬᠦᠴᠢᠷᠳᠡᠯᠲᠡᠶ ᠠᠴᠠ ᠪᠤᠯᠵᠤ ᠰᠤᠷᠤᠯᠭ᠎ᠠ ᠪᠠᠨ ᠲᠤᠷᠭᠤᠨ ᠵᠣᠭᠰᠣᠭᠰᠠᠨ ᠪᠠᠶᠢᠳᠠᠯ ᠢ ᠬᠥᠳᠡᠯᠦᠩᠭᠦᠶ ᠪᠠᠷ ᠦᠭᠡᠢ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ ᠨᠤᠷᠮ᠎ᠠ 94.63% ᠳᠤ ᠬᠦᠷᠪᠡ᠃ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠨᠡᠩ ᠵᠤᠵᠠᠭᠠᠳᠬᠠᠨ᠎ᠠ᠃      ᠬᠥᠲᠥᠯᠥᠭᠴᠢ᠄ 2022 — 05 — 07   10᠄ 03      ᠭᠦᠸᠧ ᠲᠡᠷᠢᠭᠦᠯᠡᠭᠴᠢ᠂ ᠲᠠᠨ ᠤ ᠰᠠᠶ᠋ᠢ ᠶᠢᠨ ᠵᠢᠭᠰᠠᠭᠠᠭᠰᠠᠨ ᠠᠯᠢ ᠤᠯᠠᠨ ᠲᠤᠭ᠎ᠠ ᠪᠠᠷᠢᠮᠲᠠ ᠪᠣᠯᠤᠨ ᠪᠢᠳᠡᠨ ᠤ ᠳᠡᠷᠭᠡᠳᠡᠬᠢ ᠮᠠᠰᠢ ᠤᠯᠠᠨ ᠬᠤᠪᠢᠷᠠᠯᠲᠠ᠂ ᠵᠢᠱᠢᠶᠡᠯᠡᠪᠡᠯ ᠡᠮᠡᠭᠲᠡᠶᠢᠴᠦᠳ ᠤᠨ ᠨᠡᠶᠢᠭᠡᠮ ᠤᠨ ᠡᠯ᠎ᠡ ᠬᠦᠷᠢᠶ᠎ᠡ ᠡᠯ᠎ᠡ ᠠᠵᠢᠯ ᠲᠦᠷᠦᠯ ᠳᠠᠬᠢ ᠣᠷᠣᠯᠴᠠᠯᠭ᠎ᠠ ᠶᠢᠨ  ᠬᠡᠮᠵᠢᠶ᠎ᠡ᠂ ᠬᠡᠦᠬᠡᠳ ᠤᠨ ᠰᠤᠷᠭᠠᠨ ᠬᠥᠮᠦᠵᠢᠯ ᠬᠦᠷᠳᠡᠭᠰᠡᠨ ᠲᠦᠪᠰᠢᠨ ᠵᠡᠷᠭᠡ ᠠᠴᠠ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠣᠯᠵᠤ ᠬᠠᠷᠠᠨ᠎ᠠ᠃ ᠲᠡᠭᠡᠪᠡᠯ 2021 ᠣᠨ ᠠᠴᠠ ᠡᠬᠢᠯᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠡᠬᠢᠯᠡᠯᠲᠡ᠂ ᠰᠢᠨ᠎ᠡ ᠴᠠᠭ ᠦᠶ᠎ᠡ ᠳᠤ ᠪᠠᠰᠠ ᠮᠠᠨ ᠤ ᠣᠷᠣᠨ ᠤ ᠡᠮᠡᠭᠲᠡᠶᠢᠴᠦᠳ ᠬᠡᠤᠬᠡᠳ ᠤᠨ  ᠤᠶᠢᠯᠡᠰ ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠂ ᠡᠨᠡ ᠬᠦ ᠰᠢᠨ᠎ᠡ ︽ᠬᠤᠶᠠᠷ ᠬᠥᠲᠥᠯᠪᠦᠷᠢ︾ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠᠶᠢᠬᠤ᠂ ᠥᠭᠡᠷ᠎ᠡ ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ ᠪᠠ ᠣᠨᠴᠠᠯᠢᠭ ᠲᠠᠢ ᠪᠠᠶᠢᠬᠤ ᠪᠣᠶ︖      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      2022 — 05 — 07      10᠄ 09      ᠰᠢᠨ᠎ᠡ ᠴᠠᠭ ᠦᠶ᠎ᠡ ᠳᠤ ᠬᠠᠨᠳᠤᠵᠤ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠶ ᠱᠦᠵᠢ ᠶᠢᠨ ᠡᠮᠡᠭᠲᠡᠶᠢᠴᠦᠳ᠂ ᠬᠡᠦᠬᠡᠳ᠂ ᠭᠡᠷ ᠪᠦᠯᠢ ᠶᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠶᠢ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶ ᠶᠢ ᠨᠠᠶᠢᠷᠠᠭᠤᠯᠤᠨ ᠵᠣᠬᠢᠶᠠᠵᠤ᠂ ᠢᠷᠡᠭᠡᠳᠦᠶ ᠶᠢᠨ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠤᠬᠡᠳ ᠤᠨ ᠤᠶᠢᠯᠡᠰ ᠤᠨ ᠬᠥᠭᠵᠢᠯᠲᠡ ᠳᠤ ᠪᠥᠬᠦ ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠬᠢᠪᠠ᠃      ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠲᠣᠰ ᠲᠣᠰ 4 ᠬᠡᠰᠡᠭ ᠢᠶᠠᠷ ᠪᠦᠷᠢᠯᠳᠦᠪᠡ᠃ ᠨᠢᠭᠡ ᠳᠤ᠂ ︽ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ︾ ︔ ᠬᠤᠶᠠᠷ ᠲᠤ᠂ ︽ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ︾︔ ᠭᠤᠷᠪᠠ ᠳᠤ᠂ ︽ᠵᠣᠬᠢᠶᠠᠨ ᠪᠠᠶᠢᠭᠤᠯᠵᠤ ᠬᠡᠷᠡᠭᠵᠢᠭᠦᠯᠬᠦ︾︔ ᠲᠦᠷᠪᠡ ᠳᠤ᠂ ︽ᠬᠢᠨᠠᠨ ᠬᠡᠮᠵᠢᠵᠦ ᠦᠨᠡᠯᠡᠨ ᠵᠢᠱᠢᠬᠦ︾᠃ ᠡᠮᠡᠭᠲᠡᠶᠢᠴᠦᠳ ᠤᠨ ᠬᠥᠭᠵᠢᠯᠲᠡ ᠶᠢᠨ ᠲᠣᠪᠴᠢ ᠳᠤ ᠭᠤᠣᠯᠳᠠᠭᠤ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ ᠠᠬᠤᠶ᠂  ᠰᠢᠢᠳᠪᠤᠷᠢᠲᠤ ᠪᠤᠳᠤᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠦᠳᠦᠭᠡᠨ ᠪᠠᠶᠢᠭᠤᠯᠤᠯᠲᠠ᠂ ᠣᠷᠴᠢᠨ ᠠᠬᠤᠶ᠂ ᠬᠠᠤᠯᠢ ᠴᠠᠭᠠᠵᠠ ᠵᠡᠷᠭᠡ 8 ᠬᠦᠷᠢᠶ᠎ᠡ ᠶᠢᠨ ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠡᠭᠦᠷᠭᠡ ᠪᠠ 97 ᠵᠦᠢᠯ ᠤᠨ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠶ᠃ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠳᠤ ᠭᠤᠤᠯᠳᠠᠭᠤ ᠬᠡᠤᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠬᠡᠷ ᠪᠦᠯᠢ᠂ ᠣᠷᠴᠢᠨ ᠲᠣᠭᠤᠷᠢᠨ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠤᠶᠢᠯ ᠤᠨ ᠭᠤᠤᠯ ᠬᠠᠷᠠᠯᠲᠠ ᠡᠭᠦᠷᠭᠡ ᠪᠠ 91 ᠵᠤᠶᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨ᠎ᠡ ︽ᠬᠤᠶᠠᠷ ᠬᠥᠲᠥᠯᠪᠦᠷᠢ︾ ᠶᠢᠨ ᠰᠢᠰᠲ᠋ᠧᠮᠵᠢ ᠶᠢᠨ ᠪᠦᠷᠢᠨ ᠲᠡᠭᠦᠯᠳᠡᠷ ᠴᠢᠨᠠᠷ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠦᠷᠢᠨ ᠲᠡᠭᠦᠯᠳᠡᠷ ᠴᠢᠨᠠᠷ ᠢ ᠢᠯᠡᠷᠡᠭᠦᠯᠪᠡ᠃      ᠬᠤᠷᠢᠶᠠᠩᠭᠤᠶᠢᠯᠠᠭᠠᠳ ᠬᠡᠯᠡᠪᠡᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠳᠣᠤᠷᠠᠬᠢ ᠮᠡᠲᠦ ᠣᠨᠴᠠᠯᠢᠭ ᠪᠠ ᠬᠢᠯᠠᠰ ᠴᠡᠭ ᠲᠠᠢ ᠶᠤᠮ᠃      ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠵᠥᠪ ᠴᠢᠭᠯᠡᠯ ᠢ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠮᠡᠭᠲᠡᠶᠢᠴᠦᠳ ᠬᠡᠤᠬᠡᠳ ᠤᠨ ᠤᠶᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠂ ᠬᠡᠤᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠨ ᠤᠶᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨᠬᠦ ᠲᠤᠤᠱᠯᠠᠭᠤᠯᠬᠤ ᠬᠡᠷᠡᠭᠲᠡᠶ᠃      ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠦᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ︽ᠬᠤᠶᠠᠷ ᠬᠥᠲᠥᠯᠪᠦᠷᠢ︾ ᠳᠤ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠭᠡᠷ ᠪᠦᠯᠢ ᠶᠢᠨ ᠪᠦᠷᠢᠯᠳᠦᠬᠦᠨ ᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠨ ᠰᠡᠳᠬᠢᠯ ᠳᠤ ᠪᠠᠲᠤ ᠦᠨᠳᠦᠰᠦᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠲᠤᠪᠤᠶᠢᠯᠭᠠᠨ ᠴᠢᠬᠤᠯᠠᠴᠢᠯᠠᠵᠠᠶ᠃ ︽ᠡᠮᠡᠭᠲᠡᠶᠢᠴᠦᠳ ᠤᠨ ᠬᠥᠲᠥᠯᠪᠦᠷᠢ︾ ᠳᠤ᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠢᠭᠲᠠᠷᠠᠭᠤᠯᠵᠤ ᠨᠠᠮ ᠤᠨ ᠦᠭᠡ ᠶᠢ ᠡᠷᠡᠰ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ︽ᠬᠡᠦᠬᠡᠳ ᠤᠨ ᠬᠥᠲᠥᠯᠪᠦᠷᠢ︾ ᠳᠤ ᠶᠣᠰᠣ ᠮᠣᠷᠠᠯ ᠢ ᠪᠤᠢ ᠪᠣᠯᠭᠠᠨ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠦᠨ ᠪᠤᠶᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠶ᠃      ᠭᠤᠷᠪᠠ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠤᠨ᠂ ᠬᠡᠤᠬᠡᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠡᠮᠡᠭᠲᠡᠶᠢᠴᠦᠳ ᠬᠡᠤᠬᠡᠳ ᠤᠨ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠵᠤ᠂ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠶ᠂ ᠰᠢᠢᠳᠪᠤᠷᠢᠲᠤ ᠪᠣᠳᠣᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠬᠡᠷ ᠪᠦᠯᠢ ᠶᠢᠨ ᠪᠠᠶᠢᠭᠤᠯᠤᠯᠲᠠ᠂ ᠣᠷᠴᠢᠨ ᠲᠣᠭᠤᠷᠢᠨ᠂ ᠠᠮᠤᠷ ᠲᠦᠪᠰᠢᠨ᠂ ᠬᠠᠤᠯᠢ ᠴᠠᠭᠠᠵᠠ ᠵᠡᠷᠭᠡ ᠡᠯ᠎ᠡ ᠬᠦᠷᠢᠶᠡᠨ ᠳᠤ ᠲᠤᠤᠱᠯᠠᠭᠤᠯᠤᠨ᠂ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ᠲᠣᠪᠴᠢ ᠳᠤ ᠪᠠᠰᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠲᠦᠷᠢᠮ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ ᠡᠮᠡᠭᠲᠡᠶᠢᠴᠦᠳ ᠬᠡᠦᠬᠡᠳ ᠢ ᠵᠡᠷᠭᠡᠪᠡᠷ ᠲᠡᠩᠴᠡᠭᠦᠷᠢᠲᠡᠢ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ ᠤᠨ ᠪᠦᠬᠦ ᠲᠠᠯ᠎ᠠ ᠶᠢᠨ ᠪᠦᠬᠦ ᠶᠠᠪᠤᠴᠠ ᠶᠢᠨ ᠶᠡᠷᠦᠩᠬᠡᠶᠢᠯᠡᠭᠰᠡᠨ ᠬᠠᠮᠠᠭᠠᠯᠠᠯᠲᠠ ᠶᠢ ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠡᠮᠡᠭᠲᠡᠶᠢᠴᠦᠳ ᠬᠡᠦᠬᠡᠳ ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃      ᠲᠦᠷᠪᠡ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠦᠴᠦᠨ ᠴᠢᠳᠠᠯ ᠢ ᠭᠦᠢᠴᠡᠳ ᠪᠠᠳᠠᠷᠠᠭᠤᠯᠤᠨ᠎ᠠ᠃ ᠰᠢᠨ᠎ᠡ ︽ᠬᠤᠶᠠᠷ ᠬᠥᠲᠥᠯᠪᠦᠷᠢ︾ ᠨᠢ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠡ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠠᠯᠬᠠᠪᠴᠢ ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠪᠦᠳᠦᠬᠡᠨ ᠪᠠᠶᠢᠭᠤᠯᠬᠤ ᠪᠠᠷ ᠭᠤᠣᠯᠳᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠳᠦᠬᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠵᠡᠢ᠃ ᠬᠥᠲᠥᠯᠪᠦᠷᠢ ᠳᠤ ᠡᠮᠡᠭᠲᠡᠶᠢᠴᠦᠳ ᠬᠡᠦᠬᠡᠳ ᠤᠨ ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠠᠪᠤ ᠳᠤ᠂ ᠳᠤᠲᠠᠭᠤᠳᠠᠯ ᠢ ᠨᠥᠬᠦᠪᠥᠷᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠨ᠎ᠡ ︽ᠬᠤᠶᠠᠷ ᠬᠥᠲᠥᠯᠪᠦᠷᠢ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠩᠬᠠᠷᠤᠯ ᠪᠠ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ ᠪᠠ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠶ ᠵᠤᠶᠢᠯᠡᠰ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠭᠰᠠᠨ ᠮᠥᠷᠲᠡᠭᠡᠨ ᠪᠠᠰᠠ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠭᠤᠤᠯ ᠭᠦᠶ᠋ᠴᠡᠳᠬᠡᠯ ᠲᠤᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ︽ᠠᠵᠢᠯ ᠣᠯᠭᠤᠯᠲᠠ ᠶᠢᠨ ᠬᠦᠶ᠋ᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ︾ ︽ᠡᠮᠡᠭᠲᠡᠶ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ︾ ᠵᠡᠷᠭᠡ ᠬᠠᠷᠠᠯᠲᠠ ᠶᠢ ᠳᠤᠷᠠᠳᠤᠨ ᠭᠠᠷᠭᠠᠵᠤ᠂ ᠡᠮᠡᠭᠲᠡᠶᠢᠴᠦᠳ ᠤᠨ ᠬᠥᠲᠥᠯᠪᠦᠷᠢ ᠳᠤ ︽ᠡᠮᠡᠭᠲᠡᠶᠢᠴᠦᠳ ᠬᠢᠭᠡᠳ ᠬᠡᠷ ᠪᠦᠯᠢ ᠶᠢᠨ ᠪᠠᠶᠢᠭᠤᠯᠤᠯᠲᠠ︾ ᠶᠢ ᠨᠡᠮᠡᠨ ᠣᠷᠣᠭᠤᠯᠵᠤ᠂ ᠬᠡᠤᠬᠡᠳ ᠤᠨ ᠬᠥᠲᠥᠯᠪᠦᠷᠢ ᠳᠤ ︽ᠬᠡᠤᠬᠡᠳ ᠬᠢᠭᠡᠳ ᠬᠡᠷ ᠪᠦᠯᠢ︾ ᠪᠠ ︽ᠬᠡᠤᠬᠡᠳ ᠬᠢᠭᠡᠳ ᠠᠮᠤᠷ ᠲᠦᠪᠰᠢᠨ︾ ᠵᠡᠷᠭᠡ ᠴᠢᠬᠤᠯᠠ ᠠᠭᠤᠯᠭ᠎ᠠ ᠶᠢ ᠨᠡᠮᠡᠪᠡ᠃ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠲᠠᠢ ᠬᠠᠷᠢᠴᠠᠭᠤᠯᠪᠠᠯ᠂ ᠮᠠᠨ ᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠳᠤ ᠰᠠᠪᠠ ᠬᠠᠭᠠᠯᠵᠤ ᠬᠥᠩᠭᠡᠵᠢᠬᠦ ᠶᠢ ᠬᠢᠵᠠᠭᠠᠷᠯᠠᠬᠤ᠂ ᠡᠮᠡᠭᠲᠡᠶᠢᠴᠦᠳ ᠤᠨ ᠠᠳᠠᠯ  ᠤᠶᠢᠯᠡᠰ ᠴᠣᠭᠴᠠᠯᠠᠵᠤ ᠠᠵᠢᠯ ᠤᠯᠬᠤ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠲᠤ ᠡᠮᠡᠭᠲᠡᠶ ᠺᠠᠳ᠋ᠷ ᠳᠣᠭᠢᠷᠠᠭᠤᠯᠬᠤ᠂ ᠬᠡᠷ ᠪᠦᠯᠢ ᠶᠢᠨ ᠬᠦᠷᠢᠶᠡᠨ ᠳᠠᠬᠢ ᠠᠰᠠᠭᠤᠳᠠᠯ ᠤᠨ ᠰᠤᠳᠤᠯᠭᠠᠨ ᠵᠢᠴᠢ ᠴᠢᠳᠠᠪᠤᠷᠢ ᠶᠢᠨ ᠪᠠᠶᠢᠭᠤᠯᠤᠯᠲᠠ᠂ ᠪᠣᠬᠢᠷᠲᠤᠯ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠬᠡᠤᠬᠡᠳ ᠤᠨ ᠠᠮᠠᠨ ᠬᠥᠨᠳᠡᠶ ᠶᠢᠨ ᠡᠷᠡᠭᠦᠯᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠪᠠᠭᠠᠰᠬᠠᠬᠤ︾ ᠵᠡᠷᠭᠡ 8 ᠵᠤᠶᠢᠯ ᠤᠨ ᠭᠦᠢᠴᠡᠳᠭᠡᠯ ᠲᠤᠭ᠎ᠠ ᠶᠢ ᠨᠡᠮᠡᠪᠡ᠃ ᠡᠷᠡᠭᠦᠯ ᠮᠡᠨᠳᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠨ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠵᠦ᠂ ᠥᠪᠡᠷᠲᠡᠭᠡᠨ ᠵᠠᠰᠠᠬᠤ ᠣᠷᠣᠨ ᠠᠴᠠ ᠡᠮᠡᠭᠲᠡᠶᠢᠴᠦᠳ ᠬᠡᠤᠬᠡᠳ ᠢ ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠬᠥᠭᠵᠢᠯᠲᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠠᠶᠢᠨ᠎ᠠ᠃      ᠬᠥᠲᠥᠯᠥᠭᠴᠢ᠄ 2022 — 05 — 07   10᠄ 09      ᠭᠦᠸᠧ ᠲᠡᠷᠢᠭᠦᠯᠡᠭᠴᠢ ᠡ᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠡᠨᠡ ᠬᠦ ᠰᠢᠨ᠎ᠡ ︽ᠬᠤᠶᠠᠷ ᠬᠥᠲᠥᠯᠪᠦᠷᠢ︾ ᠨᠢ ᠡᠮᠡᠭᠲᠡᠶᠢᠴᠦᠳ ᠬᠡᠤᠬᠡᠳ ᠤᠨ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠰᠠᠶᠢᠨ ᠵᠣᠷ︾ ᠪᠣᠯᠬᠤ ᠪᠠᠷ ᠪᠠᠷᠠᠬᠤ ᠥᠬᠡᠶ᠂ ᠪᠠᠰᠠ ︽ᠪᠠᠷᠢᠯᠭ᠎ᠠ ᠶᠢᠨ ᠵᠢᠷᠤᠭ︾ ᠪᠣᠯᠬᠤ ᠶᠤᠮ᠂ ᠨᠠᠩ ᠴᠤ ︽ᠠᠵᠢᠯᠯᠠᠭᠠᠨ ᠤ ᠵᠦᠭᠯᠡᠭᠦᠷ︾ ᠪᠣᠯᠬᠤ ᠶᠤᠮ᠂ ᠡᠨᠡ ᠨᠢ ᠬᠥᠮᠦᠰ ᠤᠨ ᠬᠦᠰᠡᠯ ᠡᠷᠡᠮᠡᠯᠵᠡᠯ ᠢ ᠶᠡᠬᠡᠳᠡ ᠲᠠᠲᠠᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ      2022 — 05 — 07      10᠄ 11      ᠲᠡᠶᠢᠮᠦ ᠡ᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠲᠥᠯᠪᠦᠷᠢ ᠶᠢ ᠡᠮᠡᠭᠲᠡᠶᠢᠴᠦᠳ ᠬᠡᠦᠬᠡᠳ ᠲᠤ ᠠᠰᠢᠭ ᠬᠦᠷᠲᠡᠭᠡᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ ᠳᠤ ᠪᠠᠰᠠ ᠡᠯ᠎ᠡ ᠱᠠᠲᠤᠨ ᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠱᠠᠭᠠᠷᠳᠠᠭᠳᠠᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠨᠠᠮ ᠤᠨ ᠬᠤᠷᠢᠶ᠎ᠡ ᠠᠴᠠ ᠤᠳᠤᠷᠢᠳᠬᠤ᠂ ᠵᠠᠰᠠᠭ ᠤᠨ ᠣᠷᠳᠣᠨ ᠠᠴᠠ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠣᠬᠢᠴᠠᠭᠤᠯᠬᠤ᠂ ᠤᠯᠠᠨ ᠰᠠᠯᠠᠭ᠎ᠠ ᠮᠥᠴᠢᠷ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠣᠨ ᠤ ᠬᠠᠷᠠᠯᠲᠠ ᠶᠢᠨ ᠡᠭᠦᠷᠭᠡ ᠶᠢ ᠨᠠᠷᠢᠯᠢᠬᠵᠢᠭᠤᠯᠵᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠡᠭᠲᠡᠶᠢᠴᠦᠳ ᠬᠡᠤᠬᠡᠳ ᠤᠨ ᠠᠵᠢᠯ  ᠤᠶᠢᠯᠡᠰ ᠢ ᠠᠵᠤ ᠠᠬᠤᠶ ᠨᠡᠶᠢᠭᠡᠮ ᠯᠦᠭᠡ ᠵᠡᠷᠭᠡᠪᠡᠷ ᠴᠢᠨᠠᠷ ᠰᠠᠶᠢᠲᠠᠶ ᠬᠥᠭᠵᠢᠭᠦᠯᠬᠦ ᠶᠢ ᠠᠬᠢᠭᠤᠯᠤᠨ᠂ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠤᠬᠡᠳ ᠤᠨ ᠠᠵᠢᠯ ᠤᠶᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃      ᠬᠥᠲᠥᠯᠥᠭᠴᠢ᠄ 2022 — 05 — 07   10᠄ 11      ᠵᠠ᠂ ᠭᠦᠸᠧ ᠲᠡᠷᠢᠭᠦᠯᠡᠭᠴᠢ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠶᠢᠨ ᠲᠤᠬᠠᠶ ᠨᠠᠷᠢᠨ ᠲᠠᠶᠢᠯᠤᠮᠵᠢ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠳᠤ ᠠᠩᠬᠠᠷᠤᠯ ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠠᠳᠡ ᠬᠦᠷᠦᠭᠡᠳ ᠢᠷᠡᠶ᠎ᠡ᠂ ᠲᠠᠷᠠᠭᠠᠴᠢ ᠶᠢᠨ ᠬᠤᠭᠤᠴᠠᠭᠠᠨ ᠳᠤ ᠳᠠᠬᠢᠭᠠᠳ ᠠᠭᠤᠯᠵᠠᠶ᠎ᠠ︕           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ                
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3