ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠳᠤ ᠬᠦᠴᠦᠯᠡᠬᠦ ᠪᠠᠷ ᠲᠣᠭᠲᠠᠪᠠ
ᠨᠡᠶᠢᠲᠡᠯᠡᠭᠰᠡᠨ ᠴᠠᠭ᠄
2022/9/16
     ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ  ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ      ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ

     ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ

     ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ  ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ

     ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ  ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ

     ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 14᠎ ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 13᠎ ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠦᠢᠯᠡᠳᠬᠡᠯ ᠤᠨ ᠦᠢᠯᠡᠰ ᠤᠨ ᠭᠠᠶᠢᠯᠢ ᠶᠢ ᠬᠤᠶᠢᠰᠢᠯᠠᠭᠤᠯᠵᠤ ᠨᠥᠬᠦᠵᠦ ᠲᠤᠰᠢᠶᠠᠬᠤ ᠬᠤᠭᠤᠴᠠᠭ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠠᠵᠤ ᠠᠬᠤᠶᠢᠯᠠᠯ ᠢ

ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ ᠲᠤᠰᠬᠠᠢ ᠳᠠᠬᠢᠨ ᠵᠢᠭᠡᠯᠡᠯᠭᠡ ᠬᠢᠭᠡᠳ ᠡᠳ᠋ ᠤᠨ ᠵᠠᠰᠠᠭ ᠤᠨ ᠳᠠᠮ ᠬᠦᠦ ᠮᠥᠩᠭᠦ ᠶᠢᠨ ᠬᠡᠰᠡᠭ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠢᠵᠢ ᠪᠦᠷᠢᠳᠦᠭᠦᠯᠦᠨ ᠳᠡᠮᠵᠢᠵᠦ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ ᠬᠥᠭᠵᠢᠯᠲᠡ ᠶᠢᠨ ᠬᠦᠴᠦᠨ ᠢ ᠨᠡᠮᠡᠭᠳᠡᠭᠦᠯᠬᠦ ᠪᠠᠷ ᠲᠣᠭᠲᠠᠭᠠᠪᠠ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ

ᠪᠠᠶᠢᠷᠢᠯᠠᠭᠤᠯᠵᠤ᠂ ᠠᠵᠤ ᠠᠬᠤᠢ ᠶᠢᠨ ᠰᠠᠭᠤᠷᠢ ᠶᠢ ᠪᠠᠲᠤᠳᠬᠠᠨ ᠰᠡᠷᠭᠦᠭᠡᠬᠦ ᠳᠤ ᠬᠦᠴᠦᠨ ᠨᠡᠮᠡᠷᠢᠯᠡᠪᠡ︔ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠪᠠᠷ ᠬᠥᠭᠵᠢᠭᠡᠬᠦ ᠪᠠᠷ ᠲᠣᠭᠲᠠᠭᠠᠪᠠ ᠹᠦᠵᠢᠶᠠᠨ ᠤ ᠵᠠᠩᠵᠸᠦ ᠶᠢᠨ ᠬᠤᠶᠠᠳᠤᠭᠠᠷ ᠬᠤᠭᠤᠴᠠᠭ᠎ᠠ ᠪᠣᠯᠣᠨ ᠭᠤᠸᠠᠩᠳᠦ᠋ᠩ ᠤᠨ

ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠵᠤ ᠂ ᠬᠠᠷᠢᠴᠠᠯᠠᠰᠢᠭᠦᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

     ᠬᠤᠷᠠᠯ ᠠᠴᠠ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠪᠤᠢ᠃ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠᠲᠤ ᠠᠵᠤ ᠠᠬᠤᠢ ᠶᠢᠨ ᠰᠠᠭᠤᠷᠢ ᠪᠠᠶᠢᠵᠤ᠂ ᠣᠳᠣᠬᠠᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠨᠡᠯᠢᠶᠡᠳ ᠶᠡᠭᠡ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠦᠴᠢᠷᠳᠡᠯ ᠢ ᠰᠢᠢᠳᠪᠦᠷᠢᠯᠡᠬᠦ ᠲᠦᠷᠦ ᠶᠢᠨ

ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠮᠦᠨᠡᠬᠢ ᠬᠤᠭᠤᠴᠠᠭᠠᠨ ᠳᠤ ᠬᠤᠶᠢᠰᠢᠯᠠᠭᠤᠯᠤᠨ ᠲᠤᠰᠢᠶᠠᠭᠰᠠᠨ ᠠᠰᠢᠭ ᠣᠯᠵᠠᠪᠤᠷᠢ ᠶᠢᠨ ᠭᠠᠶᠢᠯᠢ ᠵᠡᠷᠭᠡ ︽ᠲᠠᠪᠤᠨ ᠭᠠᠶᠢᠯᠢ ᠬᠤᠶᠠᠷ ᠰᠦᠢᠳᠬᠡᠯ︾᠎ ᠢ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠳᠠᠭᠢᠵᠤ 4 ᠰᠠᠷ᠎ᠠ ᠬᠤᠶᠢᠰᠢᠯᠠᠭᠤᠯᠤᠨ ᠨᠥᠬᠦᠵᠦ

ᠲᠤᠰᠢᠶᠠᠨ᠎ᠠ᠃ ᠡᠨᠡ ᠨᠢ 4400 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠤᠶᠢᠰᠢᠯᠠᠭᠤᠯᠬᠤ ᠳᠤ ᠬᠤᠯᠪᠣᠭᠳᠠᠨ᠎ᠠ᠃ ᠡᠭᠦᠨ ᠤ ᠬᠠᠮᠲᠤ ᠦᠢᠯᠡᠳᠬᠡᠯ ᠤᠨ ᠦᠢᠯᠡᠰ ᠤᠨ ᠰᠢᠨ᠎ᠡ ᠪᠠᠷ ᠨᠡᠮᠡᠭᠳᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ ᠲᠤᠯᠭᠠᠨ ᠰᠠᠭᠤᠳᠬᠠᠬᠤ ᠭᠠᠶᠢᠯᠢ ᠶᠢᠨ ᠲᠤᠭ᠎ᠠ ᠶᠢ ᠭᠤᠶᠤᠴᠢᠯᠠᠭᠰᠠᠨ ᠳᠠᠷᠤᠢ ᠳᠤ ᠨᠢ ᠪᠤᠴᠠᠭᠠᠵᠤ᠂ ᠲᠠᠩᠰᠠᠨ ᠳᠤ ᠣᠷᠣᠭᠤᠯᠬᠤ ᠳᠤᠮᠳᠠᠴᠢ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ ᠂ ᠵᠢᠱᠢᠯᠲᠡ ᠪᠠᠷ ᠡᠨᠡ ᠵᠢᠯ ᠤᠨ ᠰᠡᠭᠦᠯᠴᠢ ᠶᠢᠨ 4 ᠰᠠᠷ᠎ᠠ ᠳᠤ

ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠳᠠᠬᠢᠭᠠᠳ 320 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ᠎ᠠ ᠭᠡᠵᠦ ᠵᠢᠭᠠᠵᠤ ᠭᠠᠷᠭᠠᠪᠠ

     ᠬᠤᠷᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠭᠤᠷᠠᠢ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠬᠤ ᠨᠢ ᠦᠢᠯᠡᠳᠬᠡᠯ ᠤᠨ ᠦᠢᠯᠡᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠥᠷᠭᠡᠳᠬᠡᠵᠦ᠂ ᠬᠡᠷᠡᠭᠯᠡᠭᠡ ᠶᠢᠨ ᠰᠡᠷᠭᠦᠭᠡᠯᠲᠡ ᠶᠢ ᠠᠵᠤ ᠠᠬᠤᠢ ᠶᠢᠨ ᠭᠤᠣᠯ ᠲᠠᠲᠠᠬᠤ ᠬᠦᠴᠦᠨ ᠪᠣᠯᠭᠠᠬᠤ ᠶᠢ ᠠᠬᠢᠭᠤᠯᠵᠤ ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠬᠦ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ ᠬᠤᠷᠠᠯ ᠠᠴᠠ ᠦᠢᠯᠡᠳᠬᠡᠯ ᠤᠨ

ᠦᠢᠯᠡᠰ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠦᠢᠯᠡᠴᠢᠯᠡᠭᠡᠨ ᠤ ᠬᠦᠷᠢᠶ᠎ᠡ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠳᠤ ᠂ ᠪᠦᠬᠦ ᠤᠯᠤᠰ ᠤᠨ ᠴᠢᠨᠠᠷᠲᠠᠢ ᠬᠤᠳᠠᠯᠳᠤᠭᠠᠨ ᠤ ᠪᠠᠩᠬᠢ ᠶᠢᠨ 3.2%᠎ ᠠᠴᠠ ᠳᠣᠣᠷ᠎ᠠ ᠬᠦᠦ ᠮᠥᠩᠭᠦ ᠶᠢᠨ ᠨᠣᠷᠮ᠎ᠠ ᠪᠠᠷ ᠳᠤᠮᠳᠠ ᠪᠠ ᠤᠷᠲᠤ ᠬᠤᠭᠤᠴᠠᠭᠠᠨ ᠤ ᠵᠢᠭᠡᠯᠡᠯᠭᠡ ᠶᠢ ᠢᠳᠡᠪᠬᠢᠲᠡᠢ ᠪᠠᠷ ᠲᠠᠯᠪᠢᠬᠤ ᠶᠢ

ᠳᠡᠮᠵᠢᠨ᠎ᠡ᠃ ᠠᠷᠠᠳ ᠤᠨ ᠪᠠᠩᠬᠢ ᠵᠢᠭᠡᠯᠡᠯᠭᠡ ᠠᠴᠠ ᠡᠬᠡ ᠮᠥᠩᠭᠦ ᠶᠢᠨ 100%᠎ ᠪᠠᠷ ᠬᠤᠳᠠᠯᠳᠤᠭᠠᠨ ᠤ ᠪᠠᠩᠬᠢ ᠳᠤ ᠲᠤᠰᠬᠠᠢ ᠲᠡᠬᠢᠨ ᠵᠢᠭᠡᠯᠡᠯᠭᠡ ᠶᠢᠨ ᠳᠡᠮᠵᠢᠯᠭᠡ ᠦᠵᠡᠭᠦᠯᠦᠨ᠎ᠡ᠃ ᠲᠤᠰᠬᠠᠢ ᠳᠠᠬᠢᠨ ᠵᠢᠭᠡᠯᠡᠯᠭᠡ ᠶᠢᠨ ᠲᠤᠭ᠎ᠠ ᠶᠢ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠠᠯᠢ ᠴᠢᠳᠠᠬᠤ ᠪᠠᠷ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠤᠭᠤᠴᠠᠭ᠎ᠠ ᠶᠢ ᠨᠢ 1 ᠵᠢᠯ ᠪᠠᠶᠢᠵᠤ᠂ ᠬᠤᠶᠠᠷ ᠤᠳᠠᠭ᠎ᠠ ᠤᠷᠲᠤᠳᠬᠠᠵᠤ ᠪᠣᠯᠣᠨ᠎ᠠ᠃ ᠡᠭᠦᠨ ᠤ ᠬᠠᠮᠲᠤ ᠨᠢᠭᠡᠨᠲᠡ ᠲᠣᠭᠲᠠᠭᠠᠭᠰᠠᠨ

ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠪ ᠤᠨ ᠡᠳ᠋ ᠤᠨ ᠵᠠᠰᠠᠭ ᠠᠴᠠ ᠵᠢᠭᠡᠯᠡᠯᠭᠡ ᠶᠢᠨ ᠭᠤᠣᠯ ᠴᠣᠭᠴᠠ ᠳᠤ 2.5%᠎ ᠶᠢᠨ ᠳᠠᠮ ᠬᠦᠦ ᠥᠭᠴᠦ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠵᠢᠭᠡᠯᠡᠯᠭᠡ ᠶᠢᠨ ᠭᠤᠣᠯ ᠴᠣᠭᠴᠠ ᠶᠢᠨ ᠪᠣᠳᠠᠲᠠᠢ ᠵᠢᠭᠡᠯᠡᠯᠭᠡ ᠶᠢᠨ ᠥᠪᠡᠷ ᠤᠨ ᠥᠷᠲᠡᠭ ᠢ 0.7%᠎ ᠠᠴᠠ ᠬᠡᠲᠦᠷᠡᠭᠦᠯᠬᠦ ᠦᠭᠡᠢ ᠭᠡᠵᠦ ᠲᠣᠭᠲᠠᠪᠠ᠃

     ᠬᠤᠷᠠᠯ ᠠᠴᠠ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠦᠨᠳᠦᠰᠦᠨ ᠪᠣᠳᠣᠯᠭ᠎ᠠ ᠮᠥᠨ᠂ ᠭᠠᠳᠠᠭᠠᠳᠤ ᠣᠷᠣᠭᠤᠯᠤᠯᠲᠠ ᠭᠠᠷᠭᠠᠯᠲᠠ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠨᠢᠭᠡ ᠳᠤ᠂ ᠵᠠᠬᠢᠶᠠᠯᠠᠭ᠎ᠠ ᠶᠢ ᠪᠠᠲᠤᠯᠠᠵᠤ ᠵᠠᠬ᠎ᠠ ᠳᠡᠯᠭᠡᠭᠦᠷ ᠢ ᠥᠷᠭᠡᠳᠬᠡᠨ᠎ᠡ᠃ ᠭᠠᠳᠠᠭᠠᠳᠤ ᠠᠷᠠᠯᠵᠢᠶᠠᠨ ᠤ ᠠᠵᠤ

ᠠᠬᠤᠶᠢᠯᠠᠯ ᠤᠨ ᠡᠨᠧᠷᠭᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ ᠪᠦᠬᠦ ᠬᠦᠴᠦᠨ ᠢᠶᠠᠷ ᠢᠶᠠᠨ ᠲᠡᠮᠵᠢᠵᠤ᠂ ᠭᠡᠷ᠎ᠡ ᠪᠠᠨ ᠭᠦᠢᠴᠡᠳᠬᠡᠬᠦ ᠶᠢ ᠦᠨᠡᠨ ᠬᠦ ᠪᠠᠲᠤᠯᠠᠨ᠎ᠠ᠃ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠲᠦᠷᠭᠡᠪᠴᠢᠯᠡᠨ ᠪᠣᠳᠠᠲᠠᠶᠢᠵᠢᠭᠤᠯᠤᠨ᠎ᠠ᠃ ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ᠂ ᠵᠥᠪᠳᠡᠯᠴᠡᠬᠦ ᠵᠡᠷᠭᠡ ᠦᠢᠯᠡᠴᠢᠯᠡᠭᠡᠨ ᠤ

ᠪᠠᠲᠤᠯᠠᠭ᠎ᠠ ᠶᠢ ᠴᠢᠩᠭᠠᠳᠬᠠᠨ᠎ᠠ᠃ ᠬᠤᠶᠠᠷ ᠲᠤ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠡᠩ ᠶᠡᠭᠡ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠭᠰᠠᠨ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠡᠷᠭᠡ ᠶᠢ ᠰᠢᠨ᠎ᠡ ᠪᠠᠷ ᠪᠠᠶᠢᠭᠤᠯᠬᠤ ᠠᠵᠢᠯ ᠢ ᠰᠢᠮᠳᠠᠭᠤᠯᠤᠨ ᠬᠢᠵᠦ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠨᠡᠩ ᠴᠢᠩᠭᠠᠷᠠᠭᠤᠯᠤᠨ᠎ᠠ ᠭᠤᠷᠪᠠ ᠳᠤ᠂ ᠭᠠᠷᠠᠮ ᠤᠨ

ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠠ ᠬᠢᠯᠢ ᠶᠢᠨ ᠳᠣᠲᠣᠷᠠᠬᠢ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠶᠢ ᠲᠦᠷᠭᠡᠨ ᠳᠠᠮᠵᠢᠭᠤᠯᠤᠨ ᠲᠦᠷᠭᠡᠨ ᠲᠡᠭᠡᠭᠡᠪᠦᠷᠢᠯᠡᠬᠦ ᠶᠢ ᠦᠨᠡᠨ ᠬᠦ ᠪᠠᠲᠤᠯᠠᠨ᠎ᠠ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠪᠣᠭᠤᠮᠲᠠ ᠶᠢᠨ ᠦᠢᠯᠡᠴᠢᠯᠡᠭᠡᠨ ᠤ ᠵᠣᠬᠢᠰ ᠦᠭᠡᠢ ᠰᠦᠢᠳᠬᠡᠯ ᠬᠤᠷᠢᠶᠠᠯᠲᠠ ᠶᠢ ᠦᠷᠭᠦᠯᠵᠢᠯᠡᠨ ᠠᠷᠢᠯᠭᠠᠨ᠎ᠠ᠃ ᠳᠥᠷᠪᠡ ᠳᠤ᠂

ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ᠂ ᠮᠡᠷᠭᠡᠵᠢᠯ ᠤᠨ ᠠᠵᠢᠯᠲᠠᠨ ᠵᠢᠴᠢ ᠭᠡᠷ ᠪᠦᠯᠢ ᠶᠢᠨ ᠬᠢᠨ ᠤ ᠬᠢᠯᠢ ᠪᠠᠷ ᠣᠷᠣᠵᠤ ᠭᠠᠷᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠦᠨ᠎ᠡ᠃ ᠲᠠᠪᠤ ᠳᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠮᠣ ᠮᠤᠵᠢ ᠶᠢᠨ

ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯ ᠲᠤᠯᠭᠠᠭᠤᠷᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠭᠤᠯᠭ᠎ᠠ ᠪᠠ ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ

     ᠬᠤᠷᠠᠯ ᠠᠴᠠ ᠮᠠᠨ ᠤ ᠤᠯᠤᠰ ᠤᠨ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠡᠪᠴᠢᠶ᠎ᠡ ᠶᠡᠭᠡ᠂ ᠠᠵᠢᠯ ᠣᠯᠣᠯᠲᠠ ᠶᠢ ᠰᠢᠩᠭᠡᠬᠡᠨ ᠠᠪᠬᠤ ᠨᠢ ᠤᠯᠠᠨ ᠪᠠᠶᠢᠵᠤ᠂ ︽ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠨᠡᠩ ᠶᠡᠭᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠨᠢᠭᠡ ᠳᠤ ᠂ ᠨᠢᠭᠡ ᠪᠦᠯᠦᠭ ᠠᠮᠤᠷ ᠲᠦᠪᠰᠢᠨ ᠤ ᠲᠦᠭᠰᠢᠭᠦᠷᠢ ᠪᠠᠷ ᠳᠣᠣᠷ᠎ᠠ᠂ ᠮᠡᠷᠭᠡᠵᠢᠯ ᠤᠨ ᠨᠥᠬᠦᠴᠡᠯ ᠢᠶᠠᠷ ᠪᠣᠯᠪᠠᠰᠤᠷᠠᠩᠭᠤᠢ ᠪᠣᠯᠤᠭᠰᠠᠨ ᠦᠢᠯᠡᠳᠬᠦᠨ ᠳᠤ

ᠠᠯᠪᠠ ᠪᠠᠷ ᠭᠡᠷᠡᠴᠢᠯᠡᠭᠦᠯᠬᠦ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ ᠶᠢ ᠬᠡᠷᠡᠭᠯᠡᠬᠦ ᠵᠥᠪᠰᠢᠶᠡᠷᠡᠯ ᠵᠡᠷᠭᠡ ᠶᠢ ᠬᠦᠴᠦᠨ ᠦᠭᠡᠢ ᠪᠣᠯᠭᠠᠵᠤ᠂ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠳᠤ ᠲᠦᠬᠦᠮ ᠦᠵᠡᠭᠦᠯᠦᠨ᠎ᠡ᠃ ᠬᠤᠶᠠᠷ ᠲᠤ ᠂ ᠦᠢᠯᠡᠳᠬᠡᠯ ᠤᠨ ᠦᠢᠯᠡᠰ ᠤᠨ ᠦᠢᠯᠡᠳᠬᠦᠨ ᠤ ᠵᠠᠬ᠎ᠠ ᠳᠡᠯᠭᠡᠭᠦᠷ ᠲᠤ ᠭᠠᠷᠬᠤ ᠵᠣᠬᠢᠰ ᠦᠭᠡᠢ ᠬᠢᠵᠠᠭᠠᠷᠯᠠᠯ ᠢ ᠪᠦᠬᠦ ᠲᠠᠯ᠎ᠠ ᠪᠠᠷ ᠴᠡᠪᠡᠷᠯᠡᠵᠦ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ ᠤᠨ ᠵᠥᠪᠰᠢᠶᠡᠷᠡᠯ ᠢ ᠰᠢᠯᠢᠳᠡᠭᠵᠢᠭᠦᠯᠬᠦ

ᠪᠠ ᠳᠥᠭᠦᠮᠴᠢᠯᠡᠨ ᠨᠡᠶᠢᠯᠡᠭᠦᠯᠦᠨ᠎ᠡ ᠡᠨᠧᠷᠭᠢ ᠠᠷᠪᠢᠯᠠᠬᠤ᠂ ᠪᠣᠬᠢᠷᠳᠤᠯ ᠦᠭᠡᠢ ᠳᠡᠰ ᠢ ᠦᠨᠡᠯᠡᠨ ᠲᠣᠭᠲᠠᠭᠠᠵᠤ ᠭᠡᠷᠡᠴᠢᠯᠡᠨ ᠮᠠᠭᠠᠳᠯᠠᠬᠤ ᠶᠢ ᠴᠣᠮᠬᠠᠳᠬᠠᠵᠤ ᠂ ᠪᠦᠬᠦ ᠤᠯᠤᠰ ᠤᠨ ᠨᠢᠭᠡᠳᠦᠯᠲᠡᠢ ᠭᠡᠷᠡᠴᠢᠯᠡᠨ ᠨᠤᠲᠠᠯᠠᠬᠤ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠵᠦᠢᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠤᠯᠲᠠ ᠶᠢ ᠰᠠᠶᠢᠲᠤᠷ ᠬᠢᠨ᠎ᠡ ᠭᠡᠵᠦ ᠵᠢᠭᠠᠵᠤ ᠭᠠᠷᠭᠠᠪᠠ

     ᠡᠨᠧᠷᠭᠢ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ᠬᠤᠷᠠᠯ ᠠᠴᠠ ᠨᠢᠭᠡᠨᠲᠡ ᠲᠥᠯᠦᠪᠵᠢᠭᠦᠯᠭᠡ ᠳᠤ ᠣᠷᠣᠭᠤᠯᠤᠭᠰᠠᠨ᠂ ᠨᠥᠬᠦᠴᠡᠯ ᠪᠦᠷᠢᠳᠦᠭᠰᠡᠨ ᠹᠦᠵᠢᠶᠠᠨ ᠤ ᠵᠠᠩᠵᠸᠤ ᠶᠢᠨ ᠬᠤᠶᠠᠳᠤᠭᠠᠷ ᠬᠤᠭᠤᠴᠠᠭ᠎ᠠ᠂ ᠭᠤᠸᠠᠩᠳᠦ᠋ᠩ ᠤᠨ ᠯᠢᠶᠠᠨᠵᠢᠶᠠᠩ ᠤᠨ ᠨᠢᠭᠡᠳᠦᠭᠡᠷ ᠬᠤᠭᠤᠴᠠᠭᠠᠨ ᠤ ᠴᠥᠮ᠎ᠡ ᠶᠢᠨ ᠴᠠᠬᠢᠯᠭᠠᠨ ᠤ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠵᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ

ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠳᠤ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠲᠣᠭᠲᠠᠪᠠ

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3