ᠣᠶᠢᠷ᠎ᠠ ᠶᠢᠨ ᠵᠢᠯ ᠳᠤ᠂ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ | ᠣᠶ ᠰᠢᠭᠤᠶ ᠶᠢ ᠰᠡᠷᠭᠦᠭᠡᠬᠦ᠂ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ ᠪᠥᠬᠦ | ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ | ᠦᠳᠲᠡᠷ ᠲᠦᠷᠭᠡᠨ ᠰᠡᠷᠭᠦᠵᠦ᠂ ᠭᠠᠯ ᠤᠨ ᠠᠶᠤᠯ ᠤᠨ ᠲᠠᠰ ᠢ ᠢᠯᠡᠳᠲᠡ ᠳᠡᠭᠡᠭᠰᠢᠯᠡᠭᠦᠯᠵᠦ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠭᠠᠮᠰᠢᠭ ᠨᠢᠭᠡᠨᠲᠡ ᠣᠯᠠᠨ ᠡᠭᠦᠰᠬᠦ ᠬᠤᠭᠤᠴᠠᠭᠠᠨ ᠳᠤ ᠣᠷᠣᠪᠠ᠂ ᠣᠳᠣᠬᠠᠨ ᠤ ᠪᠥᠬᠦ | ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ | ᠬᠡᠴᠡᠭᠦᠤ ᠪᠠᠶᠢᠳᠠᠯ ᠳᠤ ᠴᠢᠭᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ | ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠵᠢᠴᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠭᠠᠯ ᠰᠡᠷᠭᠡᠶᠢᠯᠡᠬᠦ ᠬᠤᠯᠪᠣᠭᠳᠠᠯ ᠪᠥᠬᠦᠶ ᠵᠦᠢᠯᠡᠰ ᠢ ᠡᠳᠦᠭᠡ | ᠳᠣᠤᠷᠠᠬᠢ ᠮᠡᠲᠦ ᠵᠠᠷᠯᠠᠶ᠎ᠠ᠃ | ᠨᠢᠭᠡ᠂ ᠭᠠᠯ ᠰᠡᠷᠭᠡᠶᠢᠯᠡᠬᠦ ᠴᠠᠭ ᠬᠤᠭᠤᠴᠠᠭ᠎ᠠ | 2022 ᠣᠨ ᠤ 9 ᠰᠠᠷ᠎ᠠ ᠶᠢᠨ 15 ᠠᠴᠠ 2023 ᠣᠨ ᠤ 6 ᠰᠠᠷ᠎ᠠ ᠶᠢᠨ 15 ᠤ ᠡᠳᠦᠷ ᠪᠣᠯᠲᠠᠯ᠎ᠠ᠃ | ᠬᠤᠶᠠᠷ᠂ ᠭᠠᠯ ᠰᠡᠷᠭᠡᠶᠢᠯᠡᠬᠦ ᠬᠡᠪᠴᠢᠶ᠎ᠡ | ᠪᠥᠬᠦ ᠰᠢᠶᠠᠨ ᠤ ᠪᠣᠶ ᠪᠥᠬᠦᠶ ᠰᠢᠭᠤᠶᠢᠲᠤ ᠣᠷᠣᠨ ᠵᠢᠴᠢ ᠠᠮᠢ ᠠᠬᠤᠶ ᠶᠢᠨ ᠣᠷᠣᠨ ᠪᠣᠯ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠣᠯᠤᠨ᠎ᠠ᠃ | ᠭᠤᠷᠪᠠ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ | ᠡᠯ᠎ᠡ ᠰᠢᠶᠠᠩ ᠪᠠᠯᠭᠠᠰᠤ᠂ ᠤᠢ ᠰᠢᠭᠤᠶ ᠶᠢᠨ ᠲᠠᠯᠠᠪᠠᠢ ᠵᠢᠴᠢ ᠬᠤᠯᠪᠣᠭᠳᠠᠯ ᠪᠦᠬᠦᠢ ᠨᠢᠭᠡᠴᠡ ᠨᠦᠭᠦᠳ ᠭᠠᠯ | ᠰᠡᠷᠭᠡᠶᠢᠯᠡᠬᠦ ᠬᠤᠭᠤᠴᠠᠭᠠᠨ ᠳᠤ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠣᠷᠣᠨ | ᠪᠠᠶᠢᠷᠢ ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠨᠡᠨᠬᠦ ᠴᠢᠩᠭᠠᠳᠬᠠᠵᠤ᠂ ᠤᠯᠠᠮ ᠨᠢᠭᠡ ᠠᠯᠬᠤᠮ ᠠᠵᠢᠯ ᠤᠨ | ᠪᠠᠶᠢᠷᠢ ᠪᠠ ᠬᠠᠷᠠᠭᠤᠯ ᠮᠠᠨᠠᠭ᠎ᠠ ᠪᠠᠨ ᠨᠡᠮᠡᠭᠳᠡᠭᠦᠯᠵᠦ᠂ ᠭᠠᠯ ᠤᠨ ᠢᠷᠡᠯᠳᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ | ᠪᠦᠬᠦᠯᠢ ᠡᠳᠦᠷ ᠢᠶᠠᠷ ᠵᠢᠵᠢᠭᠦᠷᠯᠡᠨ ᠰᠠᠬᠢᠬᠤ᠂ ᠪᠥᠬᠦ ᠭᠠᠵᠠᠷ ᠣᠷᠣᠨ ᠢ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃ | | ᠨᠢᠭᠡ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠵᠢᠭᠤᠯᠴᠢᠯᠠᠬᠤ ᠪᠠ ᠭᠠᠯ | ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠬᠦ ᠬᠤᠭᠤᠴᠠᠭᠠᠨ ᠳᠤ᠂ | ᠵᠢᠭᠤᠯᠴᠢᠯᠠᠯ ᠤᠨ ᠲᠡᠷᠭᠡ ᠬᠥᠰᠬᠡ ᠪᠣᠯᠤᠨ ᠵᠢᠭᠤᠯᠴᠢᠯᠠᠭᠴᠢᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠠᠶᠤᠯ ᠶᠡᠬᠡᠲᠡᠶ ᠣᠷᠣᠨ ᠳᠤ ᠣᠴᠢᠵᠤ ᠵᠢᠭᠤᠯᠴᠢᠯᠠᠬᠤ᠂ ᠬᠥᠬᠡᠷᠡᠭᠦᠯᠬᠦ ᠶᠢ ᠴᠢᠩᠭ᠎ᠠ ᠴᠠᠭᠠᠵᠠᠯᠠᠵᠤ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠠᠲᠠᠷ ᠬᠠᠭᠠᠯᠪᠤᠷᠢᠯᠠᠨ ᠭᠤᠤᠷᠰᠤ ᠰᠢᠲᠠᠭᠠᠬᠤ᠂ ᠭᠠᠯ | ᠨᠣᠴᠣᠭᠠᠵᠤ ᠳᠤᠯᠠᠭᠠᠯᠠᠬᠤ᠂ ᠪᠤᠯᠠᠰᠢᠨ ᠳᠤ ᠭᠠᠷᠭᠠᠵᠤ ᠴᠠᠭᠠᠰᠤ ᠰᠢᠲᠠᠭᠠᠬᠤ᠂ ᠲᠠᠮᠠᠬᠢ ᠲᠠᠲᠠᠬᠤ ᠵᠢᠴᠢ ᠬᠤᠸᠠᠷ | ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠶ᠋ᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠭᠠᠯ | ᠬᠡᠷᠡᠭᠯᠡᠬᠦ ᠪᠠ ᠤᠢ ᠰᠢᠭᠤᠶ ᠶᠢᠨ ᠭᠠᠯ ᠤᠨ ᠠᠶᠤᠯ ᠢ ᠠᠮᠠᠷᠬᠠᠨ ᠡᠭᠦᠰᠭᠡᠬᠦ ᠪᠤᠰᠤᠳ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ᠃ | ᠬᠤᠶᠠᠷ ᠲᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠪᠤᠰᠤ ᠴᠢᠳᠠᠪᠤᠷᠢ ᠲᠠᠢ ᠬᠥᠮᠦᠨ ᠳᠤ | ᠶᠠᠪᠤᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠥᠯᠥ ᠬᠦᠷᠦᠭᠰᠡᠳ ᠪᠠ ᠲᠡᠨᠡᠭ᠂ | ᠳᠤᠶᠢᠷᠠᠩᠬᠢ᠂ ᠮᠤᠩᠬᠠᠭ ᠵᠡᠷᠭᠡ ᠬᠥᠮᠦᠰ ᠲᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠡᠭᠦᠨ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠲᠤ | ᠲᠡᠭᠦᠨ ᠤ ᠬᠢᠨᠠᠨ ᠬᠠᠮᠠᠭᠠᠯᠠᠭᠴᠢ ᠨᠢ ᠵᠣᠬᠢᠬᠤ ᠡᠷᠡᠭᠦᠤ ᠶᠢᠨ ᠬᠡᠷᠡᠭ ᠪᠤᠶᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ | ᠡᠭᠦᠷᠭᠡᠯᠡᠬᠦ ᠬᠡᠷᠡᠭᠲᠡᠶ᠃ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠪᠠ ᠨᠠᠰᠤᠨ ᠳᠤ ᠤᠢᠯᠦ | ᠬᠦᠷᠦᠭᠰᠡᠦᠠ ᠢ ᠲᠡᠶᠢᠴᠢᠯᠡᠵᠦ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃ | ᠭᠤᠷᠪᠠ ᠳᠤ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠎ᠠ᠃ ᠡᠯ᠎ᠡ | ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ ᠨᠤᠭᠤᠳ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ | ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ | ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ | ᠵᠠᠰᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ | ᠵᠠᠶᠢᠯᠠᠬᠤ᠂ ᠥᠪᠡᠷ ᠢ ᠪᠠᠨ ᠠᠪᠤᠷᠬᠠᠤ᠂ ᠬᠠᠷᠢᠯᠴᠠᠨ ᠠᠪᠤᠷᠬᠠᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠭᠠᠯ ᠪᠠᠶᠢᠪᠠᠯ ᠭᠠᠮᠰᠢᠭ ᠪᠣᠯᠬᠤ ᠥᠬᠡᠶ᠂ ᠭᠠᠮᠰᠢᠭ ᠪᠠᠶᠢᠪᠠᠯ ᠥᠭᠦᠵᠦ ᠰᠢᠷᠬᠠᠲᠤᠬᠤ ᠥᠬᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠦᠷᠪᠡ ᠳᠤ᠂ ᠲᠦᠢᠮᠡᠷ ᠤᠨ ᠲᠦᠷᠦᠯ ᠤᠨ ᠭᠠᠯ ᠤᠨ ᠡᠬᠢ ᠶᠢᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ | ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ ᠵᠢᠴᠢ ᠬᠠᠮᠢᠶ᠎ᠠ ᠪᠥᠬᠦᠶ ᠨᠢᠭᠡᠴᠡ ᠨᠦᠭᠦᠳ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠤ ᠡᠯ᠎ᠡ ᠭᠤᠤᠯ ᠵᠠᠮ ᠤᠨ ᠠᠭᠤᠯᠵᠠᠷ ᠲᠤ ᠲᠦᠷ ᠴᠠᠭ ᠤᠨ | ᠪᠠᠶᠢᠴᠠᠭᠠᠬᠤ ᠥᠷᠲᠡᠭᠡ ᠪᠠᠶᠢᠭᠤᠯᠬᠤ ᠶᠢᠨ ᠬᠠᠮᠲᠤ ᠠᠭᠤᠯᠠ ᠶᠢ ᠪᠢᠲᠡᠭᠦᠮᠵᠢᠯᠡᠨ ᠭᠠᠯ ᠢ ᠰᠡᠷᠭᠡᠶᠢᠯᠡᠬᠦ ᠶᠢ | ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠠ ᠲᠡᠷᠭᠡ ᠬᠥᠰᠬᠡ ᠶᠢ ᠴᠢᠩᠭ᠎ᠠ ᠪᠠᠶᠢᠴᠠᠭᠠᠨ | ᠳᠡᠩᠰᠡᠯᠡᠵᠦ᠂ ᠭᠠᠯ ᠤᠨ ᠲᠥᠷᠥᠯ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠬᠤ ᠶᠢᠨ | ᠬᠠᠮᠲᠤ ᠰᠢᠭᠤᠶᠢᠲᠤ ᠣᠷᠣᠨ ᠳᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠶ ᠰᠠᠨᠠᠭᠤᠯᠤᠮᠵᠢ ᠶᠢᠨ | ᠫᠠᠶᠢᠰᠠ᠂ ᠰᠡᠷᠡᠮᠵᠢ ᠶᠢᠨ ᠫᠠᠶᠢᠰᠠ ᠪᠠᠶᠢᠭᠤᠯᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ ᠰᠤᠪᠠᠭ ᠢ ᠴᠡᠪᠡᠷᠯᠡᠬᠦ | ᠂ ᠤᠢ ᠰᠢᠭᠤᠶ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ | ᠠᠶᠤᠯ ᠤᠨ ᠳᠠᠯᠳᠠ ᠭᠡᠮ ᠪᠦᠬᠦᠨ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ | ᠲᠠᠪᠤ ᠳᠤ᠂ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠬᠥᠮᠦᠰ᠂ ᠲᠡᠷᠭᠡ ᠬᠥᠰᠬᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠭᠠᠯ ᠤᠨ ᠠᠶᠤᠯ ᠶᠡᠬᠡᠲᠡᠶ ᠣᠷᠣᠨ ᠳᠤ ᠤᠷᠤᠭᠰᠠᠨ ᠲᠡᠷᠭᠡ ᠪᠣᠯᠤᠨ ᠬᠤᠪᠢ | ᠬᠥᠮᠦᠨ᠂ ᠡᠷᠬᠡᠪᠰᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠵᠥᠪᠰᠢᠶᠡᠷᠡᠭᠰᠡᠨ ᠴᠠᠭ ᠬᠤᠭᠤᠴᠠᠭ᠎ᠠ᠂ ᠭᠠᠵᠠᠷ | ᠣᠷᠣᠨ᠂ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠭ᠎ᠠ ᠬᠢᠵᠦ᠂ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠤᠢ ᠰᠢᠭᠤᠶ ᠡᠪᠡᠰᠦ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠭᠠᠯ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠭᠠᠯ ᠤᠨ | ᠠᠶᠤᠯ ᠶᠡᠬᠡᠲᠡᠶ ᠣᠷᠣᠨ ᠳᠤ ᠣᠷᠣᠬᠤ ᠡᠯ᠎ᠡ ᠵᠦᠢᠯ ᠤᠨ ᠮᠠᠰᠢᠨ ᠲᠡᠷᠭᠡ ᠨᠦᠭᠦᠳ ᠲᠣᠭᠲᠠᠭᠠᠯ ᠶᠣᠰᠣᠭᠠᠷ ᠭᠠᠯ | ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ᠂ ᠡᠷᠬᠡᠪᠰᠢ | ᠭᠠᠯ ᠰᠡᠷᠭᠡᠶᠢᠯᠡᠬᠦ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃ | ᠵᠢᠷᠭᠤᠭ᠎ᠠ ᠳᠤ᠂ ᠴᠢᠩᠭ᠎ᠠ ᠰᠢᠳᠬᠡᠨ᠎ᠡ᠃ ᠵᠥᠪᠰᠢᠶᠡᠷᠡᠯ ᠠᠪᠤᠭᠰᠠᠨ ᠥᠬᠡᠶ ᠪᠠᠷ ᠳᠤᠷ᠎ᠠ ᠪᠠᠷ ᠢᠶᠠᠨ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ | ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ᠤᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠳᠣᠩᠭᠤᠳᠬᠤ ᠪᠥᠭᠡᠳ | ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠳᠬᠡᠵᠦ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠠᠳᠡᠯ ᠠᠴᠠ ᠪᠤᠯᠵᠤ ᠤᠢ | ᠰᠢᠭᠤᠶ ᠳᠤ ᠭᠠᠯ ᠭᠠᠷᠤᠭᠰᠠᠨ᠂ ᠬᠡᠲᠦᠷᠡᠭᠦᠯᠦᠭᠰᠡᠨ ᠣᠶᠢᠲᠤ ᠭᠠᠵᠠᠷ ᠤᠨ ᠲᠠᠯᠠᠪᠠᠢ ᠨᠢ 2 ᠾᠧᠺᠲ᠋ᠠᠷ ᠠᠴᠠ ᠳᠡᠭᠡᠭᠰᠢ | ᠪᠤᠶᠤ ᠬᠡᠲᠦᠷᠡᠭᠦᠯᠦᠭᠰᠡᠨ ᠰᠡᠶᠢᠷᠡᠭ ᠣᠶᠢᠲᠤ ᠭᠠᠵᠠᠷ᠂ ᠪᠤᠳᠠ ᠮᠣᠳᠣᠨ ᠤ ᠣᠶᠢᠲᠤ ᠭᠠᠵᠠᠷ᠂ ᠪᠤᠶᠢᠵᠢᠭᠠᠳᠤᠶ | ᠣᠶᠢᠵᠢᠭᠤᠯᠤᠭᠰᠠᠨ ᠭᠠᠵᠠᠷ ᠨᠢ 4 ᠾᠧᠺᠲ᠋ᠠᠷ ᠠᠴᠠ ᠳᠡᠭᠡᠭᠰᠢ ᠪᠠᠶᠢᠪᠠᠯ᠂ ᠡᠷᠡᠭᠦᠦ ᠶᠢᠨ ᠬᠠᠤᠯᠢ ᠶᠢᠨ 115 ᠳ᠋ᠤᠭᠠᠷ | ᠵᠦᠢᠯ ᠤᠨ 2 ᠳ᠋ᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ | ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠮᠡᠳᠡᠭᠡ ᠶᠢᠨ ᠤᠲᠠᠰᠤ᠄ 12119 | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | 2022 ᠣᠨ ᠤ 9 ᠰᠠᠷ᠎ᠠ ᠶᠢᠨ 14 | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |