ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/9/19
     ᠣᠶᠢᠷ᠎ᠠ ᠶᠢᠨ ᠵᠢᠯ ᠳᠤ᠂ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠦᠳᠲᠡᠷ ᠲᠦᠷᠭᠡᠨ ᠰᠡᠷᠭᠦᠵᠦ᠂ ᠭᠠᠯ ᠤᠨ ᠠᠶᠤᠯ ᠤᠨ ᠲᠠᠰ ᠢ ᠢᠯᠡᠳᠲᠡ ᠳᠡᠭᠡᠭᠰᠢᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠨᠢᠭᠡᠨᠲᠡ ᠣᠯᠠᠨ ᠡᠭᠦᠰᠬᠦ ᠬᠤᠭᠤᠴᠠᠭᠠᠨ ᠳᠤ ᠣᠷᠣᠪᠠ᠂ ᠣᠳᠣᠬᠠᠨ ᠤ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠤ ᠪᠠᠶᠢᠳᠠᠯ ᠳᠤ ᠴᠢᠭᠯᠡᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠵᠢᠴᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠭᠠᠯ ᠰᠡᠷᠭᠡᠶᠢᠯᠡᠬᠦ ᠬᠤᠯᠪᠣᠭᠳᠠᠯ ᠪᠥᠬᠦᠶ ᠵᠦᠢᠯᠡᠰ ᠢ ᠡᠳᠦᠭᠡ ᠳᠣᠤᠷᠠᠬᠢ ᠮᠡᠲᠦ ᠵᠠᠷᠯᠠᠶ᠎ᠠ᠃      ᠨᠢᠭᠡ᠂ ᠭᠠᠯ ᠰᠡᠷᠭᠡᠶᠢᠯᠡᠬᠦ ᠴᠠᠭ ᠬᠤᠭᠤᠴᠠᠭ᠎ᠠ      2022 ᠣᠨ ᠤ 9 ᠰᠠᠷ᠎ᠠ ᠶᠢᠨ 15 ᠠᠴᠠ 2023 ᠣᠨ ᠤ 6 ᠰᠠᠷ᠎ᠠ ᠶᠢᠨ 15 ᠤ ᠡᠳᠦᠷ ᠪᠣᠯᠲᠠᠯ᠎ᠠ᠃      ᠬᠤᠶᠠᠷ᠂ ᠭᠠᠯ ᠰᠡᠷᠭᠡᠶᠢᠯᠡᠬᠦ ᠬᠡᠪᠴᠢᠶ᠎ᠡ      ᠪᠥᠬᠦ ᠰᠢᠶᠠᠨ ᠤ ᠪᠣᠶ ᠪᠥᠬᠦᠶ ᠰᠢᠭᠤᠶᠢᠲᠤ ᠣᠷᠣᠨ ᠵᠢᠴᠢ ᠠᠮᠢ ᠠᠬᠤᠶ ᠶᠢᠨ ᠣᠷᠣᠨ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠣᠯᠤᠨ᠎ᠠ᠃      ᠭᠤᠷᠪᠠ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ      ᠡᠯ᠎ᠡ ᠰᠢᠶᠠᠩ ᠪᠠᠯᠭᠠᠰᠤ᠂ ᠤᠢ ᠰᠢᠭᠤᠶ ᠶᠢᠨ ᠲᠠᠯᠠᠪᠠᠢ ᠵᠢᠴᠢ ᠬᠤᠯᠪᠣᠭᠳᠠᠯ ᠪᠦᠬᠦᠢ ᠨᠢᠭᠡᠴᠡ ᠨᠦᠭᠦᠳ ᠭᠠᠯ ᠰᠡᠷᠭᠡᠶᠢᠯᠡᠬᠦ ᠬᠤᠭᠤᠴᠠᠭᠠᠨ ᠳᠤ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠣᠷᠣᠨ ᠪᠠᠶᠢᠷᠢ  ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠨᠡᠨᠬᠦ ᠴᠢᠩᠭᠠᠳᠬᠠᠵᠤ᠂ ᠤᠯᠠᠮ ᠨᠢᠭᠡ ᠠᠯᠬᠤᠮ ᠠᠵᠢᠯ ᠤᠨ ᠪᠠᠶᠢᠷᠢ ᠪᠠ ᠬᠠᠷᠠᠭᠤᠯ ᠮᠠᠨᠠᠭᠠ ᠪᠠᠨ ᠨᠡᠮᠡᠭᠳᠡᠭᠦᠯᠵᠦ᠂ ᠭᠠᠯ ᠤᠨ ᠢᠷᠡᠯᠳᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠬᠤ᠂ ᠪᠥᠬᠦ ᠭᠠᠵᠠᠷ ᠣᠷᠣᠨ  ᠢ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠶ᠃      ᠨᠢᠭᠡ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠵᠢᠭᠤᠯᠴᠢᠯᠠᠬᠤ ᠪᠠ ᠭᠠᠯ ᠬᠡᠷᠡᠭᠯᠡᠬᠦ  ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠬᠦ ᠬᠤᠭᠤᠴᠠᠭᠠᠨ ᠳᠤ᠂ ᠵᠢᠭᠤᠯᠴᠢᠯᠠᠯ ᠤᠨ ᠲᠡᠷᠭᠡ ᠬᠥᠰᠬᠡ ᠪᠣᠯᠤᠨ ᠵᠢᠭᠤᠯᠴᠢᠯᠠᠭᠴᠢᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠣᠴᠢᠵᠤ ᠵᠢᠭᠤᠯᠴᠢᠯᠠᠬᠤ᠂ ᠬᠥᠬᠡᠷᠡᠭᠦᠯᠬᠦ ᠶᠢ ᠴᠢᠩᠭ᠎ᠠ ᠴᠠᠭᠠᠵᠠᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠣᠷᠣᠨ ᠳᠤ ᠠᠲᠠᠷ ᠬᠠᠭᠠᠯᠪᠤᠷᠢᠯᠠᠨ ᠭᠤᠤᠷᠰᠤ ᠰᠢᠲᠠᠭᠠᠬᠤ᠂ ᠭᠠᠯ ᠨᠣᠴᠣᠭᠠᠵᠤ ᠳᠤᠯᠠᠭᠠᠯᠠᠬᠤ᠂ ᠪᠤᠯᠠᠰᠢᠨ ᠳᠤ ᠭᠠᠷᠭᠠᠵᠤ ᠴᠠᠭᠠᠰᠤ ᠰᠢᠲᠠᠭᠠᠬᠤ᠂ ᠲᠠᠮᠠᠬᠢ ᠲᠠᠲᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠶ᠋ᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠠ ᠤᠢ ᠰᠢᠭᠤᠶ ᠶᠢᠨ ᠭᠠᠯ ᠤᠨ ᠠᠶᠤᠯ ᠢ ᠠᠮᠠᠷᠬᠠᠨ ᠡᠭᠦᠰᠭᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠬᠤᠶᠠᠷ ᠲᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠪᠤᠰᠤ ᠴᠢᠳᠠᠪᠤᠷᠢ ᠲᠠᠢ ᠬᠥᠮᠦᠨ ᠳᠤ ᠶᠠᠪᠤᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠥᠯᠥ ᠬᠦᠷᠦᠭᠰᠡᠳ ᠪᠠ ᠲᠡᠨᠡᠭ᠂ ᠳᠤᠶᠢᠷᠠᠩᠬᠢ᠂ ᠮᠤᠩᠬᠠᠭ ᠵᠡᠷᠭᠡ ᠬᠥᠮᠦᠰ ᠲᠤ ᠳᠠᠭᠠᠳᠬᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠭᠦᠨ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠲᠤ ᠲᠡᠭᠦᠨ ᠤ ᠬᠢᠨᠠᠨ ᠬᠠᠮᠠᠭᠠᠯᠠᠭᠴᠢ ᠨᠢ ᠵᠣᠬᠢᠬᠤ ᠡᠷᠡᠭᠦᠤ ᠶᠢᠨ ᠬᠡᠷᠡᠭ ᠪᠤᠶᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠪᠠ ᠨᠠᠰᠤᠨ ᠳᠤ ᠤᠢᠯᠦ ᠬᠦᠷᠦᠭᠰᠡᠦᠠ ᠢ ᠲᠡᠶᠢᠴᠢᠯᠡᠵᠦ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃      ᠭᠤᠷᠪᠠ ᠳᠤ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ ᠨᠤᠭᠤᠳ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠬᠠᠤ᠂ ᠬᠠᠷᠢᠯᠴᠠᠨ ᠠᠪᠤᠷᠬᠠᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠪᠠᠶᠢᠪᠠᠯ ᠭᠠᠮᠰᠢᠭ ᠪᠣᠯᠬᠤ ᠥᠬᠡᠶ᠂ ᠭᠠᠮᠰᠢᠭ ᠪᠠᠶᠢᠪᠠᠯ ᠥᠭᠦᠵᠦ ᠰᠢᠷᠬᠠᠲᠤᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠲᠦᠷᠪᠡ ᠳᠤ᠂ ᠲᠦᠢᠮᠡᠷ ᠤᠨ ᠲᠦᠷᠦᠯ ᠤᠨ ᠭᠠᠯ ᠤᠨ ᠡᠬᠢ ᠶᠢᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ ᠵᠢᠴᠢ ᠬᠠᠮᠢᠶ᠎ᠠ ᠪᠥᠬᠦᠶ ᠨᠢᠭᠡᠴᠡ ᠨᠦᠭᠦᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠤ ᠡᠯ᠎ᠡ ᠭᠤᠤᠯ ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠬᠤ ᠶᠢᠨ ᠬᠠᠮᠲᠤ ᠠᠭᠤᠯᠠ ᠶᠢ ᠪᠢᠲᠡᠭᠦᠮᠵᠢᠯᠡᠨ ᠭᠠᠯ ᠢ ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠠ ᠲᠡᠷᠭᠡ ᠬᠥᠰᠬᠡ ᠶᠢ ᠴᠢᠩᠭ᠎ᠠ ᠪᠠᠶᠢᠴᠠᠭᠠᠨ ᠳᠡᠩᠰᠡᠯᠡᠵᠦ᠂ ᠭᠠᠯ ᠤᠨ ᠲᠥᠷᠥᠯ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠳᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠶ ᠰᠠᠨᠠᠭᠤᠯᠤᠮᠵᠢ ᠶᠢᠨ ᠫᠠᠶᠢᠰᠠ᠂ ᠰᠡᠷᠡᠮᠵᠢ ᠶᠢᠨ ᠫᠠᠶᠢᠰᠠ ᠪᠠᠶᠢᠭᠤᠯᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ ᠰᠤᠪᠠᠭ ᠢ ᠴᠡᠪᠡᠷᠯᠡᠬᠦ᠂ ᠤᠢ ᠰᠢᠭᠤᠶ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠪᠦᠬᠦᠨ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ      ᠲᠠᠪᠤ ᠳᠤ᠂ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠬᠥᠮᠦᠰ᠂ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠯ ᠤᠨ ᠠᠶᠤᠯ ᠶᠡᠬᠡᠲᠡᠶ ᠣᠷᠣᠨ ᠳᠤ ᠤᠷᠤᠭᠰᠠᠨ ᠲᠡᠷᠭᠡ ᠪᠣᠯᠤᠨ ᠬᠤᠪᠢ ᠬᠥᠮᠦᠨ᠂ ᠡᠷᠬᠡᠪᠰᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠵᠥᠪᠰᠢᠶᠡᠷᠡᠭᠰᠡᠨ ᠴᠠᠭ ᠬᠤᠭᠤᠴᠠᠭ᠎ᠠ᠂ ᠭᠠᠵᠠᠷ ᠣᠷᠣᠨ᠂ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠠᠵᠢᠯᠯᠠᠭ᠎ᠠ ᠬᠢᠵᠦ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠡᠪᠡᠰᠦ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠭᠠᠯ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠡᠯ᠎ᠡ ᠵᠦᠢᠯ ᠤᠨ ᠮᠠᠰᠢᠨ ᠲᠡᠷᠭᠡ ᠨᠦᠭᠦᠳ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ᠂ ᠡᠷᠬᠡᠪᠰᠢ ᠭᠠᠯ ᠰᠡᠷᠭᠡᠶᠢᠯᠡᠬᠦ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃      ᠵᠢᠷᠭᠤᠭ᠎ᠠ ᠳᠤ᠂ ᠴᠢᠩᠭ᠎ᠠ ᠰᠢᠳᠬᠡᠨ᠎ᠡ᠃ ᠵᠥᠪᠰᠢᠶᠡᠷᠡᠯ ᠠᠪᠤᠭᠰᠠᠨ ᠥᠬᠡᠶ ᠪᠠᠷ ᠳᠤᠷ᠎ᠠ ᠪᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ᠤᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠳᠣᠩᠭᠤᠳᠬᠤ ᠪᠥᠭᠡᠳ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠵᠦ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠠᠳᠡᠯ ᠠᠴᠠ ᠪᠤᠯᠵᠤ ᠤᠢ ᠰᠢᠭᠤᠶ ᠳᠤ ᠭᠠᠯ ᠭᠠᠷᠤᠭᠰᠠᠨ᠂ ᠬᠡᠲᠦᠷᠡᠭᠦᠯᠦᠭᠰᠡᠨ ᠣᠶᠢᠲᠤ ᠭᠠᠵᠠᠷ ᠤᠨ ᠲᠠᠯᠠᠪᠠᠢ ᠨᠢ 2 ᠾᠧᠺᠲ᠋ᠠᠷ ᠠᠴᠠ ᠳᠡᠭᠡᠭᠰᠢ ᠪᠤᠶᠤ ᠬᠡᠲᠦᠷᠡᠭᠦᠯᠦᠭᠰᠡᠨ ᠰᠡᠶᠢᠷᠡᠭ ᠣᠶᠢᠲᠤ ᠭᠠᠵᠠᠷ᠂ ᠪᠤᠳᠠ ᠮᠣᠳᠣᠨ ᠤ ᠣᠶᠢᠲᠤ ᠭᠠᠵᠠᠷ᠂ ᠪᠤᠶᠢᠵᠢᠭᠠᠳᠤᠶ ᠣᠶᠢᠵᠢᠭᠤᠯᠤᠭᠰᠠᠨ ᠭᠠᠵᠠᠷ ᠨᠢ 4 ᠾᠧᠺᠲ᠋ᠠᠷ ᠠᠴᠠ ᠳᠡᠭᠡᠭᠰᠢ ᠪᠠᠶᠢᠪᠠᠯ ᠂ ᠡᠷᠡᠭᠦᠦ ᠶᠢᠨ ᠬᠠᠤᠯᠢ ᠶᠢᠨ 115 ᠳ᠋ᠤᠭᠠᠷ ᠵᠦᠢᠯ ᠤᠨ 2 ᠳ᠋ᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃      ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠮᠡᠳᠡᠭᠡ ᠶᠢᠨ ᠤᠲᠠᠰᠤ᠄ 12119                           ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                                        2022 ᠣᠨ ᠤ 9 ᠰᠠᠷ᠎ᠠ ᠶᠢᠨ 14                                                     ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3