ᠲᠦᠷᠦᠭᠦᠬᠡᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ︽ | ᠨᠠᠰᠤᠵᠢᠯ ᠤᠨ ᠠᠰᠠᠷᠠᠮᠵᠢ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠵᠦ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ | ᠬᠡᠷ ᠤᠨ ᠲᠦᠷᠢᠶᠡᠰᠦ ᠶᠢ ᠬᠠᠰᠤᠵᠤ ᠭᠡᠯᠳᠦᠷᠢᠭᠦᠯᠬᠦ᠂ ᠭᠠᠶᠢᠯᠢ ᠰᠦᠢᠳᠭᠡᠯ ᠢ ᠬᠠᠰᠤᠵᠤ ᠭᠡᠯᠳᠦᠷᠢᠭᠦᠯᠬᠦ᠂ ᠨᠡᠶᠢᠭᠡᠮ ᠤᠨ | ᠳᠠᠭᠠᠳᠬᠠᠯ ᠤᠨ ᠳᠡᠮᠵᠢᠯᠭᠡ᠂ ᠮᠥᠩᠭᠦᠨ ᠭᠦᠢᠯᠭᠡᠭᠡᠨ ᠤ ᠳᠡᠮᠵᠢᠯᠭᠡ᠂ ᠬᠢᠵᠢᠭ ᠢ ᠰᠡᠷᠭᠡᠶᠢᠯᠡᠬᠦ ᠳᠡᠮᠵᠢᠯᠭᠡ ᠵᠡᠷᠭᠡ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠶ᠂ ᠡᠨᠡ ᠨᠢ 6 ᠲᠠᠯ᠎ᠠ ᠳᠤ ᠬᠤᠯᠪᠣᠭᠳᠠᠵᠤ᠂ 26 ᠵᠦᠢᠯ ᠤᠨ ᠪᠣᠳᠠᠲᠠᠶ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ | ᠣᠳᠣᠬᠠᠨ ᠳᠤ᠂ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠦᠢᠯᠡᠰ ᠤᠨ ᠶᠡᠷᠤᠩᠬᠡᠢ ᠲᠠᠯ᠎ᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠬᠡᠷᠬᠢᠨ | ᠪᠠᠲᠤᠯᠠᠵᠤ᠂ ᠬᠦᠴᠢᠷᠳᠡᠯ ᠢ ᠨᠠᠮᠳᠠᠭᠤᠯᠤᠨ ᠲᠡᠳᠬᠦᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠪᠣᠳᠠᠲᠠᠢ | ᠦᠷ᠎ᠡ ᠪᠦᠲᠦᠮᠵᠢ ᠤᠯᠬᠤ ᠶᠢ ᠠᠬᠢᠭᠤᠯᠬᠤ ᠪᠤᠢ︖ ᠬᠤᠶᠢᠰᠢᠳᠠ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠬᠡᠷᠬᠢᠨ ᠠᠬᠢᠭᠤᠯᠬᠤ ᠪᠣᠶ︖ 9 ᠰᠠᠷ᠎ᠠ ᠶᠢᠨ 1 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠣᠨᠢᠨ ᠮᠡᠳᠡᠭᠡᠨ ᠤ ᠠᠯᠪᠠᠨ ᠬᠡᠷ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠬᠤᠯᠪᠣᠭᠳᠠᠯ ᠪᠥᠬᠦᠶ ᠠᠰᠠᠭᠤᠳᠠᠯ ᠤᠨ ᠲᠣᠭᠤᠷᠢᠨ ᠳᠤ ᠬᠠᠷᠢᠭᠤ ᠲᠤᠰᠬᠠᠪᠠ᠃ | ︽︿ᠨᠢᠭᠡ ᠨᠠᠰᠤᠲᠠᠨ ᠨᠢᠭᠡ ᠪᠠᠭ᠎ᠠ﹀ ᠪᠣᠯ ᠭᠡᠷ ᠤᠨ ᠶᠠᠪᠤᠳᠠᠯ᠂ ᠤᠯᠤᠰ ᠤᠨ ᠶᠠᠪᠤᠳᠠᠯ᠂ ᠳᠡᠯᠡᠬᠡᠶ ᠳ᠋ᠠᠬᠢᠨ ᠤ | ᠶᠠᠪᠤᠳᠠᠯ ᠮᠥᠨ︾᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠨᠠᠷᠢᠨ ᠪᠢᠴᠢᠭ ᠤᠨ | ᠳᠠᠷᠤᠭ᠎ᠠ ᠰᠦ ᠸᠧᠢ᠂ ︽ᠨᠢᠭᠡ ᠨᠠᠰᠤᠲᠠᠨ ᠨᠢᠭᠡ ᠪᠠᠭ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠴᠢᠬᠤᠯᠠ ᠢᠯᠡᠷᠡᠯ ᠪᠣᠯᠤᠨ᠎ᠠ᠃ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠦᠢᠯᠡᠰ ᠤᠨ ᠣᠷᠳᠣ ᠬᠤᠭᠤᠴᠠᠭᠠᠨ ᠤ | ᠡᠷᠡᠭᠦᠯ ᠬᠥᠭᠵᠢᠯᠲᠡ ᠨᠢ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ | ᠪᠣᠳᠣᠯᠭ᠎ᠠ ᠪᠠ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠤᠯᠪᠣᠭᠳᠠᠵᠤ᠂ | ᠤᠯᠤᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠷᠠᠳ ᠤᠨ | ᠠᠮᠢᠳᠤᠷᠠᠯ ᠤᠨ ᠴᠢᠬᠤᠯᠠ ᠶᠡᠭᠡ ᠠᠮᠠᠯᠠᠯᠲᠠ ᠪᠠᠨ ᠪᠡᠶᠡᠯᠡᠭᠦᠯᠬᠦ ᠳᠤ ᠬᠤᠯᠪᠣᠭᠳᠠᠵᠤ᠂ ᠪᠠᠰᠠ ᠲᠦᠭ ᠲᠦᠮᠡᠨ ᠠᠶᠢᠯ | ᠡᠷᠦᠬᠡ ᠶᠢᠨ ᠵᠣᠯ ᠵᠢᠷᠭᠠᠯ ᠳᠤ ᠬᠤᠯᠪᠣᠭᠳᠠᠵᠤ ᠪᠠᠶᠢᠳᠠᠭ᠃ | ᠰᠦ ᠸᠧᠶ ᠶᠢᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ᠂ ︽ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠥᠪᠵᠢᠭᠦᠯᠭᠡ︾ ︽ᠨᠠᠰᠤᠵᠢᠯ ᠤᠨ | ᠠᠰᠠᠷᠠᠮᠵᠢ ᠶᠢᠨ ᠬᠡᠤᠬᠡᠳ ᠰᠠᠭᠠᠲᠠᠭᠤᠯᠬᠤ ᠪᠠ ᠬᠥᠮᠦᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠲᠤᠬᠠᠶ ᠰᠠᠨᠠᠯ︾ ᠵᠡᠷᠭᠡ ᠲᠥᠯᠥᠪᠵᠢᠭᠦᠯᠭᠡ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ | ᠠᠵᠢᠯ ᠲᠥᠷᠥᠯ ᠤᠨ ᠣᠷᠳᠣ ᠬᠤᠭᠤᠴᠠᠭᠠᠨ ᠤ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠵᠤ ᠥᠭᠭᠦᠭᠰᠡᠨ ᠪᠠᠶᠢᠨ᠎ᠠ᠃ ᠪᠥᠬᠦ ᠤᠯᠤᠰ ᠲᠤ ᠨᠢᠭᠡᠨᠲᠡ 300 ᠭᠠᠷᠤᠶ ᠲᠤᠰᠬᠠᠶ ᠣᠷᠣᠨ ᠬᠤᠲᠠ ᠶᠢᠨ | ᠲᠠᠰ ᠤᠨ ᠬᠤᠲᠠ ︵ᠲᠣᠭᠤᠷᠢᠭ︶ ᠳᠤ ︽ᠨᠢᠭᠡ ᠨᠠᠰᠤᠲᠠᠨ ᠨᠢᠭᠡ ᠪᠠᠭ᠎ᠠ︾ ᠶᠢᠨ ᠪᠦᠬᠦᠯᠢ ᠴᠣᠭᠴᠠ ᠶᠢᠨ | ᠰᠢᠢᠳᠪᠦᠷᠢᠯᠡᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠡᠬᠢ ᠪᠠᠶᠠᠯᠢᠭ ᠤᠨ ᠬᠦᠴᠦᠨ ᠢ ᠪᠥᠬᠦ ᠲᠠᠯ᠎ᠠ ᠪᠠᠷ ᠡᠮᠬᠢᠯᠡᠨ | ᠨᠡᠶᠢᠯᠡᠭᠦᠯᠵᠦ᠂ ᠭᠠᠵᠠᠷ ᠰᠢᠷᠣᠶ᠂ ᠣᠷᠣᠨ ᠰᠠᠭᠤᠴᠠ᠂ ᠡᠳ᠋ ᠤᠨ ᠵᠠᠰᠠᠭ᠂ ᠪᠠᠯᠠ ᠣᠷᠣᠭᠤᠯᠤᠯᠲᠠ ᠪᠠᠯᠠ | ᠲᠣᠬᠢᠷᠠᠭᠤᠯᠭ᠎ᠠ᠂ ᠴᠢᠳᠠᠪᠤᠷᠢᠲᠠᠨ ᠵᠡᠷᠭᠡ ︽ᠦᠨᠡᠨ ᠠᠯᠲᠠ ᠮᠥᠩᠭᠦ︾ ᠶᠢᠨ ᠲᠥᠷᠥ ᠶᠢᠨ ᠪᠣᠳᠣᠯᠭ᠎ᠠ ᠶᠢᠨ | ᠳᠠᠭᠠᠭᠠᠴᠢᠯᠠᠯᠲᠠ ᠶᠢ ᠭᠠᠷᠭᠠᠵᠤ᠂ ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ ᠪᠠ ᠬᠥᠮᠦᠵᠢᠭᠦᠯᠬᠦ | ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ | ᠡᠭᠦᠨ ᠤ ᠵᠡᠷᠭᠡ ᠳᠤ᠂ ᠰᠦ ᠸᠧᠶ ᠪᠠᠰᠠ ᠳᠤᠷᠠᠳᠤᠭᠰᠠᠨ ᠨᠢ᠂ ᠡᠨᠡ ᠬᠤᠶᠠᠷ ᠵᠢᠯ ᠳᠤ ᠨᠠᠰᠤᠵᠢᠯ ᠤᠨ | ᠠᠰᠠᠷᠠᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠬᠢᠵᠢᠭ ᠤᠨ ᠪᠠᠶᠢᠳᠠᠯ ᠵᠡᠷᠭᠡ ᠬᠦᠴᠦᠨ | ᠵᠦᠢᠯ ᠤᠨ ᠨᠥᠯᠥᠭᠡ ᠠᠴᠠ ᠪᠣᠯᠵᠣ᠂ ᠨᠡᠶᠢᠳᠡᠮ ᠳᠡᠭᠡᠨ ᠡᠵᠡᠩᠨᠡᠯᠲᠡ ᠶᠢᠨ ᠥᠪᠡᠷ ᠤᠨ ᠥᠷᠲᠡᠭ ᠨᠡᠮᠡᠭᠳᠡᠬᠦ ᠵᠡᠷᠭᠡ | ᠲᠣᠪᠤᠶᠢᠮ᠎ᠠ ᠠᠰᠠᠭᠤᠳᠠᠯ ᠳᠤ ᠲᠤᠯᠭᠠᠷᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠬᠡᠷᠡᠭᠵᠢᠭᠦᠯᠬᠦ ᠶᠢ ᠲᠤᠯᠭᠠᠮ | ᠱᠠᠭᠠᠷᠳᠠᠵᠤ ᠪᠠᠶᠢᠨ᠎ᠠ᠃ | ︽ᠡᠨᠡ ᠤᠳᠠᠭ᠎ᠠ ᠨᠡᠶᠢᠲᠡᠯᠡᠨ ᠬᠡᠷᠡᠭᠵᠢᠭᠦᠯᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯ ᠭᠤᠣᠯᠳᠠᠭᠤ | ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠲᠤ ᠲᠤᠯᠭᠠᠷᠠᠵᠤ | ᠪᠠᠶᠢᠭ᠎ᠠ ᠲᠣᠪᠤᠶᠢᠮ᠎ᠠ ᠠᠰᠠᠭᠤᠳᠠᠯ ᠢ ᠪᠣᠳᠣᠯᠬᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠬᠦᠴᠢᠷᠳᠡᠯ ᠢ ᠬᠠᠨᠳᠤᠯᠭ᠎ᠠ ᠲᠠᠢ ᠪᠠᠷ ᠲᠡᠳᠬᠦᠨ ᠳᠡᠮᠵᠢᠵᠦ᠂ ᠠᠵᠢᠯ ᠲᠥᠷᠥᠯ ᠤᠨ ᠦᠷᠭᠦᠯᠵᠢᠯᠡᠬᠦ ᠬᠥᠭᠵᠢᠯᠲᠡ ᠳᠤ | ᠬᠦᠴᠦᠲᠡᠶ ᠲᠦᠰᠢᠭ ᠲᠤᠯᠭᠠᠭᠤᠷᠢ ᠬᠠᠩᠭᠠᠬᠤ ᠶᠠᠪᠤᠳᠠᠯ ᠪᠣᠯᠤᠨ᠎ᠠ︾᠃ ᠰᠦ ᠸᠧᠶ ᠬᠡᠯᠡᠭᠰᠡᠨ ᠨᠢ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ | ᠰᠠᠯᠠᠭ᠎ᠠ ᠮᠥᠴᠢᠷ ᠤᠳ ᠬᠠᠮᠵᠢᠯᠴᠠᠨ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠵᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠶᠡᠭᠡ ᠪᠠᠷ ᠳᠥᠯᠭᠢᠨ | ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠦᠷᠢᠶᠡᠨ ᠳᠠᠬᠢ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ | ᠪᠦᠷᠢᠳᠬᠡᠯ ᠢ ᠦᠨᠳᠦᠰᠦᠯᠡᠪᠡᠯ᠂ 2021 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠤᠯᠤᠰ ᠤᠨ 60 | ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.67 ᠳ᠋ᠦᠩᠰᠢᠭᠤᠷ ᠲᠤ ᠬᠦᠷᠴᠦ᠂ ᠪᠦᠬᠦ ᠬᠥᠮᠦᠨ | ᠠᠮᠠ ᠶᠢᠨ 18.9% ᠢ ᠡᠵᠡᠯᠡᠪᠡ᠃ ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠵᠤᠷᠭᠠᠨ ᠤ ᠬᠠᠷᠢᠭᠤᠴᠠᠯᠭᠠᠲᠠᠨ ᠯᠢ ᠶᠦᠩ ᠰᠢᠨ ᠢᠯᠡᠷᠬᠡᠶᠢᠯᠡᠬᠦ ᠳᠡᠭᠡᠨ᠂ ᠮᠠᠨ ᠤ ᠤᠯᠤᠰ ᠤᠨ | ᠨᠠᠰᠤᠲᠠᠶᠢᠴᠤᠳ ᠤᠨ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠨᠠᠰᠤᠵᠢᠯ ᠤᠨ ᠬᠤᠷᠳᠤᠴᠠ ᠲᠦᠷᠭᠡᠨ᠂ ᠥᠨᠳᠥᠷ | ᠨᠠᠰᠤᠲᠠᠶ᠂ ᠴᠢᠳᠠᠪᠤᠷᠢ ᠪᠠᠨ ᠠᠯᠳᠠᠭᠰᠠᠨ᠂ ᠭᠠᠭᠴᠠᠭᠠᠷ ᠰᠠᠭᠤᠬᠤ᠂ ᠬᠡᠷ ᠲᠡᠭᠡᠨ ᠬᠤᠴᠣᠷᠤᠭᠰᠠᠨ ᠵᠡᠷᠭᠡ | ᠨᠠᠰᠤᠲᠠᠶᠢᠴᠤᠳ ᠤᠨ ᠬᠠᠮᠲᠤᠯᠢᠭ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠂ ᠲᠡᠳᠡᠨ ᠳᠤ ᠪᠠᠶᠢᠭᠤᠯᠤᠮᠵᠢ ᠶᠢᠨ ᠣᠷᠳᠣ | ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠬᠠᠲᠠᠭᠤ ᠱᠠᠭᠠᠷᠳᠠᠯᠭ᠎ᠠ ᠲᠠᠢ ᠮᠥᠷᠲᠡᠭᠡᠨ ᠨᠡᠶᠢᠭᠡᠮ ᠲᠣᠭᠤᠷᠢᠭ ᠤᠨ ᠬᠡᠷ | ᠪᠦᠯᠢ ᠳᠤ ᠲᠦᠰᠢᠭᠯᠡᠨ ᠨᠡᠶᠢᠭᠡᠮᠴᠢᠯᠡᠭᠰᠡᠨ ᠲᠤᠰᠬᠠᠶᠢᠵᠢᠭᠰᠠᠨ ᠦᠢᠯᠡᠴᠢᠯᠡᠭᠡ ᠶᠢ ᠲᠥᠬᠦᠮ ᠦᠵᠡᠭᠦᠯᠬᠦ ᠴᠢᠩ | ᠰᠡᠳᠬᠢᠯ ᠤᠨ ᠬᠦᠰᠡᠯ ᠲᠠᠢ ᠪᠠᠶᠢᠨ᠎ᠠ ᠭᠡᠵᠡᠶ᠃ | ᠯᠢ ᠶᠦᠩ ᠰᠢᠨ ᠤ ᠦᠵᠡᠬᠦ ᠪᠠᠷ᠂ ᠡᠨᠡ ᠤᠳᠠᠭ᠎ᠠ ᠬᠦᠴᠢᠷᠳᠡᠯ ᠢ ᠰᠢᠢᠳᠪᠦᠷᠢᠯᠡᠬᠦ ᠲᠡᠳᠬᠦᠮᠵᠢ ᠶᠢᠨ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠣᠳᠣᠬᠠᠨ ᠳᠤ | ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠠᠷᠬᠠᠭᠠᠬᠤ ᠶᠢ ᠬᠠᠨᠳᠤᠯᠭᠠᠲᠤ ᠴᠢᠨᠠᠷᠲᠠᠶ ᠪᠠᠷ ᠳᠥᠯᠭᠢᠨ | ᠠᠬᠢᠭᠤᠯᠵᠤ᠂ ᠪᠠᠰᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠤᠯᠠᠮ ᠨᠢᠭᠡ | ᠠᠯᠬᠤᠮ ᠳᠡᠮᠵᠢᠬᠦ ᠢᠳᠡᠪᠬᠢᠲᠡᠶ ᠳᠣᠬᠢᠶ᠎ᠠ ᠥᠭᠭᠦᠭᠰᠡᠨ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ | ᠲᠥᠷᠥᠯ ᠤᠨ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠡᠯ᠎ᠡ ᠭᠠᠵᠠᠷ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ | ᠠᠬᠢᠭᠤᠯᠵᠤ᠂ ᠡᠭᠦᠨ ᠤ ᠤᠯᠠᠮ ᠠᠴᠠ ᠪᠦᠲᠦᠮᠵᠢᠲᠡᠶ ᠬᠠᠩᠭᠠᠯᠭ᠎ᠠ ᠪᠠᠷ ᠦᠢᠯᠡᠴᠢᠯᠡᠭᠡᠨ ᠤ ᠬᠡᠷᠡᠭᠴᠡᠭᠡ ᠶᠢ ᠳᠠᠶᠢᠴᠢᠯᠠᠨ᠂ | ᠥᠷᠭᠡᠨ ᠣᠯᠠᠨ ᠨᠠᠰᠤᠲᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ | ᠬᠠᠩᠭᠠᠬᠤ ᠳᠤ ᠠᠰᠢᠭᠲᠠᠶ ᠶᠤᠮ᠃ | 【 ᠠᠷᠪᠠᠨ ᠤ ᠳᠣᠯᠣᠭᠠᠨ ᠬᠤᠪᠢ ᠠᠴᠠ ᠳᠡᠭᠡᠭᠰᠢᠬᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠠᠵᠢᠯᠯᠠᠭᠠᠨ ᠤ ᠬᠤᠭᠤᠴᠠᠭ᠎ᠠ ᠨᠢ 3 ᠵᠢᠯ ᠬᠦᠷᠬᠦ ᠦᠭᠡᠢ᠂ ᠣᠯᠠᠩᠬᠢ ᠨᠢ ᠥᠪᠡᠷ ᠢᠶᠠᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠣᠯᠠᠩᠬᠢ ᠨᠢ ᠵᠢᠵᠢᠭ ᠪᠢᠴᠢᠯ ᠠᠵᠤ ᠠᠬᠤᠶᠢᠯᠠᠯ ᠳᠤ | ᠬᠠᠷᠢᠶᠠᠯᠠᠭᠳᠠᠨ᠎ᠠ᠃ 】 ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠦᠨ ᠠᠮᠠ ᠬᠡᠷ | ᠪᠦᠯᠢ ᠶᠢᠨ ᠵᠤᠷᠭᠠᠨ ᠤ ᠬᠠᠷᠢᠭᠤᠴᠠᠯᠭᠠᠲᠠᠨ ᠳ᠋ᠦ᠋ ᠰᠢ ᠰᠢᠤᠸᠠᠢ ᠬᠡᠯᠡᠬᠦ ᠳᠡᠭᠡᠨ᠂ ᠬᠡᠤᠬᠡᠳ ᠰᠠᠭᠠᠲᠠᠭᠤᠯᠬᠤ | ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠪᠣᠯ ᠲᠠᠯᠠᠪᠤᠷ ᠲᠦᠷᠢᠶᠡᠰᠦᠯᠡᠬᠦ᠂ ᠴᠠᠯᠢᠩ ᠥᠭᠬᠦ ᠵᠡᠷᠭᠡ | ᠵᠠᠶᠢᠯᠠᠰᠢ ᠥᠬᠡᠶ ᠵᠠᠷᠤᠯᠭ᠎ᠠ ᠪᠣᠯᠬᠤ ᠪᠥᠭᠡᠳ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠠᠶᠢᠨ᠎ᠠ ᠭᠡᠵᠡᠶ᠃ | ᠬᠢᠵᠢᠭ ᠤᠨ ᠪᠠᠶᠢᠳᠠᠯ ᠤᠨ ᠲᠠᠭᠠᠷᠢᠯᠲᠠ ᠳᠣᠤᠷ᠎ᠠ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠣᠰ ᠪᠡᠶ᠎ᠡ ᠨᠢ | ᠡᠲᠡᠭᠡᠷ ᠬᠠᠲᠠᠭᠤ ᠵᠠᠷᠤᠯᠭ᠎ᠠ ᠶᠢ ᠰᠢᠢᠳᠪᠦᠷᠢᠯᠡᠬᠦ ᠳᠤ ᠪᠡᠷᠬᠡᠲᠡᠶ ᠪᠠᠶᠢᠨ᠎ᠠ᠃ | ᠳ᠋ᠦ᠋ ᠰᠢ ᠰᠢᠤᠸᠠᠢ ᠶᠢᠨ ᠦᠵᠡᠬᠦ ᠪᠠᠷ᠂ ᠤᠨᠢᠨ ᠳᠡᠭᠡᠷ᠎ᠡ ᠨᠢ ᠪᠦᠲᠦᠮᠵᠢᠲᠡᠢ ᠬᠦᠴᠢᠷᠳᠡᠯ ᠢ ᠰᠢᠢᠳᠪᠦᠷᠢᠯᠡᠵᠦ | ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ᠂ ᠣᠬᠤᠷ ᠬᠤᠭᠤᠴᠠᠭᠠᠨ ᠠᠴᠠ ᠦᠵᠡᠪᠡᠯ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠲᠤᠰ ᠪᠡᠶ᠎ᠡ ᠳᠤ ᠲᠤᠯᠭᠠᠷᠠᠵᠤ ᠪᠠᠶᠢᠭ᠎ᠠ ᠣᠷᠣᠰᠢᠨ ᠲᠣᠭᠲᠠᠨᠢᠵᠤ ᠬᠥᠭᠵᠢᠬᠦ᠂ | ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠡᠷᠭᠡ ᠠᠰᠠᠭᠤᠳᠠᠯ ᠢ ᠨᠠᠮᠳᠠᠭᠤᠯᠤᠨ᠎ᠠ︔ ᠣᠷᠳᠣ | ᠬᠤᠭᠤᠴᠠᠭᠠᠨ ᠤ ᠲᠤᠷᠰᠢ ᠦᠵᠡᠪᠡᠯ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠥᠬᠦ ᠠᠵᠢᠯ ᠲᠥᠷᠥᠯ ᠤᠨ | ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠵᠤ᠂ ᠨᠡᠶᠢᠳᠡᠮ ᠠᠰᠢᠭ ᠬᠦᠷᠲᠡᠭᠡᠬᠦ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠬᠡᠷ ᠪᠦᠯᠢ ᠶᠢᠨ ᠠᠰᠠᠷᠠᠨ ᠬᠥᠮᠦᠵᠢᠭᠦᠯᠬᠦ ᠳᠠᠷᠤᠭᠠᠰᠤ ᠶᠢ | ᠬᠥᠩᠭᠡᠷᠡᠭᠦᠯᠵᠦ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠤᠯᠬᠤ ᠶᠢ ᠳᠥᠯᠭᠢᠨ ᠠᠬᠢᠭᠤᠯᠵᠤ ᠪᠣᠯᠤᠨ᠎ᠠ᠃ | 【 ᠬᠡᠦᠬᠡᠳ ᠰᠠᠭᠠᠲᠠᠭᠤᠯᠬᠤ ᠦᠢᠯᠡᠴᠢᠯᠡᠭᠡ ᠪᠣᠯ ᠣᠯᠠᠨ ᠲᠦᠮᠡᠨ ᠤ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠶᠤᠮ᠃ 】 ᠳ᠋ᠦ᠋ ᠰᠢ ᠰᠢᠤᠸᠠᠢ ᠢᠯᠡᠷᠬᠡᠶᠢᠯᠡᠬᠦ ᠳᠡᠭᠡᠨ᠂ ᠬᠤᠶᠢᠰᠢᠳᠠ ᠬᠡᠤᠬᠡᠳ ᠰᠠᠭᠠᠲᠠᠭᠤᠯᠬᠤ | ᠦᠢᠯᠡᠴᠢᠯᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠠᠩᠬᠠᠷᠴᠤ᠂ | ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ | ᠮᠥᠷᠳᠡᠯᠲᠡ ᠶᠢ ᠴᠢᠩᠭᠠᠳᠬᠠᠵᠤ᠂ ᠰᠢᠢᠳᠪᠦᠷᠢᠯᠡᠬᠦ ᠲᠥᠰᠦᠯ ᠢ ᠴᠠᠭ ᠲᠤᠨᠢ ᠳᠣᠭᠢᠷᠠᠭᠤᠯᠤᠨ ᠲᠡᠭᠦᠯᠳᠡᠷᠵᠢᠭᠦᠯᠦᠨ | ᠰᠢᠯᠢᠳᠡᠭᠵᠢᠭᠦᠯᠵᠦ᠂ ᠬᠦᠴᠢᠷᠳᠡᠯ ᠢ ᠰᠢᠢᠳᠪᠦᠷᠢᠯᠡᠵᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠤᠨ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢ ᠬᠠᠪᠰᠤᠷᠤᠨ ᠪᠡᠷᠬᠡ ᠪᠣᠭᠤᠮᠲᠠ ᠶᠢ ᠳᠤᠭᠤᠯᠵᠤ᠂ | ᠠᠵᠢᠯ ᠲᠥᠷᠥᠯ ᠤᠨ ᠢᠲᠡᠭᠡᠯ ᠵᠣᠷᠢᠭ ᠢ ᠨᠢ ᠬᠥᠪᠴᠢᠯᠡᠵᠦ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠦᠷᠭᠦᠯᠵᠢᠯᠡᠬᠦ ᠬᠥᠭᠵᠢᠯᠲᠡ ᠶᠢ ᠦᠨᠡᠨ ᠬᠦ ᠪᠠᠲᠤᠯᠠᠨ᠎ᠠ᠃ ︵ᠰᠤᠷᠪᠤᠯᠵᠢᠯᠠᠭᠴᠢ᠄ | ᠯᠢᠦ ᠺᠦᠨ︶ | | ᠵᠣᠬᠢᠶᠠᠭᠴᠢ᠄ ᠭᠤᠸ᠋ᠩ ᠮᠢᠩ ᠡᠳᠦᠷ ᠤᠨ ᠰᠣᠨᠢᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |