26  ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢ ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ  ᠦᠢᠯᠡᠰ ᠤᠨ ᠬᠦᠴᠢᠷᠳᠡᠯ ᠢ ᠰᠢᠢᠳᠪᠦᠷᠢᠯᠡᠵᠦ  ᠦᠭᠪᠡ
ᠨᠡᠶᠢᠲᠡᠯᠡᠭᠰᠡᠨ ᠴᠠᠭ᠄
2022/9/2
     ᠲᠦᠷᠦᠭᠦᠬᠡᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ︽ᠨᠠᠰᠤᠵᠢᠯ ᠤᠨ ᠠᠰᠠᠷᠠᠮᠵᠢ ᠬᠡᠤᠬᠡᠳ ᠰᠠᠭᠠᠲᠠᠭᠤᠯᠬᠤ  ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠵᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠬᠡᠷ ᠤᠨ ᠲᠦᠷᠢᠶᠡᠰᠦ ᠶᠢ ᠬᠠᠰᠤᠵᠤ ᠭᠡᠯᠳᠦᠷᠢᠭᠦᠯᠬᠦ᠂ ᠭᠠᠶᠢᠯᠢ ᠰᠦᠢᠳᠭᠡᠯ ᠢ ᠬᠠᠰᠤᠵᠤ ᠭᠡᠯᠳᠦᠷᠢᠭᠦᠯᠬᠦ᠂ ᠨᠡᠶᠢᠭᠡᠮ ᠤᠨ ᠳᠠᠭᠠᠳᠬᠠᠯ ᠤᠨ ᠳᠡᠮᠵᠢᠯᠭᠡ᠂ ᠮᠥᠩᠭᠦᠨ ᠭᠦᠢᠯᠭᠡᠭᠡᠨ ᠤ ᠳᠡᠮᠵᠢᠯᠭᠡ᠂ ᠬᠢᠵᠢᠭ ᠢ ᠰᠡᠷᠭᠡᠶᠢᠯᠡᠬᠦ ᠳᠡᠮᠵᠢᠯᠭᠡ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠡᠨᠡ ᠨᠢ 6 ᠲᠠᠯ᠎ᠠ ᠳᠤ ᠬᠤᠯᠪᠣᠭᠳᠠᠵᠤ᠂ 26 ᠵᠦᠢᠯ ᠤᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃      ᠣᠳᠣᠬᠠᠨ ᠳᠤ᠂ ᠮᠠᠨ ᠤ ᠤᠯᠤᠰ ᠤᠨ ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠤᠨ ᠶᠡᠷᠤᠩᠬᠡᠢ ᠲᠠᠯ᠎ᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠬᠡᠷᠬᠢᠨ ᠪᠠᠲᠤᠯᠠᠵᠤ᠂ ᠬᠦᠴᠢᠷᠳᠡᠯ ᠢ ᠨᠠᠮᠳᠠᠭᠤᠯᠤᠨ ᠲᠡᠳᠬᠦᠬᠦ ᠲᠦᠷᠦ ᠶᠢᠨ ᠪᠤᠳᠤᠯᠭ᠎ᠠ ᠠᠷᠭ᠎ᠠ  ᠬᠡᠮᠵᠢᠶ᠎ᠡ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠪᠤᠢ︖ ᠬᠤᠶᠢᠰᠢᠳᠠ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠡᠷᠬᠢᠨ ᠠᠬᠢᠭᠤᠯᠬᠤ ᠪᠣᠶ︖ 9 ᠰᠠᠷ᠎ᠠ ᠶᠢᠨ 1 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠯᠪᠣᠭᠳᠠᠯ ᠪᠥᠬᠦᠶ ᠠᠰᠠᠭᠤᠳᠠᠯ ᠤᠨ ᠲᠣᠭᠤᠷᠢᠨ ᠳᠤ ᠬᠠᠷᠢᠭᠤ ᠲᠤᠰᠬᠠᠪᠠ᠃      ︽︿ᠨᠢᠭᠡ ᠨᠠᠰᠤᠲᠠᠨ ᠨᠢᠭᠡ ᠪᠠᠭ᠎ᠠ﹀ ᠪᠣᠯ ᠭᠡᠷ ᠤᠨ ᠶᠠᠪᠤᠳᠠᠯ᠂ ᠤᠯᠤᠰ ᠤᠨ ᠶᠠᠪᠤᠳᠠᠯ᠂ ᠳᠡᠯᠡᠬᠡᠶ ᠳ᠋ᠠᠬᠢᠨ ᠤ ᠶᠠᠪᠤᠳᠠᠯ ᠮᠥᠨ︾᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠰᠦ ᠸᠧᠢ᠂ ︽ᠨᠢᠭᠡ ᠨᠠᠰᠤᠲᠠᠨ ᠨᠢᠭᠡ ᠪᠠᠭ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭᠠᠨ ᠤ ᠴᠢᠬᠤᠯᠠ ᠢᠯᠡᠷᠡᠯ ᠪᠣᠯᠤᠨ᠎ᠠ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠦᠵᠢᠭᠦᠯᠬᠦ ᠦᠢᠯᠡᠴᠢᠯᠡᠭᠡᠨ ᠤ ᠦᠢᠯᠡᠰ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠨᠢ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠪᠠ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠤᠯᠪᠣᠭᠳᠠᠵᠤ᠂ ᠤᠯᠤᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠮᠠᠯᠠᠯᠲᠠ ᠪᠠᠨ ᠪᠡᠶᠡᠯᠡᠭᠦᠯᠬᠦ ᠳᠤ ᠬᠤᠯᠪᠣᠭᠳᠠᠵᠤ᠂ ᠪᠠᠰᠠ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠳᠤ ᠬᠤᠯᠪᠣᠭᠳᠠᠵᠤ ᠪᠠᠶᠢᠳᠠᠭ᠃      ᠰᠦ ᠸᠧᠶ ᠶᠢᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠥᠪᠵᠢᠭᠦᠯᠭᠡ︾ ︽ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ ᠪᠠ ᠬᠥᠮᠦᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠵᠡᠷᠭᠡ ᠲᠥᠯᠥᠪᠵᠢᠭᠦᠯᠭᠡ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠠᠵᠢᠯ ᠲᠥᠷᠥᠯ ᠤᠨ ᠣᠷᠳᠣ ᠬᠤᠭᠤᠴᠠᠭᠠᠨ ᠤ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠪᠥᠬᠦ ᠤᠯᠤᠰ ᠲᠤ ᠨᠢᠭᠡᠨᠲᠡ 300 ᠭᠠᠷᠤᠶ ᠲᠤᠰᠬᠠᠶ ᠣᠷᠣᠨ ᠬᠤᠲᠠ ᠶᠢᠨ ᠲᠠᠰ ᠤᠨ ᠬᠤᠲᠠ ︵ᠲᠣᠭᠤᠷᠢᠭ︶ ᠳᠤ ︽ᠨᠢᠭᠡ ᠨᠠᠰᠤᠲᠠᠨ ᠨᠢᠭᠡ ᠪᠠᠭ᠎ᠠ︾ ᠶᠢᠨ ᠪᠦᠬᠦᠯᠢ ᠴᠣᠭᠴᠠ ᠶᠢᠨ ᠰᠢᠢᠳᠪᠦᠷᠢᠯᠡᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠡᠬᠢ ᠪᠠᠶᠠᠯᠢᠭ ᠤᠨ ᠬᠦᠴᠦᠨ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠭᠠᠵᠠᠷ ᠰᠢᠷᠣᠶ᠂ ᠣᠷᠣᠨ ᠰᠠᠭᠤᠴᠠ᠂ ᠡᠳ᠋ ᠤᠨ ᠵᠠᠰᠠᠭ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ᠂ ᠴᠢᠳᠠᠪᠤᠷᠢᠲᠠᠨ ᠵᠡᠷᠭᠡ ︽ᠦᠨᠡᠨ ᠠᠯᠲᠠ ᠮᠥᠩᠭᠦ︾ ᠶᠢᠨ ᠲᠥᠷᠥ ᠶᠢᠨ ᠪᠣᠳᠣᠯᠭ᠎ᠠ ᠶᠢᠨ ᠳᠠᠭᠠᠭᠠᠴᠢᠯᠠᠯᠲᠠ ᠶᠢ ᠭᠠᠷᠭᠠᠵᠤ᠂ ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ ᠪᠠ ᠬᠥᠮᠦᠵᠢᠭᠦᠯᠬᠦ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃      ᠡᠭᠦᠨ ᠤ ᠵᠡᠷᠭᠡ ᠳᠤ᠂ ᠰᠦ ᠸᠧᠶ ᠪᠠᠰᠠ ᠳᠤᠷᠠᠳᠤᠭᠰᠠᠨ ᠨᠢ᠂ ᠡᠨᠡ ᠬᠤᠶᠠᠷ ᠵᠢᠯ ᠳᠤ ᠨᠠᠰᠤᠵᠢᠯ ᠤᠨ ᠠᠰᠠᠷᠠᠮᠵᠢ ᠶᠢᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠨᠡᠶᠢᠳᠡᠮ ᠳᠡᠭᠡᠨ ᠡᠵᠡᠩᠨᠡᠯᠲᠡ ᠶᠢᠨ ᠥᠪᠡᠷ ᠤᠨ ᠥᠷᠲᠡᠭ ᠨᠡᠮᠡᠭᠳᠡᠬᠦ ᠵᠡᠷᠭᠡ ᠲᠣᠪᠤᠶᠢᠮ᠎ᠠ ᠠᠰᠠᠭᠤᠳᠠᠯ ᠳᠤ ᠲᠤᠯᠭᠠᠷᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠬᠡᠷᠡᠭᠵᠢᠭᠦᠯᠬᠦ ᠶᠢ ᠲᠤᠯᠭᠠᠮ ᠱᠠᠭᠠᠷᠳᠠᠵᠤ ᠪᠠᠶᠢᠨ᠎ᠠ᠃      ︽ᠡᠨᠡ ᠤᠳᠠᠭ᠎ᠠ ᠨᠡᠶᠢᠲᠡᠯᠡᠨ ᠬᠡᠷᠡᠭᠵᠢᠭᠦᠯᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯ ᠭᠤᠣᠯᠳᠠᠭᠤ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠲᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠣᠳᠣᠯᠬᠢᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠢᠷᠳᠡᠯ ᠢ ᠬᠠᠨᠳᠤᠯᠭ᠎ᠠ ᠲᠠᠢ ᠪᠠᠷ ᠲᠡᠳᠬᠦᠨ ᠳᠡᠮᠵᠢᠵᠦ᠂ ᠠᠵᠢᠯ ᠲᠥᠷᠥᠯ ᠤᠨ ᠦᠷᠭᠦᠯᠵᠢᠯᠡᠬᠦ ᠬᠥᠭᠵᠢᠯᠲᠡ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠬᠤ ᠶᠠᠪᠤᠳᠠᠯ ᠪᠣᠯᠤᠨ᠎ᠠ︾᠃ ᠰᠦ ᠸᠧᠶ ᠬᠡᠯᠡᠭᠰᠡᠨ ᠨᠢ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠰᠠᠯᠠᠭ᠎ᠠ ᠮᠥᠴᠢᠷ ᠤᠳ ᠬᠠᠮᠵᠢᠯᠴᠠᠨ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠶᠡᠭᠡ ᠪᠠᠷ ᠳᠥᠯᠭᠢᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠠᠪᠰᠤᠷᠤᠨ ᠬᠦᠴᠢᠷᠳᠡᠯ ᠢ ᠨᠢ  ᠰᠢᠢᠳᠪᠦᠷᠢᠯᠡᠵᠦ ᠥᠭᠭᠦᠨ᠎ᠡ᠃      ᠪᠦᠷᠢᠳᠬᠡᠯ ᠢ ᠦᠨᠳᠦᠰᠦᠯᠡᠪᠡᠯ᠂ 2021 ᠣᠨ ᠤ ᠵᠢᠯ ᠤᠨ ᠡᠴᠦᠰ ᠪᠣᠯᠲᠠᠯ᠎ᠠ᠂ ᠮᠠᠨ ᠤ ᠤᠯᠤᠰ ᠤᠨ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.67 ᠳ᠋ᠦᠩᠰᠢᠭᠤᠷ ᠲᠤ ᠬᠦᠷᠴᠦ᠂ ᠪᠦᠬᠦ ᠬᠥᠮᠦᠨ ᠠᠮᠠ ᠶᠢᠨ 18.9% ᠢ ᠡᠵᠡᠯᠡᠪᠡ᠃ ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠬᠠᠷᠢᠭᠤᠴᠠᠯᠭᠠᠲᠠᠨ ᠯᠢ ᠶᠦᠩ ᠰᠢᠨ ᠢᠯᠡᠷᠬᠡᠶᠢᠯᠡᠬᠦ ᠳᠡᠭᠡᠨ᠂ ᠮᠠᠨ ᠤ ᠤᠯᠤᠰ ᠤᠨ ᠨᠠᠰᠤᠲᠠᠶᠢᠴᠤᠳ ᠤᠨ ᠬᠥᠮᠦᠨ ᠠᠮᠠ ᠶᠢᠨ ᠰᠠᠭᠤᠷᠢ ᠲᠤᠭ᠎ᠠ ᠶᠡᠭᠡ᠂ ᠨᠠᠰᠤᠵᠢᠯ ᠤᠨ ᠬᠤᠷᠳᠤᠴᠠ ᠲᠦᠷᠭᠡᠨ᠂ ᠥᠨᠳᠥᠷ ᠨᠠᠰᠤᠲᠠᠶ᠂ ᠴᠢᠳᠠᠪᠤᠷᠢ ᠪᠠᠨ ᠠᠯᠳᠠᠭᠰᠠᠨ᠂ ᠭᠠᠭᠴᠠᠭᠠᠷ ᠰᠠᠭᠤᠬᠤ᠂ ᠬᠡᠷ ᠲᠡᠭᠡᠨ ᠬᠤᠴᠣᠷᠤᠭᠰᠠᠨ ᠵᠡᠷᠭᠡ ᠨᠠᠰᠤᠲᠠᠶᠢᠴᠤᠳ ᠤᠨ ᠬᠠᠮᠲᠤᠯᠢᠭ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ᠂ ᠲᠡᠳᠡᠨ ᠳᠤ ᠪᠠᠶᠢᠭᠤᠯᠤᠮᠵᠢ ᠶᠢᠨ ᠣᠷᠳᠣ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠬᠠᠲᠠᠭᠤ ᠱᠠᠭᠠᠷᠳᠠᠯᠭ᠎ᠠ ᠲᠠᠢ ᠮᠥᠷᠲᠡᠭᠡᠨ ᠨᠡᠶᠢᠭᠡᠮ ᠲᠣᠭᠤᠷᠢᠭ ᠤᠨ ᠬᠡᠷ ᠪᠦᠯᠢ ᠳᠤ ᠲᠦᠰᠢᠭᠯᠡᠨ ᠨᠡᠶᠢᠭᠡᠮᠴᠢᠯᠡᠭᠰᠡᠨ ᠲᠤᠰᠬᠠᠶᠢᠵᠢᠭᠰᠠᠨ ᠦᠢᠯᠡᠴᠢᠯᠡᠭᠡ ᠶᠢ ᠲᠥᠬᠦᠮ ᠦᠵᠡᠭᠦᠯᠬᠦ ᠴᠢᠩ ᠰᠡᠳᠬᠢᠯ ᠤᠨ ᠬᠦᠰᠡᠯ ᠲᠠᠢ ᠪᠠᠶᠢᠨ᠎ᠠ ᠭᠡᠵᠡᠶ᠃      ᠯᠢ ᠶᠦᠩ ᠰᠢᠨ ᠤ ᠦᠵᠡᠬᠦ ᠪᠠᠷ᠂ ᠡᠨᠡ ᠤᠳᠠᠭ᠎ᠠ ᠬᠦᠴᠢᠷᠳᠡᠯ ᠢ ᠰᠢᠢᠳᠪᠦᠷᠢᠯᠡᠬᠦ ᠲᠡᠳᠬᠦᠮᠵᠢ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠠᠷᠬᠠᠭᠠᠬᠤ ᠶᠢ ᠬᠠᠨᠳᠤᠯᠭᠠᠲᠤ ᠴᠢᠨᠠᠷᠲᠠᠶ ᠪᠠᠷ ᠳᠥᠯᠭᠢᠨ ᠠᠬᠢᠭᠤᠯᠵᠤ᠂ ᠪᠠᠰᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠢᠳᠡᠪᠬᠢᠲᠡᠶ ᠳᠣᠬᠢᠶ᠎ᠠ ᠥᠭᠭᠦᠭᠰᠡᠨ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠡᠯ᠎ᠡ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠡᠭᠦᠨ ᠤ ᠤᠯᠠᠮ ᠠᠴᠠ ᠪᠦᠲᠦᠮᠵᠢᠲᠡᠶ ᠬᠠᠩᠭᠠᠯᠭ᠎ᠠ ᠪᠠᠷ ᠦᠢᠯᠡᠴᠢᠯᠡᠭᠡᠨ ᠤ ᠬᠡᠷᠡᠭᠴᠡᠭᠡ ᠶᠢ ᠳᠠᠶᠢᠴᠢᠯᠠᠨ᠂ ᠥᠷᠭᠡᠨ ᠣᠯᠠᠨ ᠨᠠᠰᠤᠲᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠳᠤ ᠠᠰᠢᠭᠲᠠᠶ ᠶᠤᠮ᠃      【 ᠠᠷᠪᠠᠨ ᠤ ᠳᠣᠯᠣᠭᠠᠨ ᠬᠤᠪᠢ ᠠᠴᠠ ᠳᠡᠭᠡᠭᠰᠢᠬᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠠᠵᠢᠯᠯᠠᠭᠠᠨ ᠤ ᠬᠤᠭᠤᠴᠠᠭ᠎ᠠ ᠨᠢ 3 ᠵᠢᠯ ᠬᠦᠷᠬᠦ ᠦᠭᠡᠢ᠂ ᠣᠯᠠᠩᠬᠢ ᠨᠢ ᠥᠪᠡᠷ ᠢᠶᠠᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠣᠯᠠᠩᠬᠢ ᠨᠢ ᠵᠢᠵᠢᠭ ᠪᠢᠴᠢᠯ ᠠᠵᠤ ᠠᠬᠤᠶᠢᠯᠠᠯ ᠳᠤ ᠬᠠᠷᠢᠶᠠᠯᠠᠭᠳᠠᠨ᠎ᠠ᠃ 】 ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠥᠮᠦᠨ ᠠᠮᠠ ᠬᠡᠷ ᠪᠦᠯᠢ ᠶᠢᠨ ᠵᠤᠷᠭᠠᠨ ᠤ ᠬᠠᠷᠢᠭᠤᠴᠠᠯᠭᠠᠲᠠᠨ ᠳ᠋ᠦ᠋ ᠰᠢ ᠰᠢᠤᠸᠠᠢ ᠬᠡᠯᠡᠬᠦ ᠳᠡᠭᠡᠨ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠥᠪᠡᠷ ᠤᠨ ᠥᠷᠲᠡᠭ ᠪᠣᠯ ᠲᠠᠯᠠᠪᠤᠷ ᠲᠦᠷᠢᠶᠡᠰᠦᠯᠡᠬᠦ᠂ ᠴᠠᠯᠢᠩ ᠥᠭᠬᠦ ᠵᠡᠷᠭᠡ ᠵᠠᠶᠢᠯᠠᠰᠢ ᠥᠬᠡᠶ ᠵᠠᠷᠤᠯᠭ᠎ᠠ ᠪᠣᠯᠬᠤ ᠪᠥᠭᠡᠳ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠠᠶᠢᠨ᠎ᠠ ᠭᠡᠵᠡᠶ᠃ ᠬᠢᠵᠢᠭ ᠤᠨ ᠪᠠᠶᠢᠳᠠᠯ ᠤᠨ ᠲᠠᠭᠠᠷᠢᠯᠲᠠ ᠳᠣᠤᠷ᠎ᠠ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠣᠰ ᠪᠡᠶ᠎ᠡ ᠨᠢ ᠡᠲᠡᠭᠡᠷ ᠬᠠᠲᠠᠭᠤ ᠵᠠᠷᠤᠯᠭ᠎ᠠ ᠶᠢ ᠰᠢᠢᠳᠪᠦᠷᠢᠯᠡᠬᠦ ᠳᠤ ᠪᠡᠷᠬᠡᠲᠡᠶ ᠪᠠᠶᠢᠨ᠎ᠠ᠃      ᠳ᠋ᠦ᠋ ᠰᠢ ᠰᠢᠤᠸᠠᠢ ᠶᠢᠨ ᠦᠵᠡᠬᠦ ᠪᠠᠷ᠂ ᠤᠨᠢᠨ ᠳᠡᠭᠡᠷ᠎ᠡ ᠨᠢ ᠪᠦᠲᠦᠮᠵᠢᠲᠡᠢ ᠬᠦᠴᠢᠷᠳᠡᠯ ᠢ ᠰᠢᠢᠳᠪᠦᠷᠢᠯᠡᠵᠦ ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ᠂ ᠣᠬᠤᠷ ᠬᠤᠭᠤᠴᠠᠭᠠᠨ ᠠᠴᠠ ᠦᠵᠡᠪᠡᠯ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠤᠰ ᠪᠡᠶ᠎ᠡ ᠳᠤ ᠲᠤᠯᠭᠠᠷᠠᠵᠤ ᠪᠠᠶᠢᠭ᠎ᠠ ᠣᠷᠣᠰᠢᠨ ᠲᠣᠭᠲᠠᠨᠢᠵᠤ ᠬᠥᠭᠵᠢᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠡᠷᠭᠡ ᠠᠰᠠᠭᠤᠳᠠᠯ ᠢ ᠨᠠᠮᠳᠠᠭᠤᠯᠤᠨ᠎ᠠ︔ ᠣᠷᠳᠣ ᠬᠤᠭᠤᠴᠠᠭᠠᠨ ᠤ ᠲᠤᠷᠰᠢ ᠦᠵᠡᠪᠡᠯ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠥᠬᠦ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠵᠤ᠂ ᠨᠡᠶᠢᠳᠡᠮ ᠠᠰᠢᠭ ᠬᠦᠷᠲᠡᠭᠡᠬᠦ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠬᠡᠷ ᠪᠦᠯᠢ ᠶᠢᠨ ᠠᠰᠠᠷᠠᠨ ᠬᠥᠮᠦᠵᠢᠭᠦᠯᠬᠦ ᠳᠠᠷᠤᠭᠠᠰᠤ ᠶᠢ ᠬᠥᠩᠭᠡᠷᠡᠭᠦᠯᠵᠦ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠳᠥᠯᠭᠢᠨ ᠠᠬᠢᠭᠤᠯᠵᠤ ᠪᠣᠯᠤᠨ᠎ᠠ᠃      【 ᠬᠡᠦᠬᠡᠳ ᠰᠠᠭᠠᠲᠠᠭᠤᠯᠬᠤ ᠦᠢᠯᠡᠴᠢᠯᠡᠭᠡ ᠪᠣᠯ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ 】 ᠳ᠋ᠦ᠋ ᠰᠢ ᠰᠢᠤᠸᠠᠢ ᠢᠯᠡᠷᠬᠡᠶᠢᠯᠡᠬᠦ ᠳᠡᠭᠡᠨ᠂ ᠬᠤᠶᠢᠰᠢᠳᠠ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠠᠩᠬᠠᠷᠴᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠮᠥᠷᠳᠡᠯᠲᠡ ᠶᠢ ᠴᠢᠩᠭᠠᠳᠬᠠᠵᠤ᠂ ᠰᠢᠢᠳᠪᠦᠷᠢᠯᠡᠬᠦ ᠲᠥᠰᠦᠯ ᠢ ᠴᠠᠭ ᠲᠤᠨᠢ ᠳᠣᠭᠢᠷᠠᠭᠤᠯᠤᠨ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠬᠦᠴᠢᠷᠳᠡᠯ ᠢ  ᠰᠢᠢᠳᠪᠦᠷᠢᠯᠡᠵᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢ ᠬᠠᠪᠰᠤᠷᠤᠨ ᠪᠡᠷᠬᠡ ᠪᠣᠭᠤᠮᠲᠠ ᠶᠢ ᠳᠤᠭᠤᠯᠵᠤ᠂ ᠠᠵᠢᠯ ᠲᠥᠷᠥᠯ ᠤᠨ ᠢᠲᠡᠭᠡᠯ ᠵᠣᠷᠢᠭ ᠢ ᠨᠢ ᠬᠥᠪᠴᠢᠯᠡᠵᠦ᠂ ᠬᠡᠤᠬᠡᠳ ᠰᠠᠭᠠᠲᠠᠭᠤᠯᠬᠤ  ᠦᠢᠯᠡᠴᠢᠯᠡᠭᠡᠨ ᠤ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠦᠷᠭᠦᠯᠵᠢᠯᠡᠬᠦ ᠬᠥᠭᠵᠢᠯᠲᠡ ᠶᠢ ᠦᠨᠡᠨ ᠬᠦ ᠪᠠᠲᠤᠯᠠᠨ᠎ᠠ᠃ ︵ᠰᠤᠷᠪᠤᠯᠵᠢᠯᠠᠭᠴᠢ᠄ ᠯᠢᠦ ᠺᠦᠨ︶                                                          ᠵᠣᠬᠢᠶᠠᠭᠴᠢ᠄  ᠭᠤᠸ᠋ᠩ ᠮᠢᠩ ᠡᠳᠦᠷ ᠤᠨ ᠰᠣᠨᠢᠨ                               ᠤᠷᠴᠢᠭᠤᠯᠤᠭᠴᠢ᠄ ᠨᠠᠷᠠᠰᠤ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3