ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠮᠠᠨ ᠤ ᠰᠢᠶᠠᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2022/9/22
    9 ᠰᠠᠷ᠎ᠠ ᠶᠢᠨ 21 ᠤ ᠡᠳᠦᠷ᠂ ᠪᠡᠭᠡᠵᠢᠩ ᠬᠤᠲᠠ ᠶᠢᠨ ᠶᠠᠨᠴᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠢᠦᠶ ᠪᠥᠸᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠦᠶ ᠬᠦᠶ ᠹᠦ᠋᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠳ᠋ᠢᠩ ᠵᠠᠩ ᠴᠦᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠬᠦᠶ ᠹᠧᠨ ᠨᠠᠷ ᠮᠠᠨ ᠤ ᠰᠢᠶᠠᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠵᠤ᠂ ᠪᠡᠭᠡᠵᠢᠩ ᠮᠣᠩᠭᠤᠯ ᠤᠨ ᠬᠡᠰᠡᠭ ᠬᠠᠮᠵᠢᠯᠴᠠᠭᠠᠨ ᠤ ᠠᠵᠤ ᠠᠬᠤᠶᠢᠯᠠᠯ ᠤᠨ ᠲᠥᠷᠥᠯ ᠵᠤᠶᠢᠯ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠪᠠ᠃
     ᠶᠠᠷᠢᠯᠴᠠᠬᠤ ᠬᠤᠷᠠᠯ ᠳᠡᠭᠡᠷ᠎ᠡ᠂ ᠢᠦᠢ ᠪᠥᠸᠧ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ᠂ ᠶᠠᠨ ᠰᠢᠩ ᠬᠤᠶᠠᠷ ᠭᠠᠵᠠᠷ ᠤᠨ ᠬᠢᠨ ᠨᠢᠭᠲᠠ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠮ ᠵᠠᠰᠠᠭ ᠤᠨ ᠤᠳᠤᠷᠢᠳᠤᠯᠭ᠎ᠠ᠂ ᠠᠵᠢᠯ ᠲᠦᠷᠦᠯ ᠤᠨ ᠬᠠᠮᠵᠢᠯᠴᠠᠭ᠎ᠠ᠂ ᠨᠡᠶᠢᠭᠡᠮ ᠤᠨ ᠬᠢᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠳᠤ ᠯᠠᠪᠳᠠᠭᠤᠨ ᠪᠠᠲᠤᠲᠠᠢ ᠠᠯᠬᠤᠮ ᠢ ᠠᠯᠬᠤᠪᠠ︔ ᠬᠤᠶᠠᠷ ᠭᠠᠵᠠᠷ ᠤᠨ ᠬᠢᠨ ᠪᠠᠶᠢᠳᠠᠯ ᠤᠨ ᠱᠠᠭᠠᠷᠳᠠᠯᠭ᠎ᠠ ᠶᠢ ᠴᠢᠨᠠᠭᠰᠢᠳᠠ ᠡᠵᠡᠮᠳᠡᠵᠦ᠂ ᠬᠠᠮᠵᠢᠯᠴᠠᠬᠤ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ᠂ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠦᠨᠳᠦᠷᠴᠡ ᠠᠴᠠ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠭᠠᠷ ᠬᠤᠯᠪᠣᠨ ᠤᠷᠤᠭᠰᠢᠯᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠢᠯᠪᠠᠷ ᠪᠤᠰᠤ ᠪᠠᠷ ᠣᠯᠤᠭᠰᠠᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠬᠠᠮᠲᠤᠪᠠᠷ ᠰᠠᠶᠢᠲᠤᠷ ᠪᠠᠬᠢᠵᠢᠭᠦᠯᠵᠦ᠂ ᠰᠠᠶᠢᠲᠤᠷ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠭᠡ ᠶᠠᠪᠤᠳᠠᠯ ᠢ ᠰᠠᠶᠢᠲᠤᠷ ᠵᠣᠯᠭᠠᠭᠤᠯᠵᠤ᠂ ᠰᠠᠶᠢᠲᠤᠷ ᠠᠬᠢᠭᠤᠯᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠱᠠᠭᠠᠷᠳᠠᠯᠭ᠎ᠠ ᠳᠤ ᠰᠠᠭᠤᠷᠢᠯᠠᠨ᠂ ᠶᠠᠨ ᠰᠢᠩ ᠬᠤᠶᠠᠷ ᠭᠠᠵᠠᠷ ᠤᠨ ᠰᠣᠶᠣᠯ ᠵᠤᠭᠠᠴᠠᠯ᠂ ᠣᠳᠣ ᠦᠶ᠎ᠡ ᠶᠢᠨ ᠲᠠᠷᠢᠶᠠᠯᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠲᠦᠷᠭᠡᠳᠬᠡᠵᠦ᠂ ᠵᠢᠭᠤᠯᠴᠢᠯᠠᠯ ᠤᠨ ᠰᠣᠶᠣᠯ ᠤᠨ ᠰᠣᠳᠣᠨ ᠵᠦᠢᠯᠡᠰ ᠢ ᠬᠠᠮᠲᠤᠷᠠᠨ ᠨᠡᠭᠡᠭᠡᠨ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠤᠯᠪᠣᠭᠠᠯᠠᠨ ᠨᠡᠪᠲᠡᠷᠡᠯᠴᠡᠬᠦ ᠠᠷᠭ᠎ᠠ ᠵᠠᠮ ᠢ ᠢᠳᠡᠪᠬᠢᠲᠡᠶ ᠪᠠᠷ ᠰᠠᠭᠠᠳ ᠦᠭᠡᠢ ᠨᠡᠪᠲᠡᠷᠡᠭᠦᠯᠵᠦ᠂ ᠬᠤᠣᠰᠯᠠᠨ ᠬᠠᠮᠵᠢᠯᠴᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠤᠷᠢᠯᠡᠵᠤ᠂ ᠬᠠᠷᠢᠯᠴᠠᠨ ᠤᠷᠤᠭᠰᠢᠯᠠᠨ ᠬᠠᠷᠢᠯᠴᠠᠨ ᠠᠬᠢᠭᠤᠯᠬᠤ᠂ ᠬᠠᠮᠲᠤ ᠪᠠᠷ ᠲᠠᠪᠰᠢᠬᠤ ᠶᠢ ᠪᠡᠶᠡᠯᠡᠭᠦᠯᠵᠦ᠂ ᠬᠠᠮᠵᠢᠯᠴᠠᠭᠠᠨ ᠤ ᠦᠨᠡᠨ ᠪᠣᠳᠠᠲᠠᠶ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃       ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠹᠠᠩ ᠽᠧ ᠬᠤᠳᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠢ ᠲᠥᠯᠥᠭᠡᠯᠡᠨ ᠶᠠᠨᠴᠢᠩ ᠲᠣᠭᠤᠷᠢᠭ ᠤᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠤᠯᠠᠨ ᠵᠢᠯ ᠤᠨ ᠲᠤᠷᠰᠢ ᠰᠢᠩ ᠡᡁᠧ ᠶᠢᠨ ᠬᠠᠪᠰᠤᠷᠤᠨ ᠲᠡᠳᠬᠦᠬᠦ ᠬᠠᠮᠵᠢᠯᠴᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠰᠢᠩ ᠡᡁᠧ ᠰᠢᠶᠠᠨ ᠤ ᠬᠤᠶᠢᠰᠢᠳᠠ ᠶᠢᠨ ᠪᠡᠭᠡᠵᠢᠩ ᠥᠪᠥᠷ ᠮᠣᠩᠭᠤᠯ ᠳᠠᠬᠢ ᠬᠠᠮᠵᠢᠯᠴᠠᠭ᠎ᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ ᠵᠢᠭᠠᠵᠤ ᠭᠠᠷᠭᠠᠭᠰᠠᠨ ᠨᠢ᠂ ᠰᠢᠩ ᠾᠧ ᠰᠢᠶᠠᠨ ᠤ ᠬᠢᠨ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠣᠷᠣᠭᠤᠯᠤᠯᠲᠠ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠬᠡᠷᠡᠭᠲᠡᠶ᠂ ᠶᠠᠨᠴᠢᠩ ᠲᠣᠭᠤᠷᠢᠭ ᠤᠨ ᠲᠡᠷᠢᠭᠦᠨ ᠤ ᠵᠤᠭᠠᠴᠠᠯ ᠤᠨ ᠬᠥᠭᠵᠢᠯᠲᠡ ᠶᠢᠨ ᠲᠤᠷᠰᠢᠯᠭ᠎ᠠ ᠪᠣᠯᠤᠨ ᠲᠠᠪᠴᠠᠩ ᠢ ᠠᠰᠢᠭᠯᠠᠵᠤ᠂ ᠤᠯᠠᠨ ᠲᠠᠯ᠎ᠠ ᠠᠴᠠ ᠵᠤᠭᠠᠴᠠᠯ ᠤᠨ ᠤᠬᠠᠭᠤᠯᠭ᠎ᠠ ᠶᠢ ᠬᠢᠵᠦ᠂ ᠬᠠᠪᠰᠤᠷᠤᠨ ᠲᠡᠳᠬᠦᠬᠦ ᠵᠠᠷᠤᠳᠠᠯ ᠢ ᠰᠠᠶᠢᠲᠤᠷ ᠬᠡᠷᠡᠭᠯᠡᠵᠦ᠂ ᠲᠦᠷᠦᠯ ᠵᠦᠢᠯ ᠢ ᠬᠡᠯᠪᠡᠷᠢᠲᠡᠢ᠂ ᠪᠦᠲᠦᠮᠵᠢᠲᠡᠢ᠂ ᠦᠷᠭᠦᠯᠵᠢᠯᠡᠬᠦ ᠶᠢ ᠨᠢ ᠰᠠᠶᠢᠲᠤᠷ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠵᠦ᠂ ᠬᠤᠶᠠᠷ ᠭᠠᠵᠠᠷ ᠤᠨ ᠤᠯᠠᠨ ᠲᠦᠮᠡᠨ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠷ᠎ᠡ ᠪᠦᠲᠦᠭᠡᠯ ᠢ ᠦᠨᠡᠨᠬᠦ ᠡᠳ᠋ᠯᠡᠭᠦᠯᠦᠨ᠎ᠡ      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠡᠮᠦᠨ᠎ᠡ ᠠᠴᠠ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠡᠷᠡ ᠬᠡᠯᠡᠬᠦ ᠳᠡᠭᠡᠨ᠂ ᠶᠠᠨ ᠰᠢᠩ ᠬᠤᠶᠠᠷ ᠭᠠᠵᠠᠷ ᠤᠨ ᠬᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠬᠥᠭᠵᠢᠬᠦ ᠶᠢ ᠢᠮᠠᠭᠲᠠ ᠪᠠᠷᠢᠮᠲᠠᠯᠠᠵᠤ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠬᠥᠭᠵᠢᠵᠦ᠂ ᠰᠢᠩ ᠾᠧ ᠲᠥᠷᠥᠯ ᠵᠦᠢᠯ ᠢ ᠨᠠᠷᠢᠨ ᠬᠢᠨᠠᠮᠠᠭᠠᠶ ᠪᠠᠶᠢᠭᠤᠯᠵᠤ᠂ ᠪᠡᠯᠡ ᠮᠥᠩᠭᠦ ᠶᠢ ᠰᠠᠶᠢᠲᠤᠷ ᠬᠡᠷᠡᠭᠯᠡᠵᠦ ᠂ ᠬᠢᠨᠠᠨ ᠰᠢᠯᠭᠠᠯᠲᠠ ᠶᠢ ᠰᠠᠶᠢᠲᠤᠷ ᠤᠭᠲᠤᠵᠤ᠂ ᠪᠠᠶᠢᠴᠠᠭᠠᠨ ᠰᠤᠳᠤᠯᠤᠯᠲᠠ ᠬᠢᠵᠦ ᠬᠠᠷᠢᠯᠴᠠᠨ ᠰᠤᠷᠪᠤᠯᠵᠢᠯᠠᠬᠤ ᠶᠢ ᠢᠳᠡᠪᠬᠢᠲᠡᠢ ᠥᠷᠨᠢᠭᠦᠯᠵᠦ᠂ ᠤᠯᠤᠯᠴᠠᠭ᠎ᠠ ᠵᠣᠯᠭᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠢᠷᠡᠬᠦ ᠵᠢᠯ ᠤᠨ ᠬᠠᠮᠵᠢᠯᠴᠠᠬᠤ ᠠᠭᠤᠯᠭ᠎ᠠ ᠪᠣᠯᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠷᠲᠡᠬᠡᠨ ᠲᠥᠯᠥᠪᠵᠢᠭᠦᠯᠵᠦ᠂ ᠡᠨᠡ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠡᠭᠦᠷᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠵᠤ᠂ ᠢᠷᠡᠬᠦ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠰᠠᠭᠤᠷᠢ ᠲᠠᠯᠪᠢᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠶᠢᠨ ᠭᠦᠨᠴᠡ ᠪᠣᠯᠤᠨ ᠥᠷᠭᠡᠴᠡ ᠶᠢ ᠴᠢᠨᠠᠭᠰᠢᠳᠠ ᠥᠷᠭᠡᠳᠬᠡᠵᠦ᠂ ᠬᠡᠯᠪᠡᠷᠢᠲᠡᠢ᠂ ᠪᠦᠲᠦᠮᠵᠢᠲᠡᠢ᠂ ᠦᠷᠭᠦᠯᠵᠢᠯᠡᠬᠦ ᠬᠢᠯᠠᠰ ᠴᠡᠭ ᠲᠠᠢ ᠠᠵᠢᠯ ᠢ ᠬᠠᠮᠲᠤᠪᠠᠷ ᠴᠣᠭᠴᠠᠯᠠᠨ᠎ᠠ      ᠬᠤᠷᠠᠯ ᠳᠡᠭᠡᠷ᠎ᠡ᠂ ᠶᠠᠨᠴᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠳ᠋ᠢᠩ ᠵᠠᠩ ᠴᠦᠨ ᠪᠣᠯᠤᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠲᠣᠰ ᠲᠣᠰ ᠶᠠᠨᠴᠢᠩ ᠲᠣᠭᠤᠷᠢᠭ ᠤᠨ ᠰᠢᠩ ᠾᠧ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠠᠨᠢᠯᠴᠠᠭᠤᠯᠵᠤ᠂ ᠬᠤᠶᠠᠷ ᠭᠠᠵᠠᠷ ᠤᠨ ᠡᠭᠦᠷᠭᠡ ᠴᠢᠳᠠᠪᠤᠷᠢᠲᠤ ᠨᠢᠭᠡᠴᠡ ᠶᠢᠨ ᠬᠠᠷᠢᠭᠤᠴᠠᠯᠭᠠᠲᠠᠨ ᠵᠡᠭᠦᠨ ᠪᠠᠷᠠᠭᠤᠨ ᠣᠷᠣᠨ ᠤ ᠬᠠᠮᠵᠢᠯᠴᠠᠨ ᠬᠥᠭᠵᠢᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃      ᠢᠦᠢ ᠪᠥᠸᠧ ᠨᠡᠷ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠪᠠᠶᠢᠴᠠᠭᠠᠨ ᠦᠵᠡᠪᠡ      ᠢᠦᠢ ᠪᠥᠸᠧ ᠨᠡᠷ ︽ᠪᠠᠢ ᠮᠧᠢ ᠲᠣᠰᠬᠤᠨ︾ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠴᠠᠭᠠᠨ ᠦᠵᠡᠪᠡ      ᠢᠦᠶ ᠪᠥᠸᠧ ᠨᠡᠷ ᠠᠩᠭᠧᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠢ ᠪᠠᠶᠢᠴᠠᠭᠠᠨ ᠦᠵᠡᠪᠡ      ᠢᠦᠢ ᠪᠥᠸᠧ ᠨᠡᠷ ᠵᠤᠤ ᠪᠦᠦ ᠸᠠᠩ ᠤᠨ ᠭᠡᠷ ᠲᠤ ᠣᠷᠣᠪᠠ      ᠵᠠᠯᠭᠠᠬᠤ ᠶᠠᠪᠤᠴᠠ ᠳᠤ᠂ ᠢᠦᠢ ᠪᠥᠸᠧ ᠨᠡᠷ ᠤᠷᠢᠳ ᠬᠤᠵᠢᠳ ᠳ᠋ᠠ ᠲᠥᠩ ᠶᠣᠣ ᠰᠢᠶᠠᠩ᠂ ᠡᠷᠳᠡᠨᠢ ᠪᠠᠯᠭᠠᠰᠤ ᠳᠤ ᠭᠦᠨᠵᠡᠭᠡᠶᠢᠷᠡᠵᠦ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ︽ᠪᠠᠢ ᠮᠧᠢ ᠲᠣᠰᠬᠤᠨ︾ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ᠂ ᠠᠩᠭᠧᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠡᠭᠦᠨ ᠤ ᠬᠠᠮᠲᠤ ᠳ᠋ᠠ ᠲᠥᠩ ᠶᠣᠣ ᠰᠢᠶᠠᠩ ᠤᠨ ᠰᠢᠩ ᠱᠧᠩ ᠵᠤᠸᠠᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠰᠢᠯᠭᠠᠬᠤ ᠡᠷᠦᠬᠡ ᠵᠤᠤ ᠪᠦᠦ ᠸᠠᠩ ᠤᠨ ᠭᠡᠷ ᠲᠤ ᠬᠦᠷᠴᠦ᠂ ᠲᠡᠭᠦᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠪᠡᠶ᠎ᠡ ᠶᠢᠨ ᠪᠠᠶᠢᠳᠠᠯ᠂ ᠳᠠᠷᠢᠵᠤ ᠲᠡᠵᠢᠭᠡᠨ ᠦᠷᠡᠵᠢᠭᠦᠯᠦᠭᠰᠡᠨ ᠣᠷᠣᠯᠭ᠎ᠠ ᠶᠢᠨ ᠪᠠᠶᠢᠳᠠᠯ ᠪᠣᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠵᠤ᠂ ᠲᠡᠭᠦᠨ ᠳᠤ ᠲᠣᠬᠤᠨᠢᠭᠤᠯᠬᠤ ᠮᠥᠩᠭᠦ ᠬᠦᠷᠭᠡᠪᠡ᠃      ᠰᠢᠶᠠᠨ ᠤ ᠤᠳᠤᠷᠢᠳᠤᠯᠭ᠎ᠠ ᠵᠣᠣ ᠷᠦᠢ᠂ ᠸᠠᠩ ᠰᠢᠶᠤᠤ ᠵᠢᠶᠦ᠋ᠨ᠂ ᠶᠠᠩ ᠯᠢ ᠷᠦᠩ᠂ ᠾᠧ ᠰᠢᠩ ᠬᠤᠸᠠ᠂ ᠬᠥᠩ ᠰᠢᠤ ᠯᠦᠩ᠂ ᠯᠢ ᠵᠢᠶᠦ᠋ᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3