ᠪᠡᠶ᠎ᠡ ᠶᠢᠨ ᠡᠷᠡᠭᠦᠯ ᠴᠢᠭᠢᠷᠠᠭ ᠢ ᠬᠠᠮᠠᠭᠠᠯᠠᠨ᠎ᠠ᠂ ︽ᠰᠢᠳᠦ︾᠎ ᠠᠴᠠ ᠡᠬᠢᠯᠡᠨ᠎ᠡ
ᠨᠡᠶᠢᠲᠡᠯᠡᠭᠰᠡᠨ ᠴᠠᠭ᠄
2022/9/27
     ᠶᠡᠷᠦ ᠶᠢᠨ ᠦᠭᠡᠨ ᠳᠤ᠂ ᠰᠢᠳᠦ ᠰᠠᠶᠢᠨ ᠪᠣᠯ ᠬᠤᠭᠤᠯᠠᠨ ᠤ ᠳᠤᠷᠠᠰᠢᠯ ᠰᠠᠶᠢᠨ ᠭᠡᠳᠡᠭ᠃ ᠠᠮᠠᠨ ᠬᠥᠨᠳᠡᠶ ᠶᠢᠨ ᠡᠷᠡᠭᠦᠯ ᠮᠡᠨᠳᠦ ᠨᠢ ᠪᠥᠬᠦ ᠪᠡᠶ᠎ᠡ ᠶᠢᠨ ᠡᠷᠡᠭᠦᠯ ᠮᠡᠨᠳᠦ ᠶᠢᠨ ᠰᠠᠭᠤᠷᠢ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠪᠡᠶ᠎ᠡ ᠶᠢᠨ ᠡᠷᠡᠭᠦᠯ ᠮᠡᠨᠳᠦ ᠶᠢᠨ ᠰᠠᠯᠵᠤ ᠪᠣᠯᠤᠰᠢ ᠥᠬᠡᠶ ᠴᠢᠬᠤᠯᠠ ᠨᠢᠭᠡ ᠭᠤᠭᠴᠤᠭ᠎ᠠ ᠪᠣᠯᠤᠨ᠎ᠠ᠂ ᠡᠭᠦᠨ ᠠᠴᠠ ᠦᠵᠡᠪᠡᠯ᠂ ᠠᠮᠠᠨ ᠬᠥᠨᠳᠡᠶ ᠶᠢᠨ ᠡᠷᠡᠭᠦᠯ ᠮᠡᠨᠳᠦ ᠨᠢ ᠪᠡᠶ᠎ᠡ ᠶᠢᠨ ᠡᠷᠡᠭᠦᠯ ᠮᠡᠨᠳᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠡᠭᠡᠪᠡᠯ ᠶᠠᠮᠠᠷ ᠶᠠᠩᠵᠤ ᠶᠢᠨ ᠰᠢᠳᠦ ᠨᠢ ᠰᠠᠶ᠋ᠢ ︽ᠰᠠᠶᠢᠨ ᠰᠢᠳᠦ︾ ᠪᠣᠯᠬᠤ ᠪᠣᠶ︖ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︵WHO︶᠎ ᠶᠢᠨ 1981 ᠣᠨ ᠳᠤ ᠳᠤᠷᠠᠳᠤᠭᠰᠠᠨ ᠪᠠᠷᠢᠮᠵᠢᠶ᠎ᠠ ᠶᠢ ᠦᠨᠳᠦᠰᠦᠯᠡᠪᠡᠯ᠂ ᠠᠮᠠᠨ ᠬᠥᠨᠳᠡᠶ ᠶᠢᠨ ᠡᠷᠡᠭᠦᠯ ᠮᠡᠨᠳᠦ ᠶᠢ ︽ᠰᠢᠳᠦ ᠨᠢ ᠠᠷᠢᠭᠤᠨ ᠴᠡᠪᠡᠷ᠂ ᠬᠤᠷᠣᠬᠠᠶᠢᠲᠤᠬᠤ ᠥᠬᠡᠶ᠂ ᠡᠪᠡᠳᠬᠦ ᠥᠬᠡᠶ᠂ ᠪᠤᠶᠢᠯᠠ ᠶᠢᠨ ᠥᠩᠭᠡ ᠨᠢ ᠬᠡᠪ ᠤᠨ᠂ ᠴᠢᠰᠤ ᠭᠠᠷᠬᠤ ᠦᠵᠡᠭᠳᠡᠯ ᠥᠬᠡᠶ︾ ᠭᠡᠳᠡᠭ᠃      ᠣᠶᠢᠷ᠎ᠠ ᠶᠢᠨ ᠵᠢᠯ ᠠᠴᠠ ᠨᠠᠰᠢ᠂ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠠᠮᠢᠳᠤᠷᠠᠯ ᠤᠨ ᠴᠢᠨᠠᠷ ᠴᠢᠨᠰᠠᠭ᠎ᠠ ᠳᠤ ᠦᠵᠡᠭᠦᠯᠬᠦ ᠴᠢᠬᠤᠯᠠ ᠶᠡᠭᠡ ᠨᠥᠯᠥᠭᠡ ᠶᠢ ᠬᠥᠮᠦᠰ ᠤᠯᠠᠮ ᠢᠶᠠᠷ ᠲᠠᠨᠢᠵᠤ ᠣᠯᠤᠭᠰᠠᠨ ᠪᠠᠶᠢᠨ᠎ᠠ᠃ ᠲᠡᠭᠡᠪᠡᠯ ᠠᠮᠠᠨ ᠬᠥᠨᠳᠡᠶ ᠶᠢᠨ ᠡᠪᠡᠳᠴᠢᠨ ᠨᠢ ᠪᠥᠬᠦ ᠪᠡᠶ᠎ᠡ ᠶᠢᠨ ᠡᠷᠡᠭᠦᠯ ᠮᠡᠨᠳᠦ ᠶᠢ ᠬᠡᠷᠬᠢᠨ ᠨᠥᠯᠥᠭᠡᠯᠡᠳᠡᠭ ᠪᠣᠶ︖ ᠰᠢᠳᠦ ᠪᠠᠨ ᠬᠠᠮᠠᠭᠠᠯᠠᠵᠤ ᠰᠢᠳᠦ ᠪᠠᠨ ᠴᠢᠭᠢᠷᠠᠭᠵᠢᠭᠤᠯᠤᠶ᠎ᠠ ᠭᠡᠪᠡᠯ ᠪᠢᠳᠡ ᠶᠠᠭᠠᠬᠢᠵᠤ ᠬᠢᠪᠡᠯ ᠵᠣᠬᠢᠬᠤ ᠪᠤᠢ︖      ᠠᠮᠠᠨ ᠬᠥᠨᠳᠡᠢ ᠶᠢᠨ ᠡᠪᠡᠳᠴᠢᠨ ᠢ ᠣᠶᠢᠯᠭᠠᠶ᠎ᠠ      ᠬᠤᠷᠣᠬᠠᠶᠢᠲᠤᠬᠤ ᠡᠪᠡᠳᠴᠢᠨ ᠪᠠ ᠰᠢᠳᠦᠨ ᠲᠣᠭᠤᠷᠢᠨ ᠤ ᠡᠪᠡᠳᠴᠢᠨ ᠨᠢ ᠦᠷᠭᠦᠯᠵᠢ ᠲᠣᠬᠢᠶᠠᠯᠳᠤᠳᠠᠭ ᠬᠤᠶᠠᠷ ᠶᠡᠭᠡ ᠠᠮᠠᠨ ᠬᠥᠨᠳᠡᠶ ᠶᠢᠨ ᠡᠪᠡᠳᠴᠢᠨ ᠪᠣᠯᠤᠭᠰᠠᠨ ᠤ ᠬᠤᠪᠢ ᠳᠤ᠂ ᠠᠮᠠᠨ ᠬᠥᠨᠳᠡᠶ ᠶᠢᠨ ᠡᠷᠡᠭᠦᠯ ᠮᠡᠨᠳᠦ ᠳᠤ ᠦᠵᠡᠭᠦᠯᠬᠦ ᠨᠥᠯᠥᠭᠡ ᠶᠢ ᠣᠮᠲᠣᠭᠠᠶᠢᠯᠠᠵᠤ ᠪᠣᠯᠤᠰᠢ ᠦᠭᠡᠢ ᠶᠤᠮ᠃      ᠬᠤᠷᠣᠬᠠᠶᠢᠲᠤᠬᠤ ᠡᠪᠡᠳᠴᠢᠨ ᠪᠣᠯ ᠰᠢᠳᠦᠨ ᠤ ᠬᠠᠲᠠᠭᠤ ᠨᠡᠬᠡᠳᠡᠰᠦ᠂ ᠪᠠᠺᠲ᠋ᠧᠷᠢ ᠶᠢᠨ ᠲᠣᠯᠪᠤ ᠪᠠ ᠪᠠᠺᠲ᠋ᠧᠷᠢ ᠶᠢᠨ ᠨᠥᠯᠥᠭᠡ ᠪᠠᠷ ᠡᠭᠦᠰᠬᠦ‍ ᠨᠢᠭᠡ ᠵᠦᠢᠯ ᠤᠨ ᠤᠳᠠᠭᠠᠨ ᠴᠢᠨᠠᠷᠲᠠᠶ᠂ ᠬᠥᠭᠵᠢᠬᠦ ᠴᠢᠨᠠᠷᠲᠠᠶ᠂ ᠡᠪᠳᠡᠬᠦ ᠴᠢᠨᠠᠷᠲᠠᠶ ᠡᠪᠡᠳᠴᠢᠨ ᠪᠣᠯᠤᠨ᠎ᠠ᠃ ᠬᠥᠮᠦᠰ ᠤᠨ ᠠᠮᠢᠳᠤᠷᠠᠯ ᠳᠤᠮᠳᠠ ᠦᠷᠭᠦᠯᠵᠢ ᠣᠯᠵᠤ ᠰᠣᠨᠣᠰᠳᠠᠭ ︽ᠰᠢᠳᠦ ᠬᠤᠷᠣᠬᠠᠶᠢᠲᠤᠬᠤ︾ ᠪᠠ ︽ᠰᠢᠳᠦ ᠬᠤᠷᠣᠬᠠᠶᠢᠲᠤᠬᠤ︾ ᠭᠡᠳᠡᠭ ᠨᠢ ᠴᠥᠮ ᠬᠤᠷᠣᠬᠠᠶᠢᠲᠤᠬᠤ ᠡᠪᠡᠳᠴᠢᠨ ᠢ ᠵᠢᠭᠠᠵᠤ ᠪᠣᠶ᠃ ᠬᠤᠷᠣᠬᠠᠶᠢᠲᠤᠬᠤ ᠡᠪᠡᠳᠴᠢᠨ ᠡᠭᠦᠰᠬᠦ ᠶᠢᠨ ᠡᠬᠢᠨ ᠤ ᠦᠶ᠎ᠡ ᠳᠤ᠂ ᠰᠢᠳᠦᠨ ᠤ ᠥᠩᠭᠡᠨ ᠲᠠᠯ᠎ᠠ ᠨᠢ ᠵᠥᠪᠬᠡᠨ ᠴᠠᠷᠳᠠ ᠶᠢᠨ ᠥᠩᠭᠡ ︵ᠪᠠᠭ᠋ᠠᠨ ᠴᠠᠶᠢᠪᠤᠷ ᠴᠠᠶᠢᠪᠤᠷ ᠥᠩᠭᠡ︶ ᠪᠤᠶᠤ ᠬᠠᠷ᠎ᠠ ᠥᠩᠭᠡ ᠶᠢᠨ ᠥᠩᠭᠡ ᠶᠢᠨ ᠬᠤᠪᠢᠷᠠᠯᠲᠠ ᠪᠠᠷ ᠢᠯᠡᠷᠡᠵᠦ᠂ ᠵᠡᠷᠡᠮᠳᠡᠭ ᠪᠣᠯᠬᠤ ᠨᠢ ᠲᠡᠶᠢᠮᠦ ᠢᠯᠡᠷᠬᠡᠶ ᠪᠢᠰᠢ᠂ ᠪᠠᠰᠠ ᠣᠨᠴᠠᠭᠠᠶ ᠢᠯᠡᠷᠬᠡᠶ ᠪᠡᠶ᠎ᠡ ᠶᠢᠨ ᠰᠡᠷᠡᠯ ᠤᠨ ᠡᠪᠡᠳᠴᠢᠨ ᠤ ᠢᠯᠡᠷᠡᠯ ᠦᠭᠡᠢ᠃ ᠬᠡᠷᠪᠡ ᠴᠠᠭ ᠲᠤᠬᠠᠶ ᠳᠤᠨᠢ ᠡᠮᠨᠡᠨ ᠵᠠᠰᠠᠬᠤ ᠦᠭᠡᠢ ᠪᠣᠯ ᠡᠪᠡᠳᠴᠢᠨ ᠤ ᠬᠤᠪᠢᠷᠠᠯᠲᠠ ᠦᠷᠭᠦᠯᠵᠢᠯᠡᠨ ᠬᠥᠭᠵᠢᠵᠦ᠂ ᠬᠤᠷᠣᠬᠠᠶᠢᠲᠤᠭᠰᠠᠨ ᠨᠦᠬᠡ ᠭᠠᠷᠤᠨ᠎ᠠ᠂ ᠡᠨᠡ ᠦᠶ᠎ᠡ ᠳᠤ ᠬᠠᠯᠠᠭᠤᠨ ᠬᠦᠢᠲᠡᠨ ᠤ ᠰᠡᠳᠦᠯᠲᠡ ᠪᠠᠷ ᠡᠪᠡᠳᠬᠦ ᠪᠠᠶᠢᠳᠠᠯ ᠭᠠᠷᠴᠤ ᠮᠡᠳᠡᠨ᠎ᠡ᠃ ᠬᠡᠷᠪᠡ ᠴᠠᠭ ᠲᠤᠬᠠᠶ ᠳᠤᠨᠢ ᠡᠮᠨᠡᠭᠦᠯᠦᠭᠰᠡᠨ ᠦᠭᠡᠢ ᠪᠣᠯ ᠬᠤᠷᠣᠬᠠᠶᠢᠲᠤᠭᠰᠠᠨ ᠡᠪᠡᠳᠴᠢᠨ ᠤ ᠡᠪᠳᠡᠭᠳᠡᠯ ᠤᠨ ᠬᠡᠮᠵᠢᠶ᠎ᠡ ᠤᠯᠠᠮ ᠭᠦᠨᠵᠡᠭᠡᠶᠢᠷᠡᠬᠦ ᠶᠢ ᠳᠠᠭᠠᠯᠳᠤᠨ ᠰᠢᠳᠦᠨ ᠤ ᠴᠢᠮᠥᠭᠡ ᠪᠠ ᠦᠨᠳᠦᠰᠦᠨ ᠤ ᠦᠵᠦᠭᠦᠷ ᠢ ᠴᠢᠷᠦᠭᠳᠡᠭᠦᠯᠵᠦ᠂ ᠡᠪᠡᠳᠬᠦ ᠨᠢ ᠬᠦᠨᠳᠦᠷᠡᠵᠦ᠂ ᠡᠮᠴᠢᠯᠡᠬᠦ ᠶᠠᠪᠤᠴᠠ ᠨᠢ ᠨᠡᠩ ᠴᠤ ᠴᠠᠭ ᠪᠠ ᠬᠦᠴᠦ ᠵᠠᠷᠤᠴᠠᠭᠤᠯᠳᠠᠭ᠃ ᠰᠢᠳᠦ ᠬᠤᠷᠣᠬᠠᠶᠢᠲᠤᠬᠤ ᠶᠢ ᠰᠡᠷᠭᠡᠶᠢᠯᠡᠬᠦ ᠳᠤ ᠪᠠᠭ᠎ᠠ ᠠᠴᠠ ᠪᠠᠨ ᠡᠬᠢᠯᠡᠨ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠯᠲᠠ ᠬᠢᠬᠦ ᠬᠡᠷᠡᠭᠲᠡᠶ᠃      ᠰᠢᠳᠦᠨ ᠲᠣᠭᠤᠷᠢᠨ ᠤ ᠡᠪᠡᠳᠴᠢᠨ ᠨᠢ ᠨᠢᠭᠡ ᠵᠦᠢᠯ ᠤᠨ ᠪᠠᠺᠲ᠋ᠧᠷᠢ ᠶᠢᠨ ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠪᠣᠯᠤᠭᠰᠠᠨ ᠤ ᠬᠤᠪᠢ ᠳᠤ᠂ ᠡᠬᠢᠨ ᠤ ᠦᠶ᠎ᠡ ᠳᠡᠭᠡᠨ ᠵᠥᠪᠬᠡᠨ ᠰᠢᠳᠦ ᠪᠠᠨ ᠱᠤᠸᠠᠰᠠᠳᠠᠵᠤ ᠴᠢᠰᠤ ᠭᠠᠷᠬᠤ᠂ ᠪᠤᠶᠢᠯᠠ ᠬᠠᠪᠤᠳᠬᠤ᠂ ᠡᠪᠡᠳᠴᠢᠨ ᠤ ᠢᠯᠡᠷᠡᠯ ᠨᠢ ᠢᠯᠡᠷᠬᠡᠶ ᠪᠢᠰᠢ᠂ ᠠᠮᠠᠷᠬᠠᠨ ᠣᠮᠲᠣᠭᠠᠶᠢᠯᠠᠭᠳᠠᠳᠠᠭ᠃ ᠳᠤᠮᠳᠠ ᠵᠡᠷᠭᠡ ᠶᠢᠨ ᠬᠦᠨᠳᠦ ᠬᠡᠮᠵᠢᠶᠡᠨ ᠤ ᠰᠢᠳᠦᠨ ᠤ ᠲᠣᠭᠤᠷᠢᠨ ᠤ ᠡᠪᠡᠳᠴᠢᠨ ᠳᠤ ᠴᠦ ᠠᠮᠠᠨ ᠬᠥᠨᠳᠡᠶ ᠶᠢᠨ ᠰᠢᠳᠦᠨ ᠤ ᠲᠣᠭᠤᠷᠢᠨ ᠤ ᠤᠭᠤᠲᠠᠨ ᠳᠤ ᠭᠠᠷ ᠤᠨ ᠠᠯᠠᠭᠠᠨ ᠤ ᠲᠠᠯᠠᠪᠠᠶ ᠶᠢᠨ ᠶᠡᠭᠡ ᠪᠠᠭ᠎ᠠ ᠲᠠᠢ ᠠᠳᠠᠯᠢᠪᠲᠤᠷ ᠦᠷᠪᠢᠰᠦᠯ ᠤᠨ ᠰᠢᠷᠬᠠᠯᠠᠭ᠎ᠠ ᠶᠢᠨ ᠲᠠᠯ᠎ᠠ ᠣᠷᠣᠰᠢᠵᠤ᠂ ᠡᠪᠡᠳᠴᠢᠲᠡᠨ ᠳᠤ ᠲᠡᠰᠪᠦᠷᠢᠯᠡᠬᠦᠶ᠎ᠡ ᠪᠡᠷᠬᠡ ᠡᠪᠡᠳᠴᠢᠨ ᠤ ᠢᠯᠡᠷᠡᠯ ᠪᠠᠶᠢᠬᠤ ᠥᠬᠡᠶ ᠪᠠᠶᠢᠵᠤ ᠮᠡᠳᠡᠨ᠎ᠡ᠃ ᠭᠡᠲᠡᠯ᠎ᠡ ᠰᠢᠳᠦᠨ ᠤ ᠲᠣᠭᠤᠷᠢᠨ ᠤ ᠡᠪᠡᠳᠴᠢᠨ ᠰᠡᠭᠦᠯᠴᠢ ᠶᠢᠨ ᠬᠤᠭᠤᠴᠠᠭᠠᠨ ᠳᠤ ᠬᠦᠷᠦᠭᠡᠳ ᠰᠢᠳᠦ ᠨᠢ ᠰᠤᠯᠠᠷᠠᠵᠤ᠂ ᠴᠢᠨᠠᠭᠰᠢᠯᠠᠭᠠᠳ ᠬᠤᠪᠬᠤᠷᠠᠨ ᠤᠨᠠᠨ᠎ᠠ᠂ ᠡᠨᠡ ᠦᠶ᠎ᠡ ᠳᠤ ᠰᠠᠶ᠋ᠢ ᠰᠢᠳᠦᠨ ᠤ ᠡᠮᠴᠢ ᠶᠢᠨ ᠬᠠᠪᠰᠤᠷᠤᠯᠭ᠎ᠠ ᠶᠢ ᠤᠯᠬᠤ ᠨᠢ ᠣᠷᠦ᠋ᠢᠲᠠᠳᠠᠭ᠃ ᠰᠢᠳᠦ ᠪᠠᠨ ᠰᠠᠶᠢᠲᠤᠷ ᠱᠤᠸᠠᠰᠠᠳᠠᠵᠤ ᠂ ᠰᠢᠳᠦᠨ ᠤ ᠪᠠᠺᠲ᠋ᠧᠷᠢ ᠶᠢᠨ ᠲᠣᠯᠪᠤ ᠶᠢ ᠬᠢᠵᠠᠭᠠᠷᠯᠠᠵᠤ᠂ ᠲᠣᠭᠲᠠᠭᠰᠠᠨ ᠬᠤᠭᠤᠴᠠᠭ᠎ᠠ ᠲᠠᠢ ᠰᠢᠳᠦᠨ ᠤ ᠲᠣᠭᠤᠷᠢᠨ ᠤ ᠬᠠᠮᠠᠭᠠᠯᠠᠯᠲᠠ ᠪᠣᠯ ᠰᠢᠳᠦᠨ ᠤ ᠲᠣᠭᠤᠷᠢᠨ ᠤ ᠡᠪᠡᠳᠴᠢᠨ ᠢ ᠰᠡᠷᠭᠡᠶᠢᠯᠡᠬᠦ ᠶᠢᠨ ᠵᠠᠩᠭᠢᠯᠠᠭ᠎ᠠ ᠪᠣᠯᠤᠨ᠎ᠠ᠃      ᠨᠢᠭᠡ ᠰᠢᠳᠦ ᠶᠢ ᠵᠠᠰᠠᠬᠤ ᠦᠭᠡᠢ ᠪᠣᠯ ᠪᠦᠬᠦ ᠪᠡᠶ᠎ᠡ ᠡᠪ ᠦᠭᠡᠢ ᠪᠣᠯᠤᠨ᠎ᠠ      ᠰᠢᠳᠦ ᠬᠤᠷᠣᠬᠠᠶᠢᠲᠤᠬᠤ ᠪᠠ ᠰᠢᠳᠦᠨ ᠲᠣᠭᠤᠷᠢᠨ ᠤ ᠡᠪᠡᠳᠴᠢᠨ ᠭᠡᠬᠦ ᠡᠨᠡ ᠬᠤᠶᠠᠷ ᠶᠡᠭᠡ ᠦᠷᠭᠦᠯᠵᠢ ᠲᠣᠬᠢᠶᠠᠯᠳᠤᠳᠠᠭ ᠠᠮᠠᠨ ᠬᠥᠨᠳᠡᠶ ᠶᠢᠨ ᠡᠪᠡᠳᠴᠢᠨ ᠠᠴᠠ ᠪᠣᠯᠤᠭᠰᠠᠨ ᠰᠢᠳᠦ ᠡᠪᠡᠳᠬᠦ᠂ ᠪᠤᠶᠢᠯᠠ ᠤᠯᠠᠶᠢᠵᠤ ᠬᠠᠪᠤᠳᠬᠤ᠂ ᠰᠢᠳᠦ ᠰᠤᠯᠠᠷᠠᠬᠤ ᠵᠡᠷᠭᠡ ᠡᠪᠡᠳᠴᠢᠨ ᠤ ᠢᠯᠡᠷᠡᠯ ᠨᠢ ᠬᠥᠮᠦᠰ ᠤᠨ ᠡᠳᠦᠷ ᠲᠤᠲᠤᠮ ᠤᠨ ᠠᠮᠢᠳᠤᠷᠠᠯ ᠳᠤ ᠲᠦᠪᠡᠭ ᠤᠴᠠᠷᠠᠭᠤᠯᠬᠤ ᠪᠠᠷ ᠪᠠᠷᠠᠬᠤ ᠦᠭᠡᠢ᠂ ᠰᠢᠳᠦ ᠴᠦ ᠠᠯᠳᠠᠭᠳᠠᠨ᠎ᠠ᠃ ᠰᠢᠳᠦ ᠪᠠᠨ ᠠᠯᠳᠠᠭᠰᠠᠨ ᠠᠴᠠ ᠪᠣᠯᠵᠣ ᠵᠠᠵᠢᠯᠬᠤ ᠴᠢᠳᠠᠪᠤᠷᠢ ᠪᠠ ᠭᠤᠸ᠎ᠠ  ᠠᠪᠢᠶᠠᠯᠠᠬᠤ ᠶᠢ ᠨᠥᠯᠥᠭᠡᠯᠡᠵᠦ᠂ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠲᠦᠢᠯ ᠤᠨ ᠶᠡᠭᠡ ᠪᠠᠷ ᠨᠥᠯᠥᠭᠡᠯᠡᠨ᠎ᠡ᠃ ᠡᠭᠦᠨ ᠠᠴᠠ ᠭᠠᠳᠠᠨ᠎ᠠ᠂ ᠣᠯᠠᠨ ᠢᠶᠠᠷ ᠢᠶᠠᠨ ᠪᠠᠰᠠ ᠡᠲᠡᠭᠡᠷ ᠰᠢᠳᠦᠨ ᠤ ᠡᠪᠡᠳᠴᠢᠨ ᠪᠣᠯᠤᠨ ᠪᠥᠬᠦ ᠪᠡᠶ᠎ᠡ ᠶᠢᠨ ᠡᠪᠡᠳᠴᠢᠨ ᠤ ᠨᠢᠭᠲᠠ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃      01ᠰᠢᠬᠢᠷ ᠰᠢᠵᠢᠩ ᠡᠪᠡᠳᠴᠢᠨ      ᠰᠢᠬᠢᠷ ᠰᠢᠵᠢᠩ ᠡᠪᠡᠳᠴᠢᠨ ᠪᠣᠯ ᠨᠢᠭᠡ ᠵᠦᠢᠯ ᠤᠨ ᠴᠢᠰᠤᠨ ᠰᠢᠬᠢᠷ ᠥᠨᠳᠥᠷᠵᠢᠬᠦ ᠪᠠᠷ ᠣᠨᠴᠠᠯᠢᠭ ᠪᠣᠯᠭᠠᠭᠰᠠᠨ ᠰᠢᠬᠢᠷ ᠤᠨ ᠰᠣᠯᠢᠯᠴᠠᠭ᠎ᠠ ᠶᠢᠨ ᠰᠠᠭᠠᠲᠠᠯ ᠤᠨ ᠡᠪᠡᠳᠴᠢᠨ ᠪᠣᠯᠤᠨ᠎ᠠ᠃ ᠰᠢᠬᠢᠷ ᠰᠢᠵᠢᠩ ᠡᠪᠡᠳᠴᠢᠲᠡᠨ ᠠᠮᠠᠷᠬᠠᠨ ᠰᠢᠳᠦᠨ ᠤ ᠲᠣᠭᠤᠷᠢᠨ ᠤ ᠡᠪᠡᠳᠴᠢᠨ ᠳᠤ ᠨᠡᠷᠪᠡᠭᠳᠡᠬᠦ ᠪᠥᠭᠡᠳ ᠰᠢᠳᠦᠨ ᠤ ᠲᠣᠭᠤᠷᠢᠨ ᠤ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠤ ᠢᠯᠡᠷᠡᠯ ᠪᠠ ᠬᠡᠮᠵᠢᠶ᠎ᠡ ᠨᠢ ᠴᠢᠰᠤᠨ ᠰᠢᠬᠢᠷ ᠡᠷᠡᠭᠦᠯ ᠬᠥᠮᠦᠨ ᠠᠴᠠ ᠨᠡᠩ ᠬᠦᠨᠳᠦ᠂ ᠦᠷᠭᠦᠯᠵᠢ ᠰᠢᠳᠦᠨ ᠤ ᠲᠣᠭᠤᠷᠢᠨ ᠳᠤ ᠬᠠᠪᠤᠳᠬᠤ᠂ ᠢᠳᠡᠭᠡᠯᠡᠬᠦ ᠳᠠᠭᠠᠯᠳᠤᠨ᠎ᠠ᠃      ᠨᠥᠭᠦᠭᠡ ᠲᠠᠯ᠎ᠠ ᠪᠠᠷ᠂ ᠬᠦᠨᠳᠦ ᠬᠡᠮᠵᠢᠶᠡᠨ ᠤ ᠰᠢᠳᠦᠨ ᠲᠣᠭᠤᠷᠢᠨ ᠤ ᠦᠷᠪᠢᠰᠦᠯ ᠤᠨ ᠭᠡᠮ ᠨᠢ ᠪᠠᠰᠠ ᠰᠢᠬᠢᠷ ᠰᠢᠵᠢᠩ ᠡᠪᠡᠳᠴᠢᠲᠡᠨ ᠤ ᠴᠢᠰᠤᠨ ᠰᠢᠬᠢᠷ ᠥᠨᠳᠥᠷᠵᠢᠬᠦ ᠶᠢᠨ ᠠᠶᠤᠯᠲᠤ ᠡᠯᠧᠮᠧᠨ᠋ᠲ ᠤᠨ ᠨᠢᠭᠡ ᠪᠣᠯᠤᠨ᠎ᠠ᠃ ᠰᠢᠬᠢᠷ ᠰᠢᠵᠢᠩ ᠡᠪᠡᠳᠴᠢᠨ ᠲᠠᠢ ᠰᠢᠳᠦᠨ ᠲᠣᠭᠤᠷᠢᠨ ᠤ ᠦᠷᠪᠢᠰᠦᠯ ᠲᠠᠢ ᠡᠪᠡᠳᠴᠢᠲᠡᠨ ᠤ ᠴᠢᠰᠤᠨ ᠰᠢᠬᠢᠷ ᠢ ᠬᠢᠵᠠᠭᠠᠷᠯᠠᠬᠤ ᠨᠢ ᠰᠢᠳᠦᠨ ᠲᠣᠭᠤᠷᠢᠨ ᠤ ᠦᠷᠪᠢᠰᠦᠯ ᠦᠭᠡᠢ ᠡᠪᠡᠳᠴᠢᠲᠡᠨ ᠢ ᠬᠤᠯᠠ ᠬᠦᠷᠬᠦ ᠦᠭᠡᠢ᠂ ᠬᠠᠷᠢᠨ ᠲᠦᠢᠯᠪᠤᠷᠢᠲᠠᠶ ᠪᠥᠭᠡᠳ ᠪᠦᠲᠦᠮᠵᠢᠲᠡᠶ ᠰᠢᠳᠦᠨ ᠲᠣᠭᠤᠷᠢᠨ ᠤ ᠡᠮᠴᠢᠯᠡᠭᠡ ᠬᠢᠪᠡᠯ ᠰᠢᠳᠦᠨ ᠲᠣᠭᠤᠷᠢᠨ ᠤ ᠡᠪᠡᠳᠴᠢᠨ ᠤ ᠠᠬᠢᠴᠠ ᠶᠢ ᠬᠢᠵᠠᠭᠠᠷᠯᠠᠬᠤ ᠪᠠᠷ ᠪᠠᠷᠠᠬᠤ ᠦᠭᠡᠢ᠂ ᠪᠠᠰᠠ ᠰᠢᠬᠢᠷ ᠰᠢᠵᠢᠩ ᠡᠪᠡᠳᠴᠢᠲᠡᠨ ᠤ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠢ ᠮᠡᠳᠡᠭᠳᠡᠮ᠎ᠡ ᠰᠠᠶᠢᠵᠢᠷᠠᠭᠤᠯᠵᠤ᠂ ᠢ ᠳ᠋ᠤᠤ ᠰᠦ ᠶᠢᠨ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠵᠤ᠂ ᠰᠢᠬᠢᠷ ᠰᠢᠵᠢᠩ ᠡᠪᠡᠳᠴᠢᠨ ᠤ ᠡᠮᠴᠢᠯᠡᠭᠡᠨ ᠤ ᠦᠷ᠎ᠡ ᠳ᠋ᠦᠩ ᠢ ᠨᠡᠮᠡᠭᠳᠡᠭᠦᠯᠦᠨ᠎ᠡ᠃      02 ᠵᠢᠷᠦᠬᠡ ᠴᠢᠰᠤᠨ ᠰᠤᠳᠠᠯ ᠤᠨ ᠡᠪᠡᠳᠴᠢᠨ      ᠰᠢᠳᠦᠨ ᠲᠣᠭᠤᠷᠢᠨ ᠤ ᠡᠪᠡᠳᠴᠢᠨ ᠪᠣᠯ ᠵᠢᠷᠦᠬᠡ ᠴᠢᠰᠤᠨ ᠰᠤᠳᠠᠯ ᠤᠨ ᠡᠪᠡᠳᠴᠢᠨ ᠤ ᠴᠢᠬᠤᠯᠠ ᠠᠶᠤᠯᠲᠤ ᠡᠯᠧᠮᠧᠨ᠋ᠲ ᠮᠥᠨ᠂ ᠴᠢᠨᠠᠭᠰᠢᠯᠠᠪᠠᠯ ᠪᠡᠶ᠎ᠡ ᠪᠠᠨ ᠳᠠᠭᠠᠭᠠᠭᠰᠠᠨ ᠠᠶᠤᠯᠲᠤ ᠡᠯᠧᠮᠧᠨ᠋ᠲ ᠴᠦ ᠪᠠᠶᠢᠵᠤ ᠮᠡᠳᠡᠨ᠎ᠡ᠂ ᠡᠨᠡ ᠬᠤᠶᠠᠷ ᠪᠣᠯ ᠨᠢᠭᠲᠠ ᠬᠠᠷᠢᠴᠠᠭ᠎ᠠ ᠲᠠᠢ ᠪᠠᠶᠢᠳᠠᠭ᠃ ᠥᠭᠡᠷ᠎ᠡ ᠪᠠᠷ ᠬᠡᠯᠡᠪᠡᠯ᠂ ᠰᠢᠳᠦᠨ ᠲᠣᠭᠤᠷᠢᠨ ᠤ ᠡᠪᠡᠳᠴᠢᠲᠡᠨ ᠨᠠᠩ ᠠᠮᠠᠷᠬᠠᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠨ᠎ᠡ᠃ ᠥᠩᠭᠡᠷᠡᠭᠰᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠢᠯᠡᠷᠡᠭᠦᠯᠦᠭᠰᠡᠨ ᠢᠶᠠᠷ᠂ ᠰᠢᠳᠦᠨ ᠲᠣᠭᠤᠷᠢᠨ ᠤ ᠡᠪᠡᠳᠴᠢᠨ ᠠᠴᠠ ᠪᠣᠯᠵᠣ ᠰᠢᠳᠦ ᠠᠯᠳᠠᠭᠰᠠᠨ ᠬᠥᠮᠦᠰ ᠤᠨ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠨᠢᠭᠡ ᠳᠠᠬᠢᠨ ᠰᠢᠬᠠᠮ ᠳᠡᠭᠡᠭᠰᠢᠯᠡᠭᠰᠡᠨ ᠪᠠᠶᠢᠨ᠎ᠠ᠃      ᠵᠢᠷᠦᠬᠡ ᠴᠢᠰᠤᠨ ᠰᠤᠳᠠᠯ ᠤᠨ ᠡᠪᠡᠳᠴᠢᠨ ᠤ ᠠᠰᠠᠭᠤᠳᠠᠯ ᠨᠢ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ᠂ ᠳᠠᠷᠤᠶ ᠯᠤᠭᠰᠢᠭᠤᠨ ᠰᠤᠳᠠᠯ ᠤᠨ ᠴᠢᠰᠤᠨ ᠰᠤᠳᠠᠯ ᠤᠨ ᠳᠣᠲᠣᠷ ᠬᠠᠨ᠎ᠠ ᠳᠤ ᠲᠣᠯᠪᠤ ᠪᠦᠷᠢᠯᠳᠦᠬᠦ ᠳᠤ ᠣᠷᠣᠰᠢᠨ᠎ᠠ᠃ ᠰᠢᠳᠦᠨ ᠤ ᠲᠣᠭᠤᠷᠢᠨ ᠤ ᠡᠪᠡᠳᠴᠢᠨ ᠤ ᠡᠪᠡᠳᠴᠢᠯᠡᠭᠦᠯᠬᠦ ᠪᠠᠺᠲ᠋ᠧᠷᠢ ᠨᠢ ᠡᠪᠡᠳᠴᠢᠯᠡᠭᠰᠡᠨ ᠰᠢᠳᠦᠨ ᠤ ᠲᠣᠭᠤᠷᠢᠨ ᠤ ᠨᠡᠬᠡᠳᠡᠰᠦ ᠶᠢᠨ ᠰᠢᠷᠬᠠᠯᠠᠭ᠎ᠠ ᠶᠢᠨ ᠲᠠᠯ᠎ᠠ ︵ᠰᠢᠳᠦᠨ ᠤ ᠲᠣᠭᠤᠷᠢᠨ ᠤ ᠤᠭᠤᠲᠠ ᠶᠢᠨ ᠳᠣᠲᠣᠷ ᠬᠠᠨ᠎ᠠ︶᠎ ᠪᠠᠷ ᠳᠠᠮᠵᠢᠨ ᠴᠢᠰᠤᠨ ᠳᠤ ᠣᠷᠣᠵᠤ᠂ ᠴᠢᠰᠤᠨ ᠤ ᠡᠷᠭᠢᠯᠲᠡ ᠪᠠᠷ ᠳᠠᠮᠵᠢᠨ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠭᠰᠠᠨ ᠬᠡᠰᠡᠭ ᠲᠤ ᠲᠠᠷᠬᠠᠵᠤ᠂ ᠡᠭᠦᠨ ᠤ ᠤᠯᠠᠮ ᠠᠴᠠ ᠬᠤᠣᠷ ᠬᠥᠨᠥᠭᠡᠯ ᠡᠭᠦᠰᠭᠡᠳᠡᠭ᠃ ᠰᠢᠳᠦᠨ ᠤ ᠲᠣᠭᠤᠷᠢᠨ ᠤ ᠡᠪᠡᠳᠴᠢᠲᠡᠨ ᠪᠦᠷᠢᠨ ᠲᠡᠭᠦᠯᠳᠡᠷ ᠰᠢᠳᠦᠨ ᠤ ᠲᠣᠭᠤᠷᠢᠨ ᠤ ᠡᠮᠴᠢᠯᠡᠭᠡ ᠶᠢ ᠬᠦᠯᠢᠶᠡᠵᠦ᠂ ᠦᠷᠪᠢᠰᠦᠯ ᠢ ᠬᠤᠷᠢᠭᠯᠠᠵᠤ᠂ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠠᠶᠤᠯ ᠲᠦᠭᠰᠢᠭᠦᠷᠢ ᠶᠢ ᠪᠠᠭᠠᠰᠬᠠᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠭᠦᠰᠬᠦ ᠲᠣᠬᠢᠶᠠᠯᠳᠤᠮᠵᠢ ᠶᠢ ᠳᠣᠷᠣᠭᠰᠢᠯᠠᠭᠤᠯᠤᠨ᠎ᠠ᠃      03 ᠵᠢᠷᠮᠦᠰᠦᠨ ᠬᠤᠭᠤᠴᠠᠭᠠᠨ ᠳᠠᠬᠢ ᠪᠤᠶᠢᠯᠠ ᠶᠢᠨ ᠦᠷᠪᠢᠰᠦᠯ᠂ ᠪᠤᠶᠢᠯᠠ ᠶᠢᠨ ᠬᠠᠪᠤᠳᠠᠷ ᠪᠠ ᠪᠡᠶ᠎ᠡ ᠶᠢᠨ ᠬᠦᠨᠳᠦ ᠨᠢ ᠳᠣᠣᠷ᠎ᠠ ᠬᠡᠦᠬᠡᠳ      ᠵᠢᠷᠮᠦᠰᠦᠨ ᠡᠮᠡᠭᠲᠡᠶ ᠬᠡᠷᠪᠡ ᠵᠢᠷᠮᠦᠰᠦᠯᠡᠬᠦ ᠠᠴᠠ ᠡᠮᠦᠨ᠎ᠡ ᠰᠢᠳᠦᠨ ᠲᠣᠭᠤᠷᠢᠨ ᠤ ᠡᠪᠡᠳᠴᠢᠨ ᠢ ᠰᠠᠶᠢᠨ ᠬᠢᠵᠠᠭᠠᠷᠯᠠᠵᠤ ᠳᠡᠶᠢᠯᠬᠦ ᠦᠭᠡᠢ ᠪᠣᠯ ᠵᠢᠷᠮᠦᠰᠦᠨ ᠬᠤᠭᠤᠴᠠᠭᠠᠨ ᠳᠤ ᠪᠤᠶᠢᠯᠠ ᠶᠢᠨ ᠦᠷᠪᠢᠰᠦᠯ ᠨᠢ ᠤᠯᠠᠮ ᠬᠦᠨᠳᠦᠷᠡᠨ᠎ᠡ᠃ ᠵᠢᠷᠮᠦᠰᠦᠨ ᠬᠤᠭᠤᠴᠠᠭᠠᠨ ᠳᠠᠬᠢ ᠡᠮᠡᠭᠲᠡᠶᠢᠴᠦᠳ ᠤᠨ ᠪᠡᠶ᠎ᠡ ᠶᠢᠨ ᠳᠣᠲᠣᠷᠠᠬᠢ ᠬᠤᠷᠮᠣᠨ ᠤ ᠲᠦᠪᠰᠢᠨ ᠳᠡᠭᠡᠭᠰᠢᠯᠡᠪᠡᠯ ᠪᠤᠶᠢᠯᠠ ᠶᠢᠨ ᠴᠢᠰᠤᠨ ᠰᠤᠳᠠᠯ ᠲᠡᠯᠡᠭᠳᠡᠵᠦ᠂ ᠤᠤᠯ ᠤᠨ ᠪᠠᠶᠢᠭᠰᠠᠨ ᠪᠤᠶᠢᠯᠠ ᠶᠢᠨ ᠦᠷᠪᠢᠰᠦᠯ ᠢ ᠬᠦᠨᠳᠦᠷᠡᠭᠦᠯᠦᠨ᠎ᠡ᠃ ᠵᠢᠷᠮᠦᠰᠦᠨ ᠪᠦᠰᠡᠭᠦᠶ ᠶᠢᠨ ᠰᠢᠳᠦᠨ ᠠᠴᠠ ᠴᠢᠰᠤ ᠭᠠᠷᠬᠤ᠂ ᠤᠯᠠᠶᠢᠵᠤ ᠬᠠᠪᠤᠳᠬᠤ ᠨᠢ ᠬᠦᠨᠳᠦᠷᠡᠬᠦ᠂ ᠴᠢᠨᠠᠭᠰᠢᠯᠠᠪᠠᠯ ᠰᠢᠳᠦᠨ ᠤ ᠪᠦᠢᠯᠡ ᠶᠢᠨ ᠨᠡᠮᠡᠭᠳᠡᠯ ᠨᠢ ᠬᠤᠭᠤᠯᠠ ᠤᠮᠳᠠ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠣᠶᠣᠨ ᠰᠠᠨᠠᠭᠠᠨ ᠤ ᠲᠠᠯ᠎ᠠ ᠶᠢᠨ ᠳᠠᠷᠤᠯᠲᠠ ᠶᠢ ᠪᠣᠢ ᠪᠣᠯᠭᠠᠬᠤ ᠪᠠᠷ ᠪᠠᠷᠠᠬᠤ ᠦᠭᠡᠢ ᠪᠠᠰᠠ ᠰᠡᠳᠬᠢᠯ ᠰᠠᠨᠠᠭᠠᠨ ᠤ ᠲᠠᠯ᠎ᠠ ᠶᠢᠨ ᠳᠠᠷᠤᠯᠲᠠ ᠶᠢ ᠪᠣᠢ ᠪᠣᠯᠭᠠᠳᠠᠭ᠃ ᠡᠭᠦᠨ ᠠᠴᠠ ᠭᠠᠳᠠᠨ᠎ᠠ᠂ ᠵᠢᠷᠮᠦᠰᠦᠨ ᠬᠤᠭᠤᠴᠠᠭᠠᠨ ᠳᠠᠬᠢ ᠬᠢᠵᠠᠭᠠᠷᠯᠠᠭ᠎ᠠ ᠦᠭᠡᠢ ᠰᠢᠳᠦᠨ ᠲᠣᠭᠤᠷᠢᠨ ᠤ ᠦᠷᠪᠢᠰᠦᠯ ᠨᠢ ᠴᠦ ᠵᠢᠷᠮᠦᠰᠦᠨ ᠪᠦᠰᠡᠭᠦᠶ ᠶᠢᠨ ᠡᠷᠲᠡ ᠬᠥᠩᠭᠡᠵᠢᠬᠦ ︵ᠵᠢᠷᠮᠦᠰᠦᠨ ᠬᠤᠭᠤᠴᠠᠭᠠᠨ ᠤ ︽37 ᠭᠠᠷᠠᠭ︶ ᠪᠠ ᠪᠡᠶ᠎ᠡ ᠶᠢᠨ ᠬᠦᠨᠳᠦ ᠨᠢ ᠳᠣᠣᠷ᠎ᠠ ᠬᠡᠦᠬᠡᠳ ᠤᠨ ︽2500 ᠭᠷᠠᠮ︶᠎ ᠶᠢᠨ ᠲᠦᠭᠰᠢᠭᠦᠷᠢ ᠶᠢ ᠨᠡᠮᠡᠭᠳᠡᠭᠦᠯᠦᠨ᠎ᠡ᠃      ᠡᠶᠢᠮᠦ ᠠᠴᠠ ᠵᠣᠬᠢᠬᠤ ᠨᠠᠰᠤᠨ ᠤ ᠡᠮᠡᠭᠲᠡᠶᠢᠴᠦᠳ ᠤᠨ ᠵᠢᠷᠮᠦᠰᠦᠨ ᠬᠤᠭᠤᠴᠠᠭᠠᠨ ᠳᠤ ᠰᠢᠳᠦᠨ ᠲᠣᠭᠤᠷᠢᠨ ᠤ ᠪᠠᠶᠢᠴᠠᠭᠠᠯᠲᠠ ᠬᠢᠵᠦ᠂ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠡᠮᠨᠡᠨ ᠵᠠᠰᠠᠬᠤ ᠶᠢ ᠰᠠᠨᠠᠭᠤᠯᠵᠤ ᠪᠠᠶᠢᠨ᠎ᠠ᠃ ᠵᠢᠷᠮᠦᠰᠦᠨ ᠬᠤᠭᠤᠴᠠᠭᠠᠨ ᠳᠠᠭᠠᠨ ᠠᠮᠠᠨ ᠬᠥᠨᠳᠡᠶ ᠶᠢᠨ ᠡᠷᠡᠭᠦᠯ ᠬᠠᠮᠠᠭᠠᠯᠠᠯ ᠢ ᠠᠩᠬᠠᠷᠴᠤ᠂ ᠰᠢᠳᠦᠨ ᠲᠣᠭᠤᠷᠢᠨ ᠤ ᠡᠷᠡᠭᠦᠯ ᠮᠡᠨᠳᠦ ᠶᠢ ᠬᠠᠮᠠᠭᠠᠯᠠᠨ᠎ᠠ᠃      04 ᠠᠷᠽᠾᠸᠢᠢᠮᠤᠷ ᠡᠪᠡᠳᠴᠢᠨ      ᠠᠷᠽᠾᠸᠢᠢᠮᠤᠷ ᠡᠪᠡᠳᠴᠢᠨ ᠪᠣᠯ ᠨᠢᠭᠡ ᠵᠦᠢᠯ ᠤᠨ ᠲᠥᠪ ᠮᠡᠳᠡᠷᠡᠯ ᠤᠨ ᠳᠣᠷᠦ᠋ᠢᠲᠠᠯ ᠤᠨ ᠴᠢᠨᠠᠷᠲᠠᠢ ᠡᠪᠡᠳᠴᠢᠨ ᠮᠥᠨ᠂ ᠨᠠᠰᠤᠲᠠᠶᠢᠴᠤᠳ ᠲᠤ ᠣᠯᠠᠨ ᠲᠣᠬᠢᠶᠠᠯᠳᠤᠳᠠᠭ᠂ ᠲᠠᠨᠢᠨ ᠮᠡᠳᠡᠬᠦᠢ ᠶᠢᠨ ᠴᠢᠳᠠᠪᠤᠷᠢ ᠶᠢᠨ ᠰᠠᠭᠠᠲᠠᠯ ᠪᠠ ᠦᠢᠯᠡ ᠠᠵᠢᠯᠯᠠᠭ᠎ᠠ ᠶᠢᠨ ᠬᠤᠪᠢᠷᠠᠯᠲᠠ ᠪᠠᠷ ᠢᠯᠡᠷᠡᠳᠡᠭ᠃ ᠣᠶᠢᠷ᠎ᠠ ᠶᠢᠨ ᠵᠢᠯ ᠤᠨ ᠰᠤᠳᠤᠯᠭᠠᠨ ᠠᠴᠠ ᠦᠵᠡᠪᠡᠯ᠂ ᠰᠢᠳᠦᠨ ᠲᠣᠭᠤᠷᠢᠨ ᠤ ᠡᠪᠡᠳᠴᠢᠨ ᠤ ᠨᠢᠭᠡ ᠵᠦᠶ᠋ᠯ ᠤᠨ ᠭᠤᠤᠯ ᠪᠣᠯᠬᠤ ᠡᠪᠡᠳᠴᠢᠯᠡᠭᠦᠯᠬᠦ ᠪᠠᠺᠲ᠋ᠧᠷᠢ ᠨᠢ ᠡᠶᠢᠮᠦ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠭᠰᠡᠨ ᠮᠥᠷᠲᠡᠭᠡᠨ ᠪᠠᠰᠠ ᠡᠶᠢᠮᠦ ᠡᠪᠡᠳᠴᠢᠨ ᠤ ᠨᠠᠩ ᠲᠦᠷᠭᠡᠨ ᠬᠥᠭᠵᠢᠯᠲᠡ ᠲᠠᠢ ᠬᠤᠯᠪᠣᠭ᠎ᠠ ᠲᠠᠢ ᠶᠤᠮ᠃      ᠰᠢᠳᠦ ᠶᠢ ᠬᠠᠮᠠᠭᠠᠯᠠᠨ ᠰᠢᠳᠦ ᠶᠢ ᠰᠠᠶᠢᠵᠢᠷᠠᠭᠤᠯᠬᠤ ᠭᠤᠷᠪᠠᠨ ᠶᠡᠭᠡ ᠵᠠᠷᠴᠢᠮ      1. ᠵᠥᠪ ᠰᠢᠳᠦ ᠪᠠᠨ ᠤᠬᠢᠶᠠᠵᠤ᠂ ᠴᠡᠪᠡᠷᠯᠡᠬᠦ ᠶᠢ ᠰᠠᠶᠢᠨ ᠬᠢᠬᠦ ᠬᠡᠷᠡᠭᠲᠡᠢ      ᠡᠳᠦᠷ ᠪᠦᠷᠢ ᠥᠷᠯᠥᠭᠡ ᠦᠳᠡᠰᠢ ᠲᠣᠰ ᠪᠦᠷᠢ ᠨᠢᠭᠡ ᠤᠳᠠᠭ᠎ᠠ ᠰᠢᠳᠦ ᠪᠠᠨ ᠱᠤᠸᠠᠰᠠᠳᠠᠨ᠎ᠠ᠂ ᠤᠳᠠᠭ᠎ᠠ ᠪᠦᠷᠢ 3 ᠮᠢᠨᠦ᠋ᠲ ᠠᠴᠠ ᠳᠤᠲᠠᠭᠤ ᠪᠠᠶᠢᠵᠤ ᠪᠣᠯᠬᠤ ᠦᠭᠡᠢ᠂ ᠣᠷᠣᠢ ᠰᠢᠳᠦ ᠪᠠᠨ ᠤᠬᠢᠶᠠᠭᠰᠠᠨ ᠤ ᠳᠠᠷᠠᠭ᠎ᠠ ᠬᠤᠭᠤᠯᠠ ᠢᠳᠡᠬᠦ ᠦᠭᠡᠢ ᠪᠣᠯ ᠤᠨᠲᠠᠬᠤ ᠠᠴᠠ ᠪᠠᠨ ᠡᠮᠦᠨ᠎ᠡ ᠱᠤᠸᠠᠰᠠᠳᠠᠬᠤ ᠶᠢ ᠰᠠᠨᠠᠭᠤᠯᠤᠨ᠎ᠠ᠃ ᠴᠠᠶ ᠪᠤᠶᠤ ᠺᠤᠹᠤ ᠤᠤᠭᠤᠭᠰᠠᠨ ᠤ ᠳᠠᠷᠠᠭ᠎ᠠ ᠠᠮᠠ ᠪᠠᠨ ᠵᠠᠶᠢᠯᠵᠤ᠂ ᠰᠢᠳᠦ ᠪᠠᠨ ᠤᠬᠢᠶᠠᠬᠤ ᠴᠢᠬᠤᠯᠠ ᠦᠭᠡᠶ᠃      ᠳᠤᠮᠳᠠ ᠵᠡᠷᠭᠡ ᠶᠢᠨ ᠵᠥᠭᠡᠯᠡᠨ ᠦᠰᠦ ᠲᠠᠢ ᠰᠢᠳᠦᠨ ᠱᠤᠸᠠᠰᠠ ᠶᠢ ᠬᠡᠷᠡᠭᠯᠡᠵᠦ᠂ ᠲᠡᠭᠰᠢ ᠴᠡᠴᠡᠷᠬᠢᠯᠡᠨ ᠢᠯᠪᠢᠬᠦ ᠠᠷᠭ᠎ᠠ ᠪᠠᠷ ᠰᠢᠳᠦ ᠪᠠᠨ ᠱᠤᠸᠠᠰᠠᠳᠠᠬᠤ ᠶᠢ ᠰᠠᠨᠠᠭᠤᠯᠵᠤ ᠪᠠᠶᠢᠨ᠎ᠠ᠂ ᠰᠢᠳᠦ ᠱᠤᠸᠠᠰᠠᠳᠠᠬᠤ ᠶᠠᠪᠤᠴᠠ ᠶᠢᠨ ᠡᠷᠴᠢᠮ ᠨᠢ ᠲᠣᠬᠢᠷᠠᠮᠵᠢᠲᠠᠶ ᠪᠠᠶᠢᠵᠤ᠂ ᠪᠤᠶᠢᠯᠠ ᠳᠤ ᠡᠪᠡᠳᠬᠦ ᠲᠥᠷᠥᠭᠳᠡᠯ ᠥᠬᠡᠶ ᠪᠠᠶᠢᠪᠠᠯ ᠵᠣᠬᠢᠨ᠎ᠠ᠂ ᠡᠷᠬᠡᠪᠰᠢ ︽ᠪᠥᠬᠦ ᠲᠠᠯ᠎ᠠ ᠶᠢ ᠬᠠᠮᠤᠷᠬᠤ︾ ᠬᠡᠷᠡᠭᠲᠡᠶ᠃      ᠤᠷᠢᠳ ᠢᠶᠠᠷ ᠬᠠᠴᠠᠷ ᠤᠨ ᠬᠠᠵᠠᠭᠤ ᠪᠠᠷ ᠱᠤᠸᠠᠰᠠᠳᠠᠵᠤ᠂ ᠰᠢᠳᠦᠨ ᠤ ᠱᠤᠸᠠᠰᠠ ᠪᠠᠨ ᠰᠢᠳᠦ ᠪᠣᠯᠤᠨ ᠪᠤᠶᠢᠯᠠ ᠶᠢᠨ ᠠᠭᠤᠯᠵᠠᠷ ᠲᠤ ᠬᠠᠨᠳᠤᠭᠤᠯᠵᠤ᠂ ᠦᠰᠦ ᠪᠣᠯᠤᠨ ᠰᠢᠳᠦ ᠶᠢ ᠶᠡᠭᠡ ᠲᠥᠯᠥᠪ 45°᠎ ᠤᠨ ᠥᠨᠴᠥᠭ ᠢᠶᠠᠷ ᠱᠤᠸᠠᠰᠠᠳᠠᠨ᠎ᠠ᠃ ᠰᠢᠳᠦᠨ ᠤ ᠵᠦᠭ ᠲᠣᠯᠣᠭᠠᠶ ᠪᠠᠨ ᠬᠥᠩᠭᠡᠬᠡᠨ ᠳᠠᠷᠤᠵᠤ᠂ ᠦᠰᠦ ᠪᠠᠨ ᠰᠢᠳᠦᠨ ᠤ ᠭᠠᠳᠠᠷ ᠬᠡᠯᠪᠡᠷᠢ ᠳᠤ ᠨᠠᠭᠠᠯᠳᠤᠭᠤᠯᠤᠨ᠎ᠠ᠃      ᠳᠠᠷᠠᠭ᠎ᠠ ᠨᠢ ᠲᠣᠯᠣᠭᠠᠶ ᠪᠠᠨ ᠱᠤᠸᠠᠰᠠᠳᠠᠨ ᠪᠠᠭ᠎ᠠ ᠬᠡᠪᠴᠢᠶ᠎ᠡ ᠪᠠᠷ ᠡᠮᠦᠨᠡᠰᠢ ᠬᠤᠶᠢᠰᠢ ᠴᠡᠴᠡᠷᠬᠢᠯᠡᠵᠦ᠂ 8~10 ᠤᠳᠠᠭ᠎ᠠ ᠳᠠᠪᠲᠠᠨ᠎ᠠ᠃ ᠳᠠᠬᠢᠨ ᠱᠤᠸᠠᠰᠠ ᠶᠢᠨ ᠲᠣᠯᠣᠭᠠᠶ ᠶᠢ ᠬᠠᠵᠠᠵᠤ ᠨᠡᠶᠢᠯᠡᠬᠦ ᠲᠠᠯ᠎ᠠ ᠵᠦᠭ ᠡᠷᠭᠢᠯᠳᠦᠭᠦᠯᠦᠨ ᠱᠤᠸᠠᠰᠠᠳᠠᠨ᠎ᠠ᠃ ᠳᠠᠷᠠᠭ᠎ᠠ ᠨᠢ ᠤᠷᠤᠭᠰᠢ ᠪᠠᠨ ᠰᠢᠳᠦᠨ ᠤ ᠱᠤᠸᠠᠰᠠ ᠪᠠᠨ ᠰᠢᠯᠵᠢᠭᠦᠯᠵᠦ᠂ ᠬᠡᠳᠦ ᠤᠳᠠᠭ᠎ᠠ ᠳᠠᠬᠢᠨ ᠳᠠᠪᠲᠠᠨ ᠬᠡᠯᠡᠨ ᠤ ᠬᠠᠵᠠᠭᠤ ᠶᠢᠨ ᠰᠢᠳᠦᠨ ᠤ ᠭᠠᠳᠠᠷᠭᠤ ᠶᠢ ᠳᠠᠷᠠᠭᠠᠯᠠᠨ ᠱᠤᠸᠠᠰᠠᠳᠠᠨ᠎ᠠ᠃      ᠵᠠᠭᠤᠬᠤ ᠲᠠᠯ᠎ᠠ ᠶᠢ ᠮᠥᠨ ᠴᠦ ᠪᠠᠭ᠎ᠠ ᠬᠡᠪᠴᠢᠶ᠎ᠡ ᠪᠠᠷ ᠳᠠᠬᠢᠨ ᠳᠠᠪᠲᠠᠨ ᠱᠤᠸᠠᠰᠠᠳᠠᠨ᠎ᠠ᠂ ᠤᠳᠠᠭ᠎ᠠ ᠪᠦᠷᠢ 2~3 ᠰᠢᠳᠦ ᠲᠠᠢ᠃      ᠱᠤᠸᠠᠰᠠᠳᠠᠬᠤ ᠠᠴᠠ ᠡᠮᠦᠨ᠎ᠡ ᠰᠢᠳᠦᠨ ᠤ ᠬᠡᠯᠡᠨ ᠤ ᠬᠠᠵᠠᠭᠤ ᠪᠠᠷ ᠱᠤᠸᠠᠰᠠᠳᠠᠬᠤ ᠳᠠᠭᠠᠨ ᠱᠤᠸᠠᠰᠠ ᠪᠠᠨ ᠪᠣᠰᠬᠠᠭᠠᠳ ᠬᠡᠷᠡᠭᠯᠡᠬᠦ ᠳᠤ ᠨᠡᠩ ᠳᠥᠭᠦᠮ ᠪᠣᠯᠭᠠᠬᠤ ᠬᠡᠷᠡᠭᠲᠡᠶ᠃ ᠲᠣᠯᠣᠭᠠᠶ ᠪᠠᠨ ᠱᠤᠸᠠᠰᠠᠳᠠᠬᠤ ᠳᠠᠭᠠᠨ ᠬᠠᠮᠤᠭ ᠰᠡᠭᠦᠯᠴᠢ ᠶᠢᠨ ᠨᠢᠭᠡ ᠰᠢᠳᠦᠨ ᠤ ᠳᠤᠮᠳᠠ ᠲᠠᠯ᠎ᠠ ᠶᠢ ᠬᠠᠭᠠᠰ ᠡᠷᠭᠢᠭᠦᠯᠬᠦ ᠶᠢ ᠠᠩᠬᠠᠷᠬᠤ ᠬᠡᠷᠡᠭᠲᠡᠶ᠂ ᠰᠢᠳᠦ ᠪᠠᠨ ᠣᠷᠬᠢᠭᠳᠠᠭᠤᠯᠵᠤ ᠪᠣᠯᠬᠤ ᠦᠭᠡᠢ᠃      6 ᠨᠠᠰᠤᠨ ᠠᠴᠠ ᠳᠡᠭᠡᠭᠰᠢᠬᠢ ᠬᠡᠦᠬᠡᠳ ᠲᠤ ᠪᠣᠯ ᠭᠡᠷ ᠤᠨ ᠠᠬᠠᠮᠠᠳ ᠨᠢ ᠬᠡᠦᠬᠡᠳ ᠤᠨ ᠢᠶᠠᠨ ᠰᠢᠳᠦ ᠶᠢ ᠤᠬᠢᠶᠠᠭᠰᠠᠨ ᠤ ᠳᠠᠷᠠᠭ᠎ᠠ ᠪᠠᠶᠢᠴᠠᠭᠠᠯᠲᠠ ᠬᠢᠬᠦ ᠶᠢ ᠰᠠᠨᠠᠭᠤᠯᠤᠨ᠎ᠠ︔ 6 ᠨᠠᠰᠤᠨ ᠠᠴᠠ ᠳᠣᠷᠣᠭᠰᠢᠬᠢ ᠬᠡᠦᠬᠡᠳ ᠲᠤ ᠭᠡᠷ ᠤᠨ ᠠᠬᠠᠮᠠᠳ ᠤᠨ ᠵᠢᠯᠣᠭᠤᠳᠣᠯᠭ᠎ᠠ ᠪᠠ ᠬᠢᠨᠠᠯᠲᠠ ᠳᠣᠣᠷ᠎ᠠ ᠰᠢᠳᠦ ᠪᠠᠨ ᠱᠤᠸᠠᠰᠠᠳᠠᠬᠤ ᠶᠢ ᠰᠠᠨᠠᠭᠤᠯᠤᠶ᠎ᠠ᠃      ᠠᠩᠬᠠᠷᠬᠤ ᠴᠢᠬᠤᠯᠠᠲᠠᠶ ᠵᠦᠢᠯ ᠭᠡᠪᠡᠯ᠂ ᠵᠥᠪ ᠣᠨᠣᠪᠴᠢᠲᠠᠶ ᠰᠢᠳᠦ ᠪᠠᠨ ᠱᠤᠸᠠᠰᠠᠳᠠᠬᠤ ᠠᠴᠠ ᠭᠠᠳᠠᠨ᠎ᠠ᠂ ᠬᠤᠭᠤᠯᠠᠨ ᠤ ᠳᠠᠷᠠᠭ᠎ᠠ ᠰᠢᠳᠦᠨ ᠤ ᠤᠲᠠᠰᠤ ᠪᠠᠷ ᠰᠢᠳᠦᠨ ᠤ ᠵᠠᠪᠰᠠᠷ ᠢ ᠴᠡᠪᠡᠷᠯᠡᠬᠦ ᠨᠢ ᠴᠦ ᠮᠠᠰᠢ ᠴᠢᠬᠤᠯᠠ ᠪᠠᠶᠢᠳᠠᠭ ᠃ ᠰᠢᠳᠦᠨ ᠤ ᠵᠠᠪᠰᠠᠷ ᠢᠶᠠᠷ ᠨᠡᠯᠢᠶᠡᠳ ᠶᠡᠭᠡ ᠬᠡᠰᠡᠭ ᠲᠤ ᠡᠮᠴᠢ ᠶᠢᠨ ᠵᠢᠭᠠᠪᠤᠷᠢ ᠪᠠᠷ ᠶᠡᠭᠡ ᠪᠠᠭ᠎ᠠ ᠨᠢ ᠲᠣᠬᠢᠷᠠᠮᠵᠢᠲᠠᠶ ᠰᠢᠳᠦᠨ ᠤ ᠵᠠᠪᠰᠠᠷ ᠤᠨ ᠱᠤᠸᠠᠰᠠ ︵ᠰᠢᠳᠦᠨ ᠤ ᠵᠠᠪᠰᠠᠷ ᠤᠨ ᠱᠤᠸᠠᠰᠠ︶᠎ ᠶᠢ ᠬᠡᠷᠡᠭᠯᠡᠵᠦ ᠪᠣᠯᠤᠨ᠎ᠠ᠃ ᠰᠢᠳᠦᠨ ᠤ ᠤᠲᠠᠰᠤ ᠶᠢ ᠵᠥᠪ ᠣᠨᠣᠪᠴᠢᠲᠠᠶ ᠬᠡᠷᠡᠭᠯᠡᠬᠦ ᠳᠤ ᠡᠮᠴᠢ ᠶᠢᠨ ᠵᠢᠭᠠᠪᠤᠷᠢ ᠪᠠᠷ ᠰᠢᠳᠦᠨ ᠤ ᠵᠠᠪᠰᠠᠷ ᠢ ᠬᠡᠷᠡᠭᠯᠡᠬᠦ ᠨᠢ ᠰᠢᠳᠦᠨ ᠤ ᠵᠠᠪᠰᠠᠷ ᠢ ᠶᠡᠬᠡᠰᠬᠡᠬᠦ ᠥᠬᠡᠶ ᠮᠥᠷᠲᠡᠭᠡᠨ ᠠᠮᠠᠨ ᠬᠥᠨᠳᠡᠶ ᠶᠢᠨ ᠡᠷᠡᠭᠦᠯ ᠬᠠᠮᠠᠭᠠᠯᠠᠯ ᠢ ᠪᠠᠲᠤᠯᠠᠵᠤ᠂ ᠰᠢᠳᠦᠨ ᠤ ᠲᠣᠭᠤᠷᠢᠨ ᠤ ᠦᠷᠪᠢᠰᠦᠯ ᠢ ᠰᠡᠷᠭᠡᠶᠢᠯᠡᠵᠦ᠂ ᠰᠢᠳᠦᠨ ᠤ ᠲᠣᠭᠤᠷᠢᠨ ᠤ ᠦᠷᠪᠢᠰᠦᠯ ᠠᠴᠠ ᠪᠣᠯᠵᠣ ᠰᠢᠳᠦᠨ ᠤ ᠵᠠᠪᠰᠠᠷ ᠢ ᠤᠯᠠᠮ ᠨᠢᠭᠡ ᠠᠯᠬᠤᠮ ᠶᠡᠬᠡᠳᠬᠡᠬᠦ ᠠᠴᠠ ᠰᠡᠷᠭᠡᠶᠢᠯᠡᠬᠦ ᠳᠤ ᠠᠰᠢᠭᠲᠠᠶ ᠪᠠᠶᠢᠳᠠᠭ᠃      2. ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ      ᠲᠠ ᠡᠳᠦᠷ ᠪᠦᠷᠢ ᠨᠠᠷᠢᠨ ᠬᠢᠨᠠᠮᠠᠭᠠᠶ ᠪᠠᠷ ᠰᠢᠳᠦ ᠪᠠᠨ ᠤᠬᠢᠶᠠᠵᠤ᠂ ᠲᠤᠭ᠎ᠠ ᠬᠡᠮᠵᠢᠶ᠎ᠡ ᠶᠢ ᠪᠠᠲᠤᠯᠠᠬᠤ ᠬᠡᠷᠡᠭᠲᠡᠶ ᠪᠠᠶᠢᠵᠤ ᠮᠡᠳᠡᠨ᠎ᠡ︔ ᠲᠠ ᠰᠢᠳᠦᠨ ᠤ ᠤᠲᠠᠰᠤ ᠬᠡᠷᠡᠭᠯᠡᠬᠦ ᠳᠡᠭᠡᠨ ᠣᠨᠴᠠ ᠠᠵᠢᠯᠴᠢ᠂ ᠠᠷᠭ᠎ᠠ ᠨᠢ ᠵᠥᠪ ᠪᠠᠶᠢᠵᠤ ᠮᠡᠳᠡᠨ᠎ᠡ︔ ᠲᠠ ᠥᠪᠡᠷ ᠤᠨ ᠪᠡᠶ᠎ᠡ ᠳᠡᠭᠡᠨ ᠢᠲᠡᠭᠡᠯ ᠲᠠᠢ ᠪᠠᠶᠢᠵᠤ ᠮᠡᠳᠡᠨ᠎ᠡ᠃ ᠬᠡᠦᠬᠡᠳ ᠪᠠᠭᠠᠴᠤᠳ ᠢ ᠭᠤᠷᠪᠠᠨ ᠰᠠᠷ᠎ᠠ ᠳᠤ ᠨᠢᠭᠡ ᠤᠳᠠᠭ᠎ᠠ ᠰᠢᠳᠦ ᠪᠠᠨ ᠪᠠᠶᠢᠴᠠᠭᠠᠵᠤ᠂ ᠨᠠᠰᠤᠨ ᠳᠤ ᠬᠦᠷᠦᠭᠰᠡᠳ ᠬᠠᠭᠠᠰ ᠵᠢᠯ ᠳᠤ ᠨᠢᠭᠡ ᠤᠳᠠᠭ᠎ᠠ ᠰᠢᠳᠦ ᠪᠠᠨ ᠦᠵᠡᠬᠦ ᠶᠢ ᠰᠠᠨᠠᠭᠤᠯᠤᠶ᠎ᠠ᠃ ᠢᠩᠭᠢᠵᠦ ᠬᠢᠬᠦ ᠨᠢ ᠠᠮᠠᠨ ᠬᠥᠨᠳᠡᠶ ᠶᠢᠨ ᠡᠮᠴᠢ ᠶᠢ ᠲᠤᠰᠬᠠᠶ ᠮᠡᠷᠭᠡᠵᠢᠯ ᠤᠨ ᠠᠷᠭ᠎ᠠ ᠪᠠᠷ ᠴᠢᠨᠦ ᠨᠢᠭᠤᠭᠳᠠᠮᠠᠯ ᠬᠤᠷᠣᠬᠠᠶᠢᠲᠤᠬᠤ ᠶᠢ ᠢᠯᠡᠷᠡᠭᠦᠯᠬᠦ ᠳᠤ ᠲᠤᠰᠠᠯᠠᠵᠤ᠂ ᠡᠩ ᠤᠨ ᠦᠶ᠎ᠡ ᠳᠤ ᠰᠢᠢᠳᠪᠦᠷᠢᠯᠡᠵᠦ ᠳᠡᠶᠢᠯᠬᠦ ᠦᠭᠡᠢ ᠥᠨᠴᠥᠭ ᠪᠤᠯᠤᠩ ᠢ ᠴᠡᠪᠡᠷᠯᠡᠵᠦ᠂ ᠰᠢᠳᠦ ᠬᠤᠷᠣᠬᠠᠶᠢᠲᠤᠬᠤ ᠪᠠ ᠰᠢᠳᠦᠨ ᠲᠣᠭᠤᠷᠢᠨ ᠤ ᠡᠪᠡᠳᠴᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ ᠴᠢᠳᠠᠨ᠎ᠠ᠃      3. ᠳᠣᠬᠢᠶ᠎ᠠ ᠶᠢ ᠴᠢᠬᠤᠯᠠᠴᠢᠯᠠᠵᠤ᠂ ᠡᠷᠲᠡ ᠣᠨᠣᠰᠢᠯᠠᠵᠤ ᠡᠷᠲᠡ ᠵᠠᠰᠠᠬᠤ      ᠬᠡᠷᠪᠡ ᠰᠡᠳᠬᠢᠯ ᠲᠠᠯᠪᠢᠨ ᠠᠵᠢᠭᠯᠠᠪᠠᠯ᠂ ᠠᠮᠠᠨ ᠤ ᠬᠥᠨᠳᠡᠶ ᠠᠴᠠ ᠭᠠᠷᠭᠠᠭᠰᠠᠨ ᠰᠡᠷᠡᠮᠵᠢ ᠶᠢᠨ ᠳᠣᠬᠢᠶ᠎ᠠ ᠶᠢ ᠣᠯᠵᠤ ᠮᠡᠳᠡᠨ᠂ ᠠᠮᠠᠨ ᠤ ᠬᠥᠨᠳᠡᠶ ᠳᠤ ᠨᠢᠭᠡᠨᠲᠡ ᠠᠰᠠᠭᠤᠳᠠᠯ ᠭᠠᠷᠤᠭᠰᠠᠨ ᠢ ᠰᠠᠨᠠᠭᠤᠯᠤᠨ᠎ᠠ᠄      ★ ᠰᠢᠳᠦᠨ ᠤ ᠬᠢᠨᠢ ᠳᠡᠭᠡᠷ᠎ᠡ ︽ᠬᠠᠷ᠎ᠠ ᠲᠣᠯᠪᠤ︾ ᠢᠯᠡᠷᠡᠭᠰᠡᠨ ᠪᠠᠶᠢᠨ᠎ᠠ᠃      ★ ᠰᠢᠳᠦ ᠬᠠᠯᠠᠭᠤᠨ ᠬᠦᠢᠲᠡᠨ ᠳᠤ ᠰᠣᠷᠭᠤᠭ᠂ ᠶᠠᠭᠤᠮ᠎ᠠ ᠵᠠᠭᠤᠬᠤ ᠳᠤ ᠠᠶ᠎ᠠ ᠦᠭᠡᠶ᠂ ᠰᠢᠳᠦ ᠡᠪᠡᠳᠳᠡᠭ      ★ ᠰᠢᠳᠦ ᠪᠠᠨ ᠱᠤᠸᠠᠰᠠᠳᠠᠬᠤ ᠦᠶ᠎ᠡ ᠳᠤ ᠪᠤᠶᠢᠯᠠ ᠠᠴᠠ ᠴᠢᠰᠤ ᠭᠠᠷᠴᠤ᠂ ᠰᠢᠳᠦ ᠬᠡᠯᠡᠨ ᠤ ᠬᠠᠵᠠᠭᠤ ᠳᠤᠨᠢ ᠪᠤᠶᠤ ᠬᠦᠵᠦᠭᠦᠨ ᠤ ᠬᠡᠰᠡᠭ ᠲᠤᠨᠢ ᠱᠤᠸᠠᠰᠠᠳᠠᠵᠤ ᠤᠨᠠᠭᠠᠵᠤ ᠳᠡᠶᠢᠯᠬᠦ ᠦᠭᠡᠶ ᠰᠢᠳᠦᠨ ᠤ ᠴᠢᠯᠠᠭᠤᠵᠢᠮᠠᠯ ᠲᠠᠢ ᠪᠠᠶᠢᠳᠠᠭ᠃      ★ ᠠᠮᠠᠨ ᠤ ᠬᠥᠨᠳᠡᠶ ᠰᠣᠨᠢᠨ ᠦᠨᠦᠷ ᠲᠠᠢ᠂ ᠪᠤᠶᠢᠯᠠ ᠤᠯᠠᠶᠢᠵᠤ ᠬᠠᠪᠤᠳᠤᠭᠰᠠᠨ ᠵᠡᠷᠭᠡ᠃      ᠳᠡᠭᠡᠷᠡᠬᠢ ᠡᠪᠡᠳᠴᠢᠨ ᠤ ᠪᠠᠶᠢᠳᠠᠯ ᠢ ᠣᠯᠵᠤ ᠮᠡᠳᠡᠪᠡᠯ ᠡᠷᠬᠡᠪᠰᠢ ᠴᠠᠭ ᠲᠤᠬᠠᠶ ᠳᠤᠨᠢ ᠡᠮᠨᠡᠭᠦᠯᠵᠦ᠂ ︽ᠪᠠᠭ᠎ᠠ ᠡᠪᠡᠳᠴᠢᠨ ᠢ ᠬᠦᠨᠳᠦ ᠡᠪᠡᠳᠴᠢᠨ ᠪᠣᠯᠭᠠᠬᠤ︾᠎ ᠠᠴᠠ ᠵᠠᠶᠢᠯᠠᠰᠬᠢᠬᠦ ᠬᠡᠷᠡᠭᠲᠡᠶ᠃       ᠰᠢᠳᠦ ᠪᠠᠨ ᠬᠠᠶᠢᠷᠠᠯᠠᠵᠤ ᠰᠢᠳᠦ ᠪᠠᠨ ᠬᠠᠮᠠᠭᠠᠯᠠᠬᠤ ᠳᠤ ᠪᠠᠭ᠎ᠠ ᠤᠴᠢᠷ ᠭᠡᠵᠦ ᠦᠭᠡᠶ᠂ ᠡᠷᠡᠭᠦᠯ ᠴᠢᠭᠢᠷᠠᠭ ᠠᠮᠢᠳᠤᠷᠠᠯ ᠳᠤ ᠨᠢᠭᠡ ᠪᠡᠶ᠎ᠡ ᠬᠥᠩᠭᠡᠨ ᠪᠠᠶᠢᠳᠠᠭ᠃ ᠠᠮᠠᠨ ᠬᠥᠨᠳᠡᠶ ᠶᠢᠨ ᠡᠷᠡᠭᠦᠯ ᠮᠡᠨᠳᠦ ᠶᠢ ᠠᠩᠬᠠᠷᠴᠤ᠂ ᠥᠨᠥᠳᠦᠷ ᠠᠴᠠ ᠡᠬᠢᠯᠡᠨ᠂ ᠣᠳᠣ ᠠᠴᠠ ᠡᠬᠢᠯᠡᠵᠦ ᠬᠢᠨ᠎ᠡ ᡽           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3